Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠲᠤ ᠰᠤᠷᠤᠯᠴᠠᠵᠤ ᠪᠤᠢ ᠣᠶᠤᠲᠠᠨ ᠨᠤᠭᠤᠳ ᠲᠠᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠢᠶᠠᠨ ᠦᠶ᠎ᠡ ᠪᠡᠷ ᠲᠤᠰ ᠤᠯᠤᠰ ᠲᠤ ᠰᠤᠷᠤᠯᠴᠠᠵᠤ ᠪᠤᠢ ᠮᠣᠩ᠋ᠭᠣᠯ ᠣᠶᠤᠲᠠᠨ ᠨᠤᠭᠤᠳ ᠲᠠᠢ ᠠᠭᠤᠯᠵᠠᠯ᠎ᠠ᠃

ᠣᠳᠣ ᠪᠠᠷ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠲᠤ ᠨᠡᠢᠢᠲᠡ 34 ᠮᠣᠩ᠋ᠭᠣᠯ ᠣᠶᠤᠲᠠᠨ ᠰᠤᠷᠤᠯᠴᠠᠵᠤ ᠪᠤᠢ ᠪᠥᠭᠡᠳ ᠡᠭᠦᠨ ᠦ 11 ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠢᠯᠡᠭᠡᠯᠲᠡ-2100》 ᠬᠥᠲᠦᠯᠪᠦᠷᠢ ᠢᠢᠨ ᠬᠦᠷᠢᠶᠡᠨ ᠳᠥ ᠰᠤᠷᠤᠯᠴᠠᠵᠤ ᠪᠠᠢᠢᠭ᠎ᠠ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠣᠶᠤᠲᠠᠨ ᠨᠤᠭᠤᠳ ᠲᠤ ᠬᠠᠨᠳᠤᠨ ᠬᠡᠯᠡᠭᠰᠡᠨ ᠦᠭᠡᠨ ᠳᠥ ᠪᠡᠨ᠂ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠲᠤᠰ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠠᠮᠵᠢᠯᠲᠠ ᠲᠠᠢ᠂ ᠥᠨᠳᠦᠷ ᠦᠷ᠎ᠡ ᠳ᠋ᠦᠩ ᠲᠡᠢ ᠪᠣᠯᠤᠭᠰᠠᠨ ᠪᠥᠭᠡᠳ ᠢᠷᠡᠬᠦ ᠣᠨ ᠳᠤ ᠲᠣᠬᠢᠶᠠᠬᠤ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 70 ᠵᠢᠯ ᠦᠨ ᠣᠢ ᠢᠢ ᠲᠣᠬᠢᠶᠠᠯᠳᠤᠭᠤᠯᠤᠨ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠧᠲ᠋ᠨᠠᠮ ᠤᠯᠤᠰ ᠤᠨ ᠶᠡᠷᠦᠩᠬᠡᠢᠢᠯᠡᠭᠴᠢ ᠮᠣᠩ᠋ᠭᠣᠯ ᠤᠯᠤᠰ ᠲᠤ ᠠᠢᠢᠯᠴᠢᠯᠠᠬᠤ ᠪᠠᠷ ᠪᠣᠯᠤᠭᠰᠠᠨ ᠢ ᠬᠡᠯᠡᠯ᠎ᠡ᠃

ᠢᠷᠡᠬᠦ ᠵᠢᠯ ᠦᠳ ᠲᠥ ᠨᠠᠢᠢᠷᠰᠠᠭ ᠬᠠᠷᠢᠯᠴᠠᠭ᠎ᠠ ᠲᠠᠢ ᠮᠣᠩ᠋ᠭᠣᠯ᠂ ᠸᠢᠧᠲ᠋ᠨᠠᠮ ᠤᠨ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠳᠥ ᠸᠢᠧᠲ᠋ᠨᠠᠮ ᠬᠡᠯᠡ ᠲᠡᠢ ᠪᠣᠯᠪᠠᠰᠤᠨ ᠬᠦᠴᠦᠨ ᠴᠢᠬᠤᠯᠠ ᠡᠭᠦᠷᠭᠡ ᠭᠦᠢᠴᠡᠳᠭᠡᠨ᠎ᠡ ᠭᠡᠳᠡᠭ ᠢ ᠣᠨᠴᠠᠯᠠᠵᠤ᠂ ᠰᠤᠷᠤᠯᠭ᠎ᠠ ᠢᠢᠨ ᠥᠨᠳᠥᠷ ᠠᠮᠵᠢᠯᠲᠠ ᠬᠦᠰᠡᠪᠡ᠃

ᠮᠥᠨ ᠬᠦᠮᠦᠨ ᠪᠦᠷᠢ ᠰᠤᠷᠤᠯᠴᠠᠬᠤ ᠬᠤᠭᠤᠴᠠᠭᠠᠨ ᠳᠤ ᠪᠠᠨ ᠡᠬᠡ ᠣᠷᠣᠨ ᠢᠶᠠᠨ ᠲᠥᠯᠦᠭᠡᠯᠡᠵᠦ ᠪᠤᠢ ᠢᠢ ᠪᠠᠨ ᠦᠷᠭᠦᠯᠵᠢ ᠰᠠᠨᠠᠵᠤ᠂ ᠡᠪ ᠨᠢᠭᠡᠳᠦᠯ᠂ ᠨᠡᠷ᠎ᠡ ᠲᠥᠷᠦ ᠪᠡᠨ ᠡᠷᠬᠢᠮᠯᠡᠵᠦ ᠶᠠᠪᠤᠬᠤ ᠢᠢ ᠵᠠᠬᠢᠯ᠎ᠠ᠃