ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠸᠣ ᠸᠠᠩ ᠲᠢᠤᠢᠩ ᠦᠨ ᠤᠷᠢᠯᠭ᠎ᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠤᠰ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠾᠤ ᠠ ᠪᠢᠨᠢ ᠮᠤᠵᠢ ᠢᠢᠨ ᠯᠢᠤᠢᠭ᠌ ᠰᠥᠩ ᠠᠵᠤ ᠦᠢᠯᠡᠳᠪᠦᠷᠢ ᠢᠢᠨ ᠫᠠᠷᠺ ᠳ᠋ᠤ ᠠᠵᠢᠯᠯᠠᠵᠤ᠂ ᠦᠢᠯᠡ ᠠᠵᠢᠯᠯᠠᠭ᠎ᠠ ᠲᠠᠢ ᠨᠢ ᠲᠠᠨᠢᠯᠴᠠᠯ᠎ᠠ᠃
ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠤᠨ ᠲᠥᠯᠥᠪᠯᠡᠯᠲᠡ᠂ ᠬᠥᠷᠥᠩ᠋ᠭᠡ ᠣᠷᠣᠭᠤᠯᠤᠯᠲᠠ ᠢᠢᠨ ᠶᠠᠮᠤᠨ ᠠᠴᠠ ᠲᠤᠰ ᠤᠯᠤᠰ ᠤᠨ 63 ᠵᠠᠰᠠᠭ ᠵᠠᠬᠢᠷᠭᠠᠨ ᠤ ᠮᠤᠵᠢ ᠢᠢᠨ 61 ᠮᠤᠵᠢ᠂ ᠬᠣᠲᠠ ᠳ᠋ᠤ 563 ᠠᠵᠤ ᠦᠢᠯᠡᠳᠪᠦᠷᠢ ᠢᠢᠨ ᠫᠠᠷᠺ ᠪᠠᠢᠢᠭᠤᠯᠬᠤ ᠪᠠᠷ ᠲᠥᠯᠥᠪᠯᠡᠭᠰᠡᠨ ᠪᠥᠭᠡᠳ 2023 ᠣᠨ ᠤ ᠪᠠᠢᠢᠳᠠᠯ ᠢᠶᠠᠷ 397 ᠠᠵᠤ ᠦᠢᠯᠡᠳᠪᠦᠷᠢ ᠢᠢᠨ ᠫᠠᠷᠺ ᠪᠠᠢᠢᠭᠤᠯᠤᠭᠳᠠᠭᠰᠠᠨ ᠪᠠᠢᠢᠨ᠎ᠠ᠃
ᠾᠤ ᠠ ᠪᠢᠨᠢ ᠮᠤᠵᠢ ᠳᠤ 8 ᠠᠵᠤ ᠦᠢᠯᠡᠳᠪᠦᠷᠢ ᠢᠢᠨ ᠫᠠᠷᠺ ᠪᠠᠢᠢᠭᠤᠯᠬᠤ ᠰᠢᠢᠳᠪᠦᠷᠢ ᠢᠢ ᠭᠠᠷᠭᠠᠭᠰᠠᠨ ᠪᠥᠭᠡᠳ 2 ᠠᠵᠤ ᠦᠢᠯᠡᠳᠪᠦᠷᠢ ᠢᠢᠨ ᠫᠠᠷᠺ ᠦᠢᠯᠡ ᠠᠵᠢᠯᠯᠠᠭ᠎ᠠ ᠢᠢ ᠪᠠᠨ ᠡᠬᠢᠯᠡᠭᠦᠯᠦᠭᠰᠡᠨ ᠪᠠᠢᠢᠨ᠎ᠠ᠃ 《ᠯᠢᠤᠢᠭ᠌ ᠰᠥᠩ》 ᠠᠵᠤ ᠦᠢᠯᠡᠳᠪᠦᠷᠢ ᠢᠢᠨ ᠫᠠᠷᠺ ᠨᠢ 2010 ᠣᠨ ᠳᠤ ᠪᠠᠢᠢᠭᠤᠯᠤᠭᠳᠠᠭᠰᠠᠨ ᠪᠥᠭᠡᠳ ᠾᠤ ᠠ ᠪᠢᠨᠢ ᠮᠤᠵᠢ ᠳᠤ 230 ᠭᠠ᠂ ᠲᠠᠯᠠᠪᠠᠢ ᠭᠠᠵᠠᠷ ᠢ ᠬᠠᠮᠤᠷᠴᠤ ᠪᠠᠢᠢᠨ᠎ᠠ᠃
ᠬᠥᠳᠡᠭᠡ ᠠᠵᠤ ᠠᠬᠤᠢ ᠢᠢᠨ ᠭᠠᠷᠤᠯᠲᠠᠢ ᠪᠦᠲᠦᠭᠡᠭ᠍ᠳᠡᠬᠦᠨ ᠪᠣᠯᠪᠠᠰᠤᠷᠠᠭᠤᠯᠬᠤ᠂ ᠪᠠᠷᠢᠯᠭ᠎ᠠ ᠢᠢᠨ ᠮᠠᠲ᠋ᠧᠷᠢᠶᠠᠯ᠂ ᠨᠠᠷᠠᠨ ᠤ ᠴᠠᠬᠢᠯᠭᠠᠨ ᠬᠠᠪᠲᠠᠩ ᠤᠭᠰᠠᠷᠠᠯᠲᠠ᠂ ᠥᠷᠭᠡᠨ ᠬᠡᠷᠡᠭᠯᠡᠭᠡᠨ ᠦ ᠪᠠᠷᠠᠭ᠎ᠠ ᠪᠦᠲᠦᠭᠡᠭ᠍ᠳᠡᠬᠦᠨ ᠦ ᠦᠢᠯᠡᠳᠪᠦᠷᠢᠯᠡᠯ᠂ ᠪᠠᠢᠢᠭᠠᠯᠢ ᠣᠷᠴᠢᠨ ᠳᠤ ᠡᠭᠡᠯᠢᠲᠡᠢ ᠠᠵᠤ ᠦᠢᠯᠡᠳᠪᠦᠷᠢ ᠢᠢ ᠳᠡᠮᠵᠢᠬᠦ ᠵᠣᠷᠢᠯᠭ᠎ᠠ ᠲᠠᠢ ᠫᠠᠷᠺ ᠶᠤᠮ᠃
ᠯᠢᠤᠢᠨᠭ᠌ ᠰᠥᠩ ᠠᠵᠤ ᠦᠢᠯᠡᠳᠪᠦᠷᠢ ᠢᠢᠨ ᠫᠠᠷᠺ ᠨᠢ ᠪᠠᠢᠢᠭᠤᠯᠤᠭᠳᠠᠭᠰᠠᠨ ᠠᠴᠠ ᠪᠠᠨ ᠬᠣᠢᠢᠰᠢ ᠨᠡᠢᠢᠲᠡ 300 ᠰᠠᠶ᠎ᠠ ᠠᠮᠠ.ᠳ᠋ᠣᠯᠯᠠᠷ ᠤᠨ ᠭᠠᠳᠠᠭᠠᠳᠤ ᠤᠨ ᠰᠢᠭᠤᠳ ᠬᠥᠷᠥᠩ᠋ᠭᠡ ᠣᠷᠣᠭᠤᠯᠤᠯᠲᠠ ᠢᠢ ᠶᠠᠫᠣᠨ᠂ ᠰᠣᠯᠣᠩ᠋ᠭᠣᠰ᠂ ᠡᠨᠡᠳᠬᠡᠭ᠌ ᠦᠨ 30 ᠣᠷᠴᠢᠮ ᠠᠵᠤ ᠠᠬᠤᠢ ᠨᠢᠭᠡᠴᠡ ᠨᠦᠭᠦᠳ ᠡᠴᠡ ᠲᠠᠲᠠᠵᠠᠢ᠃ ᠪᠥᠰᠡ ᠨᠤᠲᠤᠭ ᠲᠤ ᠨᠡᠢᠢᠲᠡ 15 ᠮᠢᠩ᠋ᠭ᠎ᠠ ᠭᠠᠷᠤᠢ ᠠᠵᠢᠯ ᠤᠨ ᠪᠠᠢᠢᠷᠢ ᠢᠢ ᠪᠤᠢ ᠪᠣᠯᠭᠠᠵᠤ᠂ ᠤᠯᠤᠰ ᠤᠨ ᠪᠣᠯᠤᠨ ᠣᠷᠣᠨ ᠨᠤᠲᠤᠭ ᠤᠨ ᠨᠡᠢᠢᠭᠡᠮ᠂ ᠡᠳ᠋ ᠍ ᠦᠨ ᠵᠠᠰᠠᠭ ᠤᠨ ᠬᠥᠭ᠍ᠵᠢᠯ ᠳ᠋ᠦ ᠲᠣᠳᠣᠷᠬᠠᠢ ᠬᠤᠪᠢ ᠨᠡᠮᠡᠷᠢ ᠣᠷᠣᠭᠤᠯᠵᠤ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠤᠰ ᠫᠠᠷᠺ ᠳ᠋ᠤ ᠠᠵᠢᠯᠯᠠᠬᠤ ᠦᠶ᠎ᠡ ᠪᠡᠷ ᠢᠶᠡᠨ ᠠᠦ᠋ᠲ᠋ᠣᠮᠠᠰᠢᠨ ᠤ ᠰᠠᠯᠬᠢᠨ ᠤ ᠰᠢᠯᠢ ᠠᠷᠴᠢᠭᠴᠢ ᠦᠢᠯᠡᠳᠪᠦᠷᠢᠯᠡᠵᠦ ᠪᠤᠢ 《Cap Global》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠂ ᠮᠣᠲ᠋ᠣᠴᠢᠺᠯ ᠤᠨ ᠰᠡᠯᠪᠢᠭ᠌ ᠦᠢᠯᠡᠳᠪᠦᠷᠢᠯᠡᠭᠴᠢ 《Nissin Manufacturing Vietnam》ᠬᠢᠵᠠᠭᠠᠷᠯᠠᠭᠳᠠᠮᠠᠯ ᠬᠠᠷᠢᠭᠤᠴᠠᠯᠭᠠᠲᠠᠢ ᠺᠣᠮᠫᠠᠨᠢ ᠂ ᠨᠠᠷᠠᠨ ᠤ ᠫᠠᠨᠧᠯ ᠦᠢᠯᠡᠳᠪᠦᠷᠢᠯᠡᠭᠴᠢ 《CRC Solar Cell》ᠬᠤᠪᠢᠴᠠᠭᠠᠲᠤ ᠺᠣᠮᠫᠠᠨᠢ ᠍ ᠲᠤ ᠲᠤᠰ ᠲᠤᠰ ᠵᠣᠴᠢᠯᠠᠯ᠎ᠠ᠃