Та "Internet explorer"-ийн сүүлийн хувилбар болох "Microsoft edge"-г ашиглана уу

Хэрэв "Microsoft edge"-г татах бол энд дарж татаж авна уу

ᠪᠥᠭᠥᠳᠡ ᠨᠠᠢᠢᠷᠠᠮᠳᠠᠬᠤ ᠻᠢᠫᠷ ᠤᠯᠤᠰ ᠤᠨ ᠡᠯᠴᠢᠨ ᠰᠠᠢᠢᠳ ᠢᠲᠡᢉᠡᠮᠵᠢᠯᠡᢈᠦ ᠵᠢᠭᠤᠬᠤ ᠪᠢᠴᠢᠭ ᠢᠶᠡᠨ ᠡᠷᠭᠥᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᢉᠴᠢ ᠤᠬᠤᠨ᠎ᠠ ᠶ᠋ᠢᠨ ᠬᠦᠷᠡᠯᠰᠤᠢᠬᠡ ᠳ᠋ᠦ ᠪᠦᢉᠦᠳᠡ ᠨᠠᠢᠢᠷᠠᠮᠳᠠᠬᠤ ᠻᠢᠫᠷ ᠤᠯᠤᠰ ᠠ᠋ᠴᠠ ᠮᠣᠩᠭ᠋᠋᠋᠋ᠤᠯ ᠤᠯᠤᠰ ᠲᠤ ᠬᠠᠪᠰᠤᠷᠤᠨ ᠰᠠᠭᠤᠬᠤ ᠣᠨᠴᠠ ᠪᠥᢉᠡᠳ ᠪᠦᠷᠢᠨ ᠡᠷᠬᠡᠲᠦ ᠡᠯᠴᠢᠨ ᠰᠠᠢᠢᠳ ᠮᠠᠷᠲᠠ ᠠ᠊᠂ ᠮᠠᠸᠷᠤᠮᠮᠠᠲ᠋ᠢᠰ ᠢᠲᠡᢉᠡᠮᠵᠢᠯᠡᠬᠦ ᠵᠢᠭᠤᠬᠤ ᠪᠢᠴᠢᠭ᠌ ᠢᠶᠡᠨ ᠡᠷᠭᠥᠨ ᠪᠠᠷᠢᠪᠠ᠃

ᠡᠯᠴᠢᠨ ᠰᠠᠢᠢᠳ ᠢ᠋ ᠡᢉᠦᠷᢉᠡᠳ᠋ᠦ ᠠᠵᠢᠯ ᠳ᠋ᠤ ᠪᠠᠨ ᠣᠷᠤᠵᠤ ᠪᠤᠢ ᠳ᠋ᠤ ᠨᠢ ᠶᠡᠷᠦᠩᠬᠡᠢᠢᠯᠡᢉᠴᠢ ᠪᠠᠶᠠᠷ ᠬᠦᠷᢉᠡᠵᠦ᠂ ᠠᠮᠵᠢᠯᠲᠠ ᠬᠦᠰᠡᠪᠡ᠃

ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶ᠋ᠢ ᠪᠡᠬᠢᠵᠢᢉᠦᠯᠬᠦ ᠳ᠋ᠦ ᠡᠯᠴᠢᠨ ᠰᠠᠢᠢᠳ ᠬᠦᠴᠦᠨ ᠴᠢᠷᠮᠠᠢᠢᠯᠲᠠ ᠭᠠᠷᠭᠠᠨ᠎ᠠ ᢉᠡᠳᠡᠭ ᠲᠦ ᠢᠲᠡᢉᠡᠵᠦ ᠪᠠᠢᠢᠭ᠎ᠠ ᠪᠠᠨ ᠬᠡᠯᠡᢉᠡᠳ᠂ ᠲᠥᠷᠦ᠂ ᠵᠠᠰᠠᠭ ᠠ᠋ᠴᠠ ᠪᠥᠬᠦ ᠲᠠᠯ᠎ᠠ ᠶ᠋ᠢᠨ ᠳᠡᠮᠵᠢᠯᠭᠡ ᠦᠵᠡᢉᠦᠯᠬᠦ ᠪᠡᠨ ᠢᠯᠡᠷᠬᠡᠢᠢᠯᠡᠪᠡ᠃

ᠮᠥᠨ ᠣᠯᠠᠨ ᠤᠯᠤᠰ ᠤᠨ ᠬᠠᠮᠲᠤ ᠶ᠋ᠢᠨ ᠨᠡᠢᠢᢉᠡᠮᠯᠢᠭ᠌᠂ ᠨᠡ᠊᠂ᠦ᠂ ᠪᠠ‍᠂ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠤᠨ ᠬᠦᠷᠢᠶᠡᠨ ᠳ᠋ᠦ ᠬᠠᠷᠢᠯᠴᠠᠭ᠎ᠠ ᠶ᠋ᠢ ᠪᠡᠬᠢᠵᠢᢉᠦᠯᠬᠦ ᠶ᠋ᠢᠨ ᠲᠥᠯᠦᠭᠡ ᠪᠠᠢᠢᠭ᠎ᠠ ᠶ᠋ᠢ ᠲᠡᠮᠳᠡᢉᠯᠡᠪᠡ᠃

ᠡᠯᠴᠢᠨ ᠰᠠᠢᠢᠳ ᠮᠠᠷᠲᠠ ᠠ᠊᠂ ᠮᠠᠸᠷᠤᠮᠮᠠᠲ᠋ᠢᠰ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶ᠋ᠢ ᠥᠷᢉᠡᠵᠢᢉᠦᠯᠦᠨ ᠬᠥᢉᠵᠢᢉᠦᠯᠬᠦ ᠶ᠋ᠢᠨ ᠲᠥᠯᠦᠭᠡ ᠢᠳᠡᠪᠬᠢ ᠲᠡᠢ ᠠᠵᠢᠯᠯᠠᠬᠤ ᠪᠠᠨ ᠢᠯᠡᠷᠬᠡᠢᠢᠯᠡᠪᠡ᠃