Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠤᠢᠬᠡ ᠳᠥ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢ ᠰᠠᠢᠢᠳ ᠰᠣᠨᠰᠠᠢ ᠰᠢᠫᠠᠨᠳᠣᠨᠭ᠋ ᠪᠠᠷᠠᠭᠠᠯᠬᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠲᠤᠰ ᠤᠯᠤᠰ ᠤᠨ ᠶᠡᠷᠦᠩᠬᠡᠢ ᠰᠠᠢᠢᠳ ᠰᠣᠨᠰᠠᠢ ᠰᠢᠫᠠᠨᠳᠣᠨᠭ᠌ ᠪᠠᠷᠠᠭᠠᠯᠬᠠᠯ᠎ᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠤᠨ ᠠᠽᠢ᠂ ᠨᠣᠮᠣᠬᠠᠨ ᠳᠠᠯᠠᠢ ᠢᠢᠨ ᠪᠥᠰᠡ ᠨᠤᠲᠤᠭ ᠲᠤ ᠴᠢᠭᠯᠡᠭᠰᠡᠨ ᠭᠠᠳᠠᠭᠠᠳᠤ ᠪᠣᠳᠣᠯᠭ᠎ᠠ ᠳᠤ ᠵᠡᠭᠦᠨ ᠡᠮᠦᠨᠡᠲᠦ ᠠᠽᠢ ᠢᠢᠨ ᠤᠯᠤᠰ ᠣᠷᠣᠨ ᠨᠤᠭᠤᠳ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠢᠬᠤᠯᠠ ᠪᠠᠢᠢᠷᠢ ᠰᠠᠭᠤᠷᠢ ᠡᠵᠡᠯᠡᠳᠡᠭ ᠢ ᠴᠣᠬᠣᠨ ᠲᠡᠮᠳᠡᠭᠯᠡᠭᠡᠳ ᠡᠨᠡ ᠬᠦᠷᠢᠶᠡᠨ ᠳᠥ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠲᠠᠢ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠠᠢᠢᠭ᠎ᠠ ᠪᠠᠨ ᠢᠯᠡᠷᠬᠡᠢᠢᠯᠡᠪᠡ᠃

ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢᠢᠯᠡᠭᠴᠢ ᠲᠣᠩ᠋ᠯᠤᠢᠩ ᠰᠢᠰᠤᠢᠯᠢᠲ ᠲᠡᠢ ᠬᠢᠭ᠍ᠰᠡᠨ ᠶᠠᠷᠢᠶ᠎ᠠ᠂ ᠬᠡᠯᠡᠯᠴᠡᠭᠡ ᠠᠮᠵᠢᠯᠲᠠ ᠲᠠᠢ᠂ ᠦᠷ᠎ᠡ ᠳ᠋ᠦᠩ ᠲᠡᠢ ᠪᠣᠯᠤᠭᠰᠠᠨ ᠢ ᠳᠤᠷᠠᠳᠤᠭᠠᠳ ᠠᠢᠢᠯᠴᠢᠯᠠᠯ ᠤᠨ ᠦᠶ᠎ᠡ ᠪᠡᠷ ᠶᠠᠷᠢᠵᠤ ᠲᠣᠬᠢᠷᠠᠭᠰᠠᠨ ᠵᠦᠢᠯᠡᠰ ᠢ ᠪᠣᠳᠠᠲᠤ ᠠᠵᠢᠯ ᠬᠡᠷᠡᠭ ᠪᠣᠯᠭᠠᠨ ᠬᠡᠷᠡᠭᠵᠢᠭᠦᠯᠬᠦ ᠴᠢᠭᠯᠡᠯ ᠳᠥ ᠬᠣᠶᠠᠷ ᠤᠯᠤᠰ ᠤᠨ ᠵᠠᠰᠠᠭ ᠤᠨ ᠭᠠᠵᠠᠷ ᠨᠢᠬᠲᠠ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠵᠦ ᠪᠤᠢ ᠢᠢ ᠪᠠᠨ ᠬᠡᠯᠡᠯ᠎ᠡ᠃

ᠶᠡᠷᠦᠩᠬᠡᠢ ᠰᠠᠢᠢᠳ ᠰᠣᠨᠰᠠᠢ ᠰᠢᠫᠠᠨᠳᠣᠨᠭ᠌ ᠮᠠᠨ ᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠩ᠋ᠭᠡᠷᠡᠭᠰᠡᠨ 60 ᠭᠠᠷᠤᠢ ᠵᠢᠯ ᠦᠨ ᠬᠤᠭᠤᠴᠠᠭᠠᠨ ᠳᠤ ᠠᠮᠵᠢᠯᠲᠠ ᠲᠠᠢ ᠬᠥᠭ᠍ᠵᠢᠵᠦ ᠢᠷᠡᠭᠰᠡᠨ ᠢ ᠲᠡᠮᠳᠡᠭᠯᠡᠭᠡᠳ 2022 ᠣᠨ ᠳᠤ ᠲᠣᠬᠢᠶᠠᠭᠰᠠᠨ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠵᠢᠯ ᠦᠨ ᠣᠢ ᠢᠢ ᠲᠠᠯ᠎ᠠ ᠨᠤᠭᠤᠳ ᠶᠣᠰᠣᠯᠠᠯ ᠲᠡᠭᠦᠯᠳᠡᠷ ᠲᠡᠮᠳᠡᠭᠯᠡᠨ ᠥᠩ᠋ᠭᠡᠷᠡᠭᠦᠯᠦᠭᠰᠡᠨ ᠢ ᠣᠨᠴᠠᠯᠠᠪᠠ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠡᠨᠡ ᠬᠦ ᠠᠢᠢᠯᠴᠢᠯᠠᠯ ᠨᠢ ᠬᠣᠶᠠᠷ ᠤᠯᠤᠰ ᠤᠨ ᠬᠠᠷᠢᠯᠴᠠᠭ᠎ᠠ ᠢᠢ ᠢᠷᠡᠬᠦ ᠰᠢᠨ᠎ᠡ ᠵᠢᠷᠠᠨ ᠳᠤ ᠬᠥᠭ᠍ᠵᠢᠭᠦᠯᠬᠦ ᠬᠡᠲᠦ ᠢᠢᠨ ᠲᠥᠯᠥᠪ᠂ ᠬᠠᠮᠲᠤ ᠢᠢᠨ ᠠᠵᠢᠯᠯᠠᠭᠠᠨ ᠤ ᠴᠢᠭᠯᠡᠯ ᠢ ᠲᠣᠳᠣᠷᠬᠠᠢᠢᠯᠠᠵᠤ᠂ ᠴᠢᠨᠠᠭᠰᠢᠳᠠ ᠤᠯᠠᠮ ᠪᠦᠷᠢ ᠥᠷᠭᠡᠵᠢᠭᠦᠯᠦᠨ ᠪᠡᠬᠢᠵᠢᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠢᠢ ᠲᠡᠮᠳᠡᠭᠯᠡᠪᠡ᠃

ᠬᠤᠳᠠᠯᠳᠤᠭ᠎ᠠ᠂ ᠡᠳ᠋ ᠍ ᠦᠨ ᠵᠠᠰᠠᠭ᠂ ᠰᠢᠨᠵᠢᠯᠡᠬᠦ ᠤᠬᠠᠭᠠᠨ᠂ ᠲᠧᠭᠨᠢᠭ ᠦᠨ ᠬᠠᠮᠲᠤ ᠢᠢᠨ ᠠᠵᠢᠯᠯᠠᠭᠠᠨ ᠤ ᠮᠣᠩ᠋ᠭᠣᠯ᠂ ᠯᠠᠣᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰᠰ ᠨᠢ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠡᠯᠡᠯᠴᠡᠬᠦ ᠴᠢᠬᠤᠯᠠ ᠮᠧᠾᠠᠨᠢᠽᠮ ᠪᠣᠯᠵᠤ ᠬᠥᠭ᠍ᠵᠢᠵᠦ ᠪᠤᠢ ᠢᠢ ᠥᠨᠳᠦᠷ ᠢᠶᠡᠷ ᠦᠨᠡᠯᠡᠵᠦ᠂ ᠲᠤᠰ ᠮᠧᠾᠠᠨᠢᠽᠮ ᠢᠶᠠᠷ ᠳᠠᠮᠵᠢᠭᠤᠯᠤᠨ ᠬᠣᠶᠠᠷ ᠣᠷᠣᠨ ᠤ ᠬᠤᠳᠠᠯᠳᠤᠭ᠎ᠠ᠂ ᠡᠳ᠋ ᠍ ᠦᠨ ᠵᠠᠰᠠᠭ᠂ ᠬᠥᠷᠦᠩ᠋ᠭᠡ ᠣᠷᠣᠭᠤᠯᠤᠯᠲᠠ ᠢᠢᠨ ᠰᠠᠯᠪᠤᠷᠢ ᠲᠤ ᠪᠣᠳᠠᠲᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠢᠢᠨ ᠴᠢᠬᠤᠯᠠ ᠢᠢ ᠲᠠᠯ᠎ᠠ ᠨᠤᠭᠤᠳ ᠣᠨᠴᠠᠯᠠᠪᠠ᠃ ᠲᠠᠯ ᠠ ᠤᠳ ᠮᠣᠩ᠋ᠭᠣᠯ᠂ ᠯᠠᠣᠰ ᠤᠨ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠵᠦ᠂ ᠡᠺᠰᠫᠣᠷᠲ᠂ ᠢᠮᠫᠣᠷᠲ ᠤᠨ ᠪᠠᠷᠠᠭ᠎ᠠ ᠪᠦᠲᠦᠭᠡᠭ᠍ᠳᠡᠬᠦᠨ ᠦ ᠬᠡᠮᠵᠢᠶ᠎ᠡ᠂ ᠨᠡᠷ᠎ᠡ ᠲᠥᠷᠦᠯ ᠢ ᠨᠡᠮᠡᠭᠳᠡᠭᠦᠯᠬᠦ᠂ ᠬᠥᠳᠡᠭᠡ ᠠᠵᠤ ᠠᠬᠤᠢ ᠢᠢᠨ ᠪᠦᠲᠦᠭᠡᠭ᠍ᠳᠡᠬᠦᠨ ᠦ ᠦᠢᠯᠡᠳᠪᠦᠷᠢᠯᠡᠯ᠂ ᠬᠣᠭᠣᠯᠠ᠂ ᠬᠦᠨᠡᠰᠦᠨ ᠦ ᠦᠢᠯᠡᠳᠪᠦᠷᠢᠯᠡᠯ ᠦᠨ ᠴᠢᠭᠯᠡᠯ ᠢᠶᠡᠷ ᠬᠠᠮᠲᠤᠷᠠᠨ ᠠᠵᠢᠯᠯᠠᠬᠤ ᠵᠡᠷᠭᠡ ᠠᠰᠠᠭᠤᠳᠠᠯ ᠢᠶᠠᠷ ᠦᠷ᠎ᠡ ᠪᠦᠲᠦᠭᠡᠯ ᠲᠡᠢ ᠰᠠᠨᠠᠯ ᠰᠣᠯᠢᠯᠴᠠᠵᠤ᠂ ᠬᠣᠶᠠᠷ ᠤᠯᠤᠰ ᠤᠨ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠵᠦ᠂ ᠪᠢᠽᠢᠨ᠋᠋ᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠬᠣᠭᠣᠷᠣᠨᠳᠣ ᠢᠢᠨ ᠬᠡᠯᠬᠢᠶ᠎ᠡ ᠬᠣᠯᠪᠣᠭ᠎ᠠ ᠢᠢ ᠳᠡᠮᠵᠢᠵᠦ ᠠᠵᠢᠯᠯᠠᠬᠤ ᠪᠠᠷ ᠪᠣᠯᠤᠭᠰᠠᠨ ᠢ ᠨᠣᠲᠠᠯᠠᠪᠠ᠃

ᠡᠨᠡ ᠤᠳᠠᠭ᠎ᠠ ᠢᠢᠨ ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠢᠢᠨ ᠣᠷᠴᠢᠨ ᠢ ᠪᠡᠬᠢᠵᠢᠭᠦᠯᠬᠦ ᠬᠦᠷᠢᠶᠡᠨ ᠳᠥ ᠬᠣᠶᠠᠷ ᠲᠠᠯ᠎ᠠ ᠢᠢᠨ ᠬᠡᠳᠦ ᠬᠡᠳᠦᠨ ᠪᠠᠷᠢᠮᠲᠠ ᠪᠢᠴᠢᠭ᠌ ᠢ ᠪᠠᠢᠢᠭᠤᠯᠤᠭᠰᠠᠨ ᠢ ᠲᠠᠯ᠎ᠠ ᠨᠤᠭᠤᠳ ᠰᠠᠢᠢᠰᠢᠶᠠᠨ ᠲᠡᠮᠳᠡᠭᠯᠡᠪᠡ᠃ ᠡᠭᠦᠨ ᠦ ᠳᠣᠲᠣᠷ᠎ᠠ ᠬᠣᠶᠠᠷ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠪᠠᠢᠢᠭᠤᠯᠤᠭᠰᠠᠨ 《ᠮᠠᠯ ᠡᠮᠨᠡᠯᠭᠡ᠂ ᠮᠠᠯ ᠠᠮᠢᠲᠠᠨ ᠤ ᠬᠣᠷᠢᠭ᠎ᠠ ᠴᠡᠭᠡᠷ ᠦᠨ ᠲᠤᠬᠠᠢ ᠬᠡᠯᠡᠯᠴᠡᠭᠡᠷ》 ᠪᠣᠯᠤᠨ 《ᠤᠷᠭᠤᠮᠠᠯ ᠬᠠᠮᠠᠭᠠᠯᠠᠯ᠂ ᠬᠣᠷᠢᠭ᠎ᠠ ᠴᠡᠭᠡᠷ ᠦᠨ ᠲᠤᠬᠠᠢ ᠬᠡᠯᠡᠯᠴᠡᠭᠡᠷ》 ᠨᠢ ᠬᠣᠶᠠᠷ ᠤᠯᠤᠰ ᠤᠨ ᠬᠦᠨᠡᠰᠦ᠂ ᠬᠥᠳᠡᠭᠡ ᠠᠵᠤ ᠠᠬᠤᠢ᠂ ᠬᠤᠳᠠᠯᠳᠤᠭ᠎ᠠ᠂ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠪᠣᠳᠠᠲᠤ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠢᠢ ᠲᠠᠯ᠎ᠠ ᠨᠤᠭᠤᠳ ᠰᠠᠨᠠᠯ ᠨᠢᠭᠡᠲᠡᠢ ᠲᠡᠮᠳᠡᠭᠯᠡᠪᠡ᠃

ᠮᠥᠨ ᠴᠢᠨᠠᠬᠰᠢᠳᠠ ᠪᠠᠷᠠᠭ᠎ᠠ ᠪᠦᠲᠦᠭᠡᠭ᠍ᠳᠡᠬᠦᠨ ᠦ ᠡᠷᠭᠢᠯᠲᠡ ᠢᠢ ᠨᠡᠮᠡᠭᠳᠡᠭᠦᠯᠬᠦ᠂ ᠲᠡᠭᠡᠭᠡᠪᠦᠷᠢᠯᠡᠯᠲᠡ ᠢᠢ ᠬᠥᠩ᠋ᠭᠡᠪᠴᠢᠯᠡᠬᠦ ᠬᠦᠷᠢᠶᠡᠨ ᠳᠥ ᠮᠣᠩ᠋ᠭᠣᠯ᠂ ᠯᠠᠤᠰ᠂ ᠬᠢᠲᠠᠳ ᠤᠨ ᠵᠠᠮ ᠲᠡᠭᠡᠭᠡᠪᠦᠷᠢ ᠢᠢᠨ ᠠᠰᠠᠭᠤᠳᠠᠯ ᠬᠠᠷᠢᠭᠤᠴᠠᠭᠰᠠᠨ ᠰᠠᠢᠢᠳ ᠨᠠᠷ ᠤᠨ ᠲᠦᠪᠰᠢᠨ ᠦ ᠭᠤᠷᠪᠠᠨ ᠲᠠᠯᠠᠳᠤ ᠠᠭᠤᠯᠵᠠᠯᠲᠠ ᠢᠢ ᠵᠣᠬᠢᠶᠠᠨ ᠪᠠᠢᠢᠭᠤᠯᠵᠤ᠂ ᠲᠡᠮᠦᠷ ᠵᠠᠮ ᠳᠤ ᠲᠦᠰᠢᠭᠯᠡᠭᠰᠡᠨ ᠲᠷᠠᠨ᠋ᠽᠢᠲ ᠲᠡᠭᠡᠭᠡᠪᠦᠷᠢ ᠢᠢᠨ ᠳᠠᠮᠵᠢᠨ ᠥᠩ᠋ᠭᠡᠷᠡᠬᠦ ᠪᠣᠭᠣᠮᠲᠠ ᠨᠤᠭᠤᠳ ᠢ ᠲᠣᠬᠢᠷᠠᠬᠤ ᠴᠢᠭᠯᠡᠯ ᠳᠥ ᠢᠳᠡᠪᠬᠢᠲᠡᠢ ᠬᠠᠮᠲᠤᠷᠠᠨ ᠠᠵᠢᠯᠯᠠᠬᠤ ᠢᠢᠨ ᠲᠥᠯᠦᠭᠡ ᠪᠠᠢᠢᠭ᠎ᠠ ᠢᠢ ᠲᠠᠯ᠎ᠠ ᠨᠤᠭᠤᠳ ᠨᠣᠲᠠᠯᠠᠪᠠ᠃

ᠲᠡᠭᠦᠨᠴᠢᠯᠡᠨ ᠬᠣᠶᠠᠷ ᠤᠯᠤᠰ ᠤᠨ ᠢᠷᠭᠡᠳ ᠬᠠᠷᠢᠯᠴᠠᠨ ᠵᠣᠷᠴᠢᠬᠤ ᠤᠷᠤᠰᠬᠠᠯ ᠢ ᠨᠡᠮᠡᠭᠳᠡᠭᠦᠯᠬᠦ ᠲᠠᠭᠠᠲᠠᠢ ᠨᠥᠬᠥᠴᠡᠯ ᠢ ᠪᠦᠷᠢᠳᠦᠭᠦᠯᠬᠦ ᠪᠣᠯᠤᠨ ᠠᠶᠠᠯᠠᠯ ᠵᠢᠭᠤᠯᠴᠢᠯᠠᠯ ᠢ ᠬᠥᠭ᠍ᠵᠢᠭᠦᠯᠬᠦ ᠳᠥ 《ᠠᠭᠠᠷ ᠤᠨ ᠬᠠᠷᠢᠯᠴᠠᠭᠠᠨ ᠤ ᠲᠤᠬᠠᠢ ᠮᠣᠩ᠋ᠭᠣᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》 ᠨᠢ ᠴᠢᠬᠤᠯᠠ ᠡᠭᠦᠷᠭᠡ ᠭᠦᠢᠴᠡᠳᠭᠡᠨ᠎ᠡ ᠭᠡᠳᠡᠭ ᠢ ᠲᠠᠯ᠎ᠠ ᠨᠤᠭᠤᠳ ᠣᠨᠴᠠᠯᠠᠪᠠ᠃