ᠮᠣᠩᠭ᠋ᠣᠯ ᠤᠯᠤᠰ᠂ ᠣᠷᠣᠰ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠨᠠᠷ ᠤᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠳᠠᠵᠤ ᠪᠤᠢ 《ᠮᠣᠩᠭ᠋ᠣᠯ-ᠣᠷᠣᠰ ᠤᠨ ᠰᠠᠨᠠᠭᠠᠴᠢᠯᠠᠭ᠎ᠠ-2018》 ᠴᠤᠪᠤᠷᠠᠯ ᠠᠷᠭ᠎ᠠ ᠬᠡᠮᠵᠢᠶᠡᠨ ᠦ ᠬᠦᠷᠢᠶᠡᠨ ᠳᠥ ᠣᠷᠣᠰ ᠤᠨ ᠳᠡᠪᠰᠢᠯᠲᠡᠲᠦ ᠲᠧᠭᠨᠢᠭ᠂ ᠲᠣᠨᠣᠭ ᠲᠥᠬᠥᠭᠡᠷᠦᠮᠵᠢ ᠢᠢᠨ ᠦᠵᠡᠰᠬᠦᠯᠡᠩ ᠪᠣᠯᠤᠨ ᠲᠤᠰ ᠤᠯᠤᠰ ᠤᠨ ᠵᠢᠵᠢᠭ᠂ ᠳᠤᠮᠳᠠ ᠪᠢᠽᠢᠨ᠋᠋ᠧᠰ ᠡᠷᠬᠢᠯᠡᠭᠴᠢᠳ ᠦᠨ ᠦᠵᠡᠰᠬᠦᠯᠡᠩ ᠬᠤᠳᠠᠯᠳᠤᠭ᠎ᠠ ᠭᠠᠷᠴᠤ ᠪᠠᠢᠢᠭ᠎ᠠ ᠶᠤᠮ᠃
ᠰᠦᠬᠡᠪᠠᠭᠠᠲᠤᠷ ᠤᠨ ᠲᠠᠯᠠᠪᠠᠢ ᠳᠤ ᠪᠣᠯᠵᠤ ᠪᠤᠢ ᠡᠨᠡᠬᠦ ᠦᠵᠡᠰᠬᠦᠯᠡᠩ᠂ ᠬᠤᠳᠠᠯᠳᠤᠭ᠎ᠠ ᠢᠢ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠵᠡᠵᠦ᠂ ᠰᠣᠨᠢᠷᠬᠠᠭᠰᠠᠨ ᠪᠥᠭᠡᠳ ᠲᠡᠭᠦᠨ ᠢ ᠳᠠᠭᠠᠯᠳᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠ ∙ ᠡᠩᠬᠡᠪᠣᠯᠤᠳ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠤ ᠪᠡᠶ᠎ᠡ ᠲᠥᠯᠦᠭᠡᠯᠡᠭᠴᠢ ᠢᠭᠣᠷᠢ ᠧᠸᠭᠧᠨᠢᠶᠧᠸᠢᠴ ᠯᠧᠸᠢᠲ᠋ᠢᠨ ᠪᠣᠯᠤᠨ ᠲᠤᠰ ᠤᠯᠤᠰ ᠤᠨ ᠠᠵᠤ ᠦᠢᠯᠡᠳᠪᠦᠷᠢ᠂ ᠬᠤᠳᠠᠯᠳᠤᠭᠠᠨ ᠤ ᠶᠠᠮᠤᠨ ᠤ ᠲᠥᠯᠦᠭᠡᠯᠡᠭᠴᠢᠳ ᠦᠵᠡᠵᠦ ᠰᠣᠨᠢᠷᠬᠠᠭᠰᠠᠨ ᠶᠤᠮ᠃
ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠦᠵᠡᠰᠬᠦᠯᠡᠩ ᠬᠤᠳᠠᠯᠳᠤᠭ᠎ᠠ ᠢᠢ ᠦᠵᠡᠵᠦ ᠰᠣᠨᠢᠷᠬᠠᠬᠤ ᠦᠶ᠎ᠡ ᠪᠡᠷ ᠣᠷᠣᠰ ᠤᠨ ᠬᠣᠯᠪᠣᠭᠠᠨ ᠤ ᠤᠯᠤᠰ ᠤᠨ ᠬᠥᠳᠡᠭᠡ ᠠᠵᠤ ᠠᠬᠤᠢ᠂ ᠪᠠᠷᠢᠯᠭ᠎ᠠ᠂ ᠵᠠᠮ ᠵᠠᠰᠠᠪᠤᠷᠢ᠂ ᠬᠦᠨᠡᠰᠦᠨ ᠦ ᠰᠠᠯᠪᠤᠷᠢ ᠳᠤ ᠦᠢᠯᠡ ᠠᠵᠢᠯᠯᠠᠭ᠎ᠠ ᠶᠠᠪᠤᠭᠤᠯᠳᠠᠭ 90 ᠭᠠᠷᠤᠢ ᠺᠣᠮᠫᠠᠨᠢ ᠢᠢᠨ 100 ᠰᠢᠬᠠᠮ ᠲᠧᠭᠨᠢᠭ᠂ ᠲᠣᠨᠣᠭ ᠲᠥᠬᠥᠭᠡᠷᠦᠮᠵᠢ᠂ 250 ᠣᠷᠴᠢᠮ ᠲᠥᠯᠥᠭᠡᠯᠡᠭᠴᠢ ᠦᠵᠡᠰᠬᠦᠯᠡᠩ ᠬᠤᠳᠠᠯᠳᠤᠭᠠᠨ ᠳᠤ ᠣᠷᠣᠯᠴᠠᠵᠤ᠂ ᠳᠡᠪᠰᠢᠯᠲᠡᠲᠦ ᠲᠣᠨᠣᠭ ᠲᠥᠬᠥᠭᠡᠷᠦᠮᠵᠢ ᠡᠴᠡ ᠭᠠᠳᠠᠨ᠎ᠠ ᠥᠷᠭᠡᠨ ᠬᠡᠷᠡᠭᠯᠡᠭᠡᠨ ᠦ ᠪᠠᠷᠠᠭ᠎ᠠ ᠪᠦᠲᠦᠭᠡᠭ᠍ᠳᠡᠬᠦᠨ ᠢ ᠳᠡᠯᠭᠡᠨ ᠦᠵᠡᠭᠦᠯᠦᠭᠰᠡᠨ ᠲᠠᠯ᠎ᠠ ᠪᠠᠷ ᠲᠠᠨᠢᠯᠴᠠᠭᠤᠯᠤᠯ᠎ᠠ᠃ ᠦᠵᠡᠰᠬᠦᠯᠡᠩ ᠳᠥ ᠳᠡᠯᠭᠡᠭ᠍ᠳᠡᠭᠰᠡᠨ ᠳᠡᠪᠰᠢᠯᠲᠡᠲᠦ ᠲᠧᠭᠨᠢᠭ᠂ ᠲᠣᠨᠣᠭ ᠲᠥᠬᠥᠭᠡᠷᠦᠮᠵᠢ ᠢᠢᠨ 20 ᠭᠠᠷᠤᠢ ᠨᠢ ᠬᠥᠳᠡᠭᠡ ᠠᠵᠤ ᠠᠬᠤᠢ ᠢᠢᠨ ᠰᠠᠯᠪᠤᠷᠢ ᠳᠤ ᠬᠡᠷᠡᠭᠯᠡᠭᠳᠡᠬᠦ ᠮᠠᠱᠢᠨ᠂ ᠲᠧᠭᠨᠢᠭ ᠦᠳ ᠪᠠᠢᠢᠭᠰᠠᠨ ᠪᠥᠭᠡᠳ ᠮᠣᠩᠭ᠋ᠣᠯᠴᠤᠳ ᠲᠡᠳᠡᠭᠡᠷ ᠢ ᠢᠯᠡᠭᠦᠦ ᠲᠡᠢ ᠰᠣᠨᠢᠷᠬᠠᠵᠤ ᠪᠠᠢᠢᠨ᠎ᠠ ᠭᠡᠰᠡᠨ ᠶᠤᠮ᠃ ᠮᠥᠨ ᠣᠷᠣᠰ ᠤᠨ ᠬᠣᠯᠪᠣᠭᠠᠨ ᠤ ᠤᠯᠤᠰ ᠤᠨ ᠵᠠᠷᠢᠮ ᠺᠣᠮᠫᠠᠨᠢ ᠮᠠᠨ ᠤ ᠤᠯᠤᠰ ᠤᠨ ᠢᠵᠢᠯ ᠲᠥᠷᠥᠯ ᠦᠨ ᠦᠢᠯᠡ ᠠᠵᠢᠯᠯᠠᠭ᠎ᠠ ᠶᠠᠪᠤᠭᠤᠯᠳᠠᠭ ᠺᠣᠮᠫᠠᠨᠢ ᠲᠠᠢ ᠪᠢᠽᠢᠨ᠋᠋ᠧᠰ ᠦᠨ ᠬᠦᠷᠢᠶᠡᠨ ᠳᠥ ᠬᠠᠮᠲᠤᠷᠠᠵᠤ ᠠᠵᠢᠯᠯᠠᠬᠤ ᠲᠠᠯ᠎ᠠ ᠪᠠᠷ ᠶᠠᠷᠢᠶ᠎ᠠ ᠬᠡᠯᠡᠯᠴᠡᠭᠡᠷ ᠬᠢᠵᠡᠢ᠃