Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ ᠲᠥ ᠭᠠᠷ ᠤᠨ ᠦᠰᠦᠭ ᠵᠢᠷᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠬᠦᠷᠢᠶᠡᠨ ᠳᠥ 2023 ᠣᠨ ᠤ 11 ᠳ᠋ᠤᠭᠡᠷ ᠰᠠᠷ᠎ᠠ ᠢᠢᠨ 6 ᠍ ᠤ ᠡᠳᠦᠷ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠳᠠᠷᠠᠭᠠᠬᠢ ᠪᠠᠷᠢᠮᠲᠠ ᠪᠢᠴᠢᠭ᠌ ᠢ ᠪᠠᠢᠢᠭᠤᠯᠪᠠ᠃

《ᠠᠭᠠᠷ ᠤᠨ ᠬᠠᠷᠢᠯᠴᠠᠭᠠᠨ ᠤ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》 ᠍ ᠲᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠵᠦ ᠭᠠᠳᠠᠭᠠᠳᠤ ᠬᠠᠷᠢᠯᠴᠠᠭᠠᠨ ᠤ ᠰᠠᠢᠢᠳ ᠪᠠ᠊᠂ ᠪᠠᠲᠤᠴᠡᠴᠡᠭ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠵᠦ ᠨᠡᠢᠢᠲᠡ ᠢᠢᠨ ᠠᠵᠤ ᠠᠬᠤᠢ᠂ ᠲᠡᠭᠡᠭᠡᠪᠦᠷᠢ ᠢᠢᠨ ᠰᠠᠢᠢᠳ ᠨᠠᠮᠫᠠᠰᠣ‍ ᠮᠤᠢᠠᠨ᠋ᠮᠠᠨᠢ ᠨᠠᠷ ᠭᠠᠷ ᠤᠨ ᠦᠰᠦᠭ ᠵᠢᠷᠤᠯ᠎ᠠ᠃
ᠬᠡᠯᠡᠯᠴᠡᠭᠡᠷ ᠨᠢ ᠬᠣᠶᠠᠷ ᠤᠯᠤᠰ ᠤᠨ ᠠᠭᠠᠷ ᠤᠨ ᠲᠡᠭᠡᠭᠡᠪᠦᠷᠢᠯᠡᠭᠴᠢᠳ ᠰᠢᠭᠤᠳ ᠪᠣᠯᠤᠨ ᠺᠠᠷᠭᠣ᠊ ᠲᠡᠭᠡᠭᠡᠪᠦᠷᠢ ᠢᠢᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠨᠢᠰᠦᠯᠭᠡ ᠦᠢᠯᠡᠳᠬᠦ ᠪᠣᠯᠤᠮᠵᠢ ᠢᠢ ᠪᠦᠷᠢᠳᠦᠭᠦᠯᠬᠦ ᠢᠢᠨ ᠵᠡᠷᠭᠡᠴᠡᠭᠡ ᠵᠡᠭᠦᠨ ᠡᠮᠦᠨᠡᠲᠦ ᠠᠽᠢ ᠢᠢᠨ ᠣᠷᠣᠨ ᠨᠤᠭᠤᠳ ᠤᠷᠤᠭᠤ ᠰᠢᠨ᠎ᠡ ᠪᠡᠷ ᠨᠡᠭᠡᠭᠡᠬᠦ ᠨᠢᠰᠦᠯᠭᠡ ᠢᠢᠨ ᠵᠠᠪᠰᠠᠷ ᠤᠨ ᠴᠡᠭ ᠪᠣᠯᠭᠠᠨ ᠠᠰᠢᠭᠯᠠᠬᠤ ᠪᠣᠯᠤᠮᠵᠢ ᠪᠥᠷᠢᠳᠦᠨ᠎ᠡ᠃

《ᠮᠠᠯ ᠡᠮᠨᠡᠯᠭᠡ᠂ ᠮᠠᠯ ᠠᠮᠢᠲᠠᠨ ᠤ ᠬᠣᠷᠢᠭ᠎ᠠ ᠴᠡᠭᠡᠷ ᠦᠨ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》 ᠍ ᠲᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠵᠦ ᠬᠦᠨᠡᠰᠦ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ ᠢᠢᠨ ᠰᠠᠢᠢᠳ ᠬᠠ‍᠂ ᠪᠣᠯᠣᠷᠴᠢᠯᠠᠭᠤᠨ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠵᠦ ᠬᠥᠳᠡᠭᠡ ᠠᠵᠤ ᠠᠬᠤᠢ᠂ ᠣᠢ ᠢᠢᠨ ᠰᠠᠢᠢᠳ ᠫᠡᠲ ᠫᠦ᠋ᠮᠫᠢᠫᠠᠺ ᠨᠠᠷ ᠭᠠᠷ ᠤᠨ ᠦᠰᠦᠭ ᠵᠢᠷᠤᠯ᠎ᠠ᠃
ᠡᠨᠡ ᠬᠦ ᠬᠡᠯᠡᠯᠴᠡᠭᠡᠷ ᠢ ᠪᠠᠢᠢᠭᠤᠯᠤᠭᠰᠠᠨ ᠢᠶᠠᠷ ᠬᠣᠶᠠᠷ ᠤᠯᠤᠰ ᠤᠨ ᠬᠣᠭᠣᠷᠣᠨᠳᠣ ᠮᠠᠯ᠂ ᠠᠮᠢᠲᠠᠨ ᠲᠡᠳᠡᠭᠡᠷ ᠦᠨ ᠭᠠᠷᠤᠯᠲᠠᠢ ᠪᠦᠲᠦᠭᠡᠭ᠍ᠳᠡᠬᠦᠨ᠂ ᠲᠭᠦᠬᠡᠢ ᠡᠳ᠋ ᠪᠣᠯᠤᠨ ᠮᠠᠯ᠂ ᠠᠮᠢᠲᠠᠨ ᠤ ᠡᠮ ᠪᠡᠯᠡᠳᠦᠮᠡᠯ᠂ ᠲᠡᠵᠢᠭᠡᠯ ᠵᠡᠷᠭᠡ ᠪᠦᠲᠦᠭᠡᠭ᠍ᠳᠡᠬᠦᠨ ᠢ ᠢᠮᠫᠤᠷᠲ᠋ᠯᠠᠬᠤ᠂ ᠡᠺᠰᠫᠣᠷᠲ᠋ᠯᠠᠬᠤ ᠪᠣᠯᠤᠨ ᠳᠠᠮᠵᠢᠨ ᠥᠩ᠋ᠭᠡᠷᠡᠭᠦᠯᠬᠦ ᠶᠠᠪᠤᠴᠠ ᠢᠢ ᠬᠤᠷᠳᠤᠰᠬᠠᠵᠤ᠂ ᠮᠠᠯ ᠡᠮᠨᠡᠯᠭᠡ᠂ ᠮᠠᠯ ᠠᠮᠢᠲᠠᠨ ᠤ ᠬᠣᠷᠢᠭ᠎ᠠ ᠴᠡᠭᠡᠷ ᠦᠨ ᠨᠥᠬᠥᠴᠡᠯ ᠢ ᠬᠥᠩ᠋ᠭᠡᠪᠴᠢᠯᠡᠨ᠎ᠡ᠃

ᠤᠷᠭᠤᠮᠠᠯ ᠬᠠᠮᠠᠭᠠᠯᠠᠯ᠂ ᠬᠣᠷᠢᠭ᠎ᠠ ᠴᠡᠭᠡᠷ ᠦᠨ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠪᠣᠯᠤᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠵᠠᠰᠠᠭ ᠤᠨ ᠭᠠᠵᠠᠷ ᠤᠨ ᠬᠣᠭᠣᠷᠣᠨᠳᠣ ᠢᠢᠨ ᠬᠡᠯᠡᠯᠴᠡᠭᠡᠷ》 ᠍ ᠲᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠵᠦ ᠬᠦᠨᠡᠰᠦ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ ᠢᠢᠨ ᠰᠠᠢᠢᠳ ᠬᠠ‍᠂ ᠪᠣᠯᠣᠷᠴᠢᠯᠠᠭᠤᠨ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠵᠦ ᠬᠥᠳᠡᠭᠡ ᠠᠵᠤ ᠠᠬᠤᠢ᠂ ᠣᠢ ᠢᠢᠨ ᠰᠠᠢᠢᠳ ᠫᠡᠲ ᠫᠦ᠋ᠮᠫᠢᠫᠠᠺ ᠨᠠᠷ ᠭᠠᠷ ᠤᠨ ᠦᠰᠦᠭ ᠵᠢᠷᠤᠯ᠎ᠠ᠃
ᠬᠡᠯᠡᠯᠴᠡᠭᠡᠷ ᠢᠶᠡᠷ ᠤᠷᠭᠤᠮᠠᠯ᠂ ᠤᠷᠭᠤᠮᠠᠯ ᠤᠨ ᠭᠠᠷᠤᠯᠲᠠᠢ ᠪᠦᠲᠦᠭᠡᠭ᠍ᠳᠡᠬᠦᠨ ᠳᠥ ᠬᠥᠨᠦᠭᠡᠯᠲᠡᠢ ᠬᠣᠣᠷᠲᠠᠨ ᠰᠢᠪᠠᠵᠢ ᠬᠣᠶᠠᠷ ᠤᠯᠤᠰ ᠤᠨ ᠨᠤᠲᠤᠭ ᠳᠡᠪᠢᠰᠬᠡᠷ ᠲᠥ ᠲᠠᠷᠬᠠᠬᠤ ᠠᠴᠠ ᠤᠷᠢᠳᠴᠢᠯᠠᠨ ᠰᠡᠷᠭᠡᠢᠢᠯᠡᠬᠦ᠂ ᠬᠠᠮᠠᠭᠠᠯᠠᠬᠤ ᠪᠣᠯᠤᠨ ᠬᠣᠶᠠᠷ ᠤᠯᠤᠰ ᠤᠨ ᠬᠣᠭᠣᠷᠣᠨᠳᠣ ᠢᠢᠨ ᠤᠷᠭᠤᠮᠠᠯ᠂ ᠤᠷᠭᠤᠮᠠᠯ ᠤᠨ ᠭᠠᠷᠤᠯᠲᠠᠢ ᠪᠦᠲᠦᠭᠡᠭ᠍ᠳᠡᠬᠦᠨ᠂ ᠦᠷ᠎ᠡ ᠢᠢᠨ ᠬᠤᠳᠠᠯᠳᠤᠭ᠎ᠠ ᠢᠢ ᠬᠥᠩ᠋ᠭᠡᠪᠴᠢᠯᠡᠬᠦ ᠪᠣᠯᠤᠮᠵᠢ ᠢᠢ ᠪᠦᠷᠢᠳᠦᠭᠦᠯᠦᠨ᠎ᠡ᠃

《ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠬᠣᠭᠣᠷᠣᠨᠳᠣ ᠬᠠᠮᠲᠤᠷᠠᠨ ᠠᠵᠢᠯᠯᠠᠬᠤ ᠰᠠᠨᠠᠮᠵᠢ ᠪᠢᠴᠢᠭ᠌》 ᠍ ᠲᠤ ᠮᠣᠩ᠋ᠭᠣᠯ ᠤᠨ ᠲᠠᠯ᠎ᠠ ᠢᠢ ᠲᠥᠯᠦᠭᠡᠯᠡᠵᠦ ᠭᠠᠳᠠᠭᠠᠳᠤ ᠬᠠᠷᠢᠯᠴᠠᠭᠠᠨ ᠤ ᠰᠠᠢᠢᠳ ᠪᠠ‍᠂ ᠪᠠᠲᠤᠴᠡᠴᠡᠭ᠂ ᠯᠠᠣᠰ ᠤᠨ ᠲᠠᠯ᠎ᠠ ᠢᠢ ᠲᠥᠯᠦᠭᠡᠯᠡᠵᠦ ᠰᠠᠢᠢᠳ ᠪᠥᠭᠡᠳ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠺᠠᠮᠠᠰᠢ ᠹᠣᠯᠰᠡᠨᠠ ᠨᠠᠷ ᠭᠠᠷ ᠤᠨ ᠦᠰᠦᠭ ᠵᠢᠷᠤᠯ᠎ᠠ᠃
ᠬᠣᠶᠠᠷ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠰᠠᠢᠢᠨ ᠲᠤᠷᠰᠢᠯᠭ᠎ᠠ ᠬᠠᠷᠢᠯᠴᠠᠨ ᠰᠤᠯᠢᠯᠴᠠᠬᠤ᠂ ᠠᠯᠪᠠᠨ ᠬᠠᠭᠠᠭᠴᠢᠳ ᠤᠨ ᠴᠢᠳᠠᠪᠬᠢ ᠢᠢ ᠨᠡᠮᠡᠭᠳᠡᠭᠦᠯᠬᠦ ᠴᠢᠭᠯᠡᠯ ᠢᠶᠡᠷ ᠬᠠᠮᠲᠤᠷᠠᠵᠤ ᠠᠵᠢᠯᠯᠠᠬᠤ ᠵᠡᠷᠭᠡ ᠠᠰᠠᠭᠤᠳᠠᠯ ᠢ ᠰᠠᠨᠠᠮᠵᠢ ᠪᠢᠴᠢᠭ᠌ ᠢᠶᠡᠷ ᠲᠣᠬᠢᠷᠠᠯᠴᠠᠪᠠ᠃

《ᠠᠶᠠᠯᠠᠯ ᠵᠢᠭᠤᠯᠴᠢᠯᠠᠯ ᠤᠨ ᠰᠠᠯᠪᠤᠷᠢ ᠲᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠮᠡᠳᠡᠭᠡᠯᠡᠯ᠂ ᠰᠣᠶᠣᠯ᠂ ᠠᠶᠠᠯᠠᠯ ᠵᠢᠭᠤᠯᠴᠢᠯᠠᠯ ᠤᠨ ᠶᠠᠮᠤᠨ ᠬᠣᠭᠣᠷᠣᠨᠳᠣ ᠢᠢᠨ ᠬᠡᠯᠡᠯᠴᠡᠭᠡᠷ》 ᠍ ᠲᠤ ᠮᠣᠩ᠋ᠭᠣᠯ ᠤᠨ ᠲᠠᠯ᠎ᠠ ᠢᠢ ᠲᠥᠯᠦᠭᠡᠯᠡᠵᠦ ᠭᠠᠳᠠᠭᠠᠳᠤ ᠬᠠᠷᠢᠯᠴᠠᠭᠠᠨ ᠤ ᠰᠠᠢᠢᠳ ᠪᠠ‍᠂ ᠪᠠᠲᠤᠴᠡᠴᠡᠭ᠂ ᠯᠠᠣᠰ ᠤᠨ ᠲᠠᠯ᠎ᠠ ᠢᠢ ᠲᠥᠯᠦᠭᠡᠯᠡᠵᠦ ᠮᠡᠳᠡᠭᠡᠯᠡᠯ᠂ ᠰᠣᠶᠣᠯ᠂ ᠠᠶᠠᠯᠠᠯ ᠵᠢᠭᠤᠯᠴᠢᠯᠠᠯ ᠤᠨ ᠰᠠᠢᠢᠳ ᠰᠤᠢᠠᠨᠰᠠᠸᠩ ᠸᠢᠶᠠᠭᠧᠲ ᠨᠠᠷ ᠭᠠᠷ ᠤᠨ ᠦᠰᠦᠭ ᠵᠢᠷᠤᠯ᠎ᠠ᠃
ᠡᠨᠡ ᠬᠦ ᠬᠡᠯᠡᠯᠴᠡᠭᠡᠷ ᠨᠢ ᠬᠣᠶᠠᠷ ᠤᠯᠤᠰ ᠤᠨ ᠬᠣᠭᠣᠷᠣᠨᠳᠣ ᠲᠣᠭᠲᠠᠪᠤᠷᠢᠲᠠᠢ ᠠᠶᠠᠯᠠᠯ ᠵᠢᠭᠤᠯᠴᠢᠯᠠᠯ ᠤᠨ ᠠᠴᠢ ᠬᠣᠯᠪᠣᠭᠳᠠᠯ᠂ ᠠᠶᠠᠯᠠᠯ ᠵᠢᠭᠤᠯᠴᠢᠯᠠᠯ ᠤᠨ ᠬᠥᠭ᠍ᠵᠢᠯ ᠦᠨ ᠪᠠᠢᠢᠭᠠᠯᠢ ᠣᠷᠴᠢᠨ᠂ ᠡᠳ᠋ ᠍ ᠦᠨ ᠵᠠᠰᠠᠭ᠂ ᠨᠡᠢᠢᠭᠡᠮ᠂ ᠰᠣᠶᠣᠯ ᠤᠨ ᠠᠰᠠᠭᠤᠳᠠᠯ ᠢ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ᠂ ᠬᠣᠶᠠᠷ ᠲᠠᠯ᠎ᠠ ᠢᠢᠨ ᠵᠣᠬᠢᠴᠠᠭᠤᠯᠤᠯᠲᠠ ᠢᠢᠨ ᠦᠢᠯᠡ ᠠᠵᠢᠯᠯᠠᠭ᠎ᠠ ᠪᠠᠷ ᠰᠢᠢᠳᠪᠦᠷᠢᠯᠡᠬᠦ ᠵᠠᠮ ᠢᠶᠠᠷ ᠦᠷ᠎ᠡ ᠳ᠋ᠦᠩ ᠲᠡᠢ᠂ ᠤᠷᠲᠤ ᠬᠤᠭᠤᠴᠠᠭᠠᠨ ᠤ ᠰᠢᠢᠳᠦᠯ ᠡᠷᠦᠯᠬᠢᠯᠡᠬᠦ᠂ ᠮᠥᠨ ᠲᠣᠭᠲᠠᠪᠤᠷᠢᠲᠠᠢ ᠠᠶᠠᠯᠠᠯ ᠵᠢᠭᠤᠯᠴᠢᠯᠠᠯ ᠢ ᠬᠥᠬᠢᠬᠥᠯᠥᠨ ᠳᠡᠮᠵᠢᠬᠦ ᠵᠣᠷᠢᠯᠭ᠎ᠠ ᠲᠠᠢ᠃

《ᠪᠠᠢᠢᠭᠠᠯᠢ ᠤᠨ ᠨᠥᠭᠡᠴᠡ᠂ ᠪᠠᠢᠢᠭᠠᠯᠢ ᠣᠷᠴᠢᠨ ᠢ ᠬᠠᠮᠠᠭᠠᠯᠠᠬᠤ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤᠨ ᠪᠣᠯᠤᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠪᠠᠢᠢᠭᠠᠯᠢ ᠤᠨ ᠨᠥᠭᠡᠴᠡ᠂ ᠪᠠᠢᠢᠭᠠᠯᠢ ᠣᠷᠴᠢᠨ ᠤ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》 ᠍ ᠲᠤ ᠮᠣᠩ᠋ᠭᠣᠯ ᠤᠨ ᠲᠠᠯ᠎ᠠ ᠢᠢ ᠲᠥᠯᠦᠭᠡᠯᠡᠵᠦ ᠭᠠᠳᠠᠭᠠᠳᠤ ᠬᠠᠷᠢᠯᠴᠠᠭᠠᠨ ᠤ ᠰᠠᠢᠢᠳ ᠪᠠ‍᠂ ᠪᠠᠲᠤᠴᠡᠴᠡᠭ᠂ ᠯᠠᠣᠰ ᠤᠨ ᠲᠠᠯ᠎ᠠ ᠢᠢ ᠲᠥᠯᠦᠭᠡᠯᠡᠵᠦ ᠪᠠᠢᠢᠭᠠᠯᠢ ᠤᠨ ᠨᠥᠭᠡᠴᠡ᠂ ᠪᠠᠢᠢᠭᠠᠯᠢ ᠣᠷᠴᠢᠨ ᠤ ᠰᠠᠢᠢᠳ ᠪᠤᠢᠨᠾᠠᠮ ᠸᠣᠷᠠᠴᠢᠲ ᠨᠠᠷ ᠭᠠᠷ ᠤᠨ ᠦᠰᠦᠭ ᠵᠢᠷᠤᠯ᠎ᠠ᠃
ᠰᠠᠨᠠᠮᠵᠢ ᠪᠢᠴᠢᠭ᠌ ᠦᠨ ᠬᠦᠷᠢᠶᠡᠨ ᠳᠥ ᠲᠠᠯ᠎ᠠ ᠨᠤᠭᠤᠳ ᠠᠭᠠᠷ ᠤᠨ ᠪᠣᠬᠢᠷᠳᠠᠯ ᠢ ᠪᠠᠭᠤᠷᠠᠭᠤᠯᠬᠤ᠂ ᠡᠺᠣᠰᠢᠰᠲ᠋ᠧᠮ ᠦᠨ ᠨᠥᠬᠥᠨ ᠰᠡᠷᠭᠦᠭᠡᠯᠲᠡ ᠪᠣᠯᠤᠨ ᠣᠢ ᠢᠢᠨ ᠲᠣᠭᠲᠠᠪᠤᠷᠢᠲᠠᠢ ᠮᠧᠨᠧᠵᠮᠧᠨᠲ ᠵᠡᠷᠭᠡ ᠪᠠᠢᠢᠭᠠᠯᠢ ᠤᠨ ᠨᠥᠭᠡᠴᠡ᠂ ᠪᠠᠢᠢᠭᠠᠯᠢ ᠣᠷᠴᠢᠨ ᠢ ᠬᠠᠮᠠᠭᠠᠯᠠᠬᠤ ᠴᠢᠭᠯᠡᠯ ᠢᠶᠡᠷ ᠬᠠᠮᠲᠤᠷᠠᠨ ᠠᠵᠢᠯᠯᠠᠬᠤ ᠬᠥᠲᠥᠯᠪᠦᠷᠢ ᠢᠢᠨ ᠨᠠᠷᠢᠪᠴᠢᠯᠠᠭᠰᠠᠨ ᠰᠠᠨᠠᠯ᠂ ᠬᠡᠷᠡᠭᠵᠢᠭᠦᠯᠬᠦ ᠲᠥᠯᠥᠪᠯᠡᠭᠡ ᠢᠢ ᠬᠠᠮᠲᠤᠷᠠᠨ ᠲᠣᠬᠢᠷᠠᠬᠤ ᠨᠥᠬᠥᠴᠡᠯ ᠢ ᠪᠦᠷᠢᠳᠦᠭᠦᠯᠦᠭᠰᠡᠨ᠃

《ᠰᠣᠶᠣᠯ ᠤᠨ ᠰᠠᠯᠪᠤᠷᠢ ᠲᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠰᠣᠶᠣᠯ ᠤᠨ ᠶᠠᠮᠤᠨ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠮᠡᠳᠡᠭᠡᠯᠡᠯ᠂ ᠰᠣᠶᠣᠯ᠂ ᠠᠶᠠᠯᠠᠯ ᠵᠢᠭᠤᠯᠴᠢᠯᠠᠯ ᠤᠨ ᠶᠠᠮᠤᠨ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》 ᠍ ᠲᠤ ᠮᠣᠩ᠋ᠭᠣᠯ ᠤᠨ ᠲᠠᠯ᠎ᠠ ᠢᠢ ᠲᠥᠯᠦᠭᠡᠯᠡᠵᠦ ᠭᠠᠳᠠᠭᠠᠳᠤ ᠬᠠᠷᠢᠯᠴᠠᠭᠠᠨ ᠤ ᠰᠠᠢᠢᠳ ᠪᠠ‍᠂ ᠪᠠᠲᠤᠴᠡᠴᠡᠭ᠂ ᠯᠠᠣᠰ ᠤᠨ ᠲᠠᠯ᠎ᠠ ᠢᠢ ᠲᠥᠯᠦᠭᠡᠯᠡᠵᠦ ᠮᠡᠳᠡᠭᠡᠯᠡᠯ᠂ ᠰᠣᠶᠣᠯ᠂ ᠠᠶᠠᠯᠠᠯ ᠵᠢᠭᠤᠯᠴᠢᠯᠠᠯ ᠤᠨ ᠰᠠᠢᠢᠳ ᠰᠤᠢᠠᠨᠰᠠᠸᠩ ᠸᠢᠶᠠᠭᠧᠲ ᠨᠠᠷ ᠭᠠᠷ ᠤᠨ ᠦᠰᠦᠭ ᠵᠢᠷᠤᠯ᠎ᠠ᠃
ᠰᠠᠨᠠᠮᠵᠢ ᠪᠢᠴᠢᠭ᠌ ᠨᠢ ᠲᠠᠯ᠎ᠠ ᠨᠤᠭᠤᠳ ᠰᠣᠶᠣᠯ᠂ ᠤᠷᠠᠯᠢᠭ ᠤᠨ ᠦᠵᠡᠰᠬᠦᠯᠡᠩ᠂ ᠤᠷᠠᠯᠢᠭ ᠤᠨ ᠲᠣᠭᠯᠠᠯᠲᠠ᠂ ᠺᠢᠨᠣ᠋ ᠦᠵᠡᠪᠦᠷᠢ ᠵᠣᠬᠢᠶᠠᠨ ᠪᠠᠢᠢᠭᠤᠯᠬᠤ᠂ ᠳᠤᠷᠠᠰᠬᠠᠯᠲᠤ ᠵᠦᠢᠯᠡᠰ ᠢ ᠬᠠᠳᠠᠭᠠᠯᠠᠨ ᠬᠠᠮᠠᠭᠠᠯᠠᠬᠤ᠂ ᠰᠣᠶᠣᠯ ᠤᠨ ᠪᠡᠶᠡᠲᠦ ᠪᠤᠰᠤ ᠥᠪ ᠢ ᠰᠡᠷᠭᠦᠭᠡᠨ ᠵᠠᠰᠠᠪᠤᠷᠢᠯᠠᠬᠤ ᠴᠢᠭᠯᠡᠯ ᠢᠶᠡᠷ ᠬᠠᠮᠲᠤᠷᠠᠨ ᠰᠤᠳᠤᠯᠭ᠎ᠠ ᠬᠢᠬᠦ ᠵᠡᠷᠭᠡ ᠰᠣᠶᠣᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠵᠠᠮ ᠢᠶᠠᠷ ᠬᠣᠶᠠᠷ ᠤᠯᠤᠰ ᠤᠨ ᠢᠷᠭᠡᠳ ᠬᠣᠭᠣᠷᠣᠨᠳᠣ ᠢᠢᠨ ᠰᠣᠶᠣᠯ ᠤᠨ ᠰᠣᠯᠢᠯᠴᠠᠭ᠎ᠠ᠂ ᠬᠠᠷᠢᠯᠴᠠᠭ᠎ᠠ ᠢᠢ ᠥᠷᠭᠡᠵᠢᠭᠦᠯᠬᠦ ᠵᠣᠷᠢᠯᠭ᠎ᠠ ᠲᠠᠢ᠃