Та "Internet explorer"-ийн сүүлийн хувилбар болох "Microsoft edge"-г ашиглана уу

Хэрэв "Microsoft edge"-г татах бол энд дарж татаж авна уу

ᠺᠠᠨᠠᠳᠠ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠺᠠᠨᠠᠳᠠ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠰᠠᠨ᠋ᠳ᠋ᠷᠠ ᠱᠤᠢᠹᠠᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠶᠡᠷᠦᠩᠬᠡᠢᠢᠯᠡᠭᠴᠢ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠬᠤ ᠦᠶ᠎ᠡ ᠪᠡᠷ ᠢᠶᠡᠨ᠂ ᠮᠣᠩ᠋ᠭᠣᠯ ᠤᠯᠤᠰ ᠴᠢᠬᠤᠯᠠ 《ᠭᠤᠷᠪᠠᠳᠠᠭᠴᠢ ᠬᠥᠷᠰᠢ》 ᠺᠠᠨᠠᠳᠠ ᠤᠯᠤᠰ ᠲᠠᠢ ᠬᠥᠭ᠍ᠵᠢᠭᠦᠯᠵᠦ ᠪᠤᠢ ᠬᠠᠷᠢᠯᠴᠠᠭᠠᠨ ᠳᠤ ᠪᠠᠨ ᠥᠨᠳᠥᠷ ᠠᠴᠢ ᠬᠣᠯᠪᠣᠭᠳᠠᠯ ᠥᠭᠳᠡᠭ ᠭᠡᠳᠡᠭ ᠢ ᠣᠨᠴᠠᠯᠠᠪᠠ᠃ ᠴᠢᠨᠠᠭᠰᠢᠳᠠ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠱᠠᠲᠤ ᠠᠬᠢᠭᠤᠯᠤᠨ ᠬᠥᠭ᠍ᠵᠢᠭᠦᠯᠬᠦ᠂ ᠬᠥᠳᠡᠭᠡ ᠠᠵᠤ ᠠᠬᠤᠢ᠂ ᠪᠠᠢᠢᠭᠠᠯᠢ ᠣᠷᠴᠢᠨ ᠤ ᠬᠠᠮᠠᠭᠠᠯᠠᠯ᠂ ᠪᠣᠯᠪᠠᠰᠤᠷᠠᠯ ᠵᠡᠷᠭᠡ ᠰᠠᠯᠪᠤᠷᠢ ᠢᠢᠨ ᠬᠠᠷᠢᠯᠴᠠᠭ᠎ᠠ ᠢᠢ ᠥᠷᠭᠡᠵᠢᠭᠦᠯᠬᠦ ᠨᠢ ᠴᠢᠬᠤᠯᠠ ᠪᠠᠢᠢᠭ᠎ᠠ ᠢᠢ ᠲᠡᠮᠳᠡᠭᠯᠡᠪᠡ᠃

ᠡᠯᠴᠢᠨ ᠰᠠᠢᠢᠳ ᠰᠠ‍᠂ ᠱᠤᠢᠹᠠᠨᠢ ᠺᠠᠨᠠᠳᠠ ᠤᠯᠤᠰ ᠤᠨ ᠠᠮᠪᠠᠨ ᠵᠠᠬᠢᠷᠤᠭᠴᠢ ᠮᠡᠷᠢ ᠰᠠᠢᠢᠮᠤᠨ ᠤ ᠮᠡᠨᠳᠦᠴᠢᠯᠡᠭᠡ ᠢᠢ ᠤᠯᠠᠮᠵᠢᠯᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦ ᠰᠠᠯᠪᠤᠷᠢ ᠲᠤ ᠥᠷᠭᠡᠵᠢᠭᠦᠯᠦᠨ ᠬᠥᠭ᠍ᠵᠢᠭᠦᠯᠵᠦ᠂ ᠰᠢᠨ᠎ᠡ ᠱᠠᠲᠤᠨ ᠳᠤ ᠭᠠᠷᠭᠠᠬᠤ ᠢᠢᠨ ᠲᠥᠯᠦᠭᠡ ᠬᠢᠴᠢᠶᠡᠨ ᠠᠵᠢᠯᠯᠠᠬᠤ ᠪᠠᠨ ᠢᠯᠡᠷᠬᠡᠢᠢᠯᠡᠪᠡ᠃