ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠮᠧᠺᠰᠢᠺᠤ ᠤᠨ ᠨᠢᠭᠡᠳᠦᠭᠰᠡᠨ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠺᠠᠷᠯᠣᠰ ᠫᠧᠨᠢᠶᠹᠢᠧᠯ ᠰᠣᠲ᠋ᠣ᠊ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃
ᠡᠯᠴᠢᠨ ᠰᠠᠢᠢᠳ ᠢ ᠡᠭᠦᠷᠭᠡᠳᠦ ᠠᠵᠢᠯ ᠳᠤ ᠪᠠᠨ ᠣᠷᠣᠵᠤ ᠪᠤᠢ ᠳ᠋ᠤ ᠨᠢ ᠶᠡᠷᠦᠩᠬᠡᠢᠢᠯᠡᠭᠴᠢ ᠪᠠᠶᠠᠷ ᠬᠦᠷᠭᠡᠵᠦ᠂ ᠠᠮᠵᠢᠯᠲᠠ ᠬᠦᠰᠡᠪᠡ᠃
ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠡᠯᠴᠢᠨ ᠰᠠᠢᠢᠳ ᠬᠦᠴᠦᠨ ᠴᠢᠷᠮᠠᠢᠢᠯᠲᠠ ᠭᠠᠷᠭᠠᠨ᠎ᠠ ᠭᠡᠳᠡᠭ ᠲᠥ ᠢᠲᠡᠭᠡᠵᠦ ᠪᠠᠢᠢᠭ᠎ᠠ ᠪᠠᠨ ᠬᠡᠯᠡᠭᠡᠳ᠂ ᠲᠥᠷᠦ᠂ ᠵᠠᠰᠠᠭ ᠠᠴᠠ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃
ᠮᠥᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠤᠨ ᠬᠦᠷᠢᠶᠡᠨ ᠳᠥ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠥᠭᠡ ᠪᠠᠢᠢᠭ᠎ᠠ ᠢᠢ ᠲᠡᠮᠳᠡᠭᠯᠡᠪᠡ᠃
ᠡᠯᠴᠢᠨ ᠰᠠᠢᠢᠳ ᠺᠠᠷᠯᠣᠰ ᠫᠧᠨᠢᠶᠹᠢᠧᠯ ᠰᠣᠲ᠋ᠣ᠊ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠢᠳᠡᠪᠬᠢᠲᠡᠢ ᠠᠵᠢᠯᠯᠠᠬᠤ ᠪᠠᠨ ᠢᠯᠡᠷᠬᠡᠢᠢᠯᠡᠪᠡ᠃