ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠠᠫᠣᠨ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠺᠣᠪᠠᠶᠠᠱᠢ ᠾᠢᠷᠤᠶᠤᠢᠺᠢ ᠢᠢ ᠡᠬᠡ ᠣᠷᠣᠨ ᠳᠤ ᠪᠠᠨ ᠪᠦᠷᠢᠮᠦᠰᠦᠨ ᠪᠤᠴᠠᠬᠤ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠪᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ ᠶᠠᠫᠣᠨ ᠤᠯᠤᠰ ᠲᠤ ᠬᠢᠭ᠍ᠰᠡᠨ ᠲᠥᠷᠥ ᠢᠢᠨ ᠠᠢᠢᠯᠴᠢᠯᠠᠯ ᠤᠨ ᠳ᠋ᠦᠩ᠋ ᠢᠢᠡᠷ ᠲᠠᠯ᠎ᠠ ᠨᠤᠭᠤᠳ ᠰᠲ᠋ᠷᠠᠲ᠋ᠧᠭᠢ ᠢᠢᠨ ᠲᠦᠩᠰᠢᠯᠡᠯ ᠢ ᠱᠠᠲᠤ ᠠᠬᠢᠭᠤᠯᠵᠤ᠂ 《ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠍ ᠦᠨ ᠥᠨᠳᠥᠷ ᠲᠦᠪᠰᠢᠨ ᠳᠥ ᠭᠦᠨᠵᠡᠭᠡᠢᠢᠷᠡᠭᠦᠯᠦᠨ ᠬᠥᠭ᠍ᠵᠢᠭᠦᠯᠬᠦ ᠪᠡᠷ ᠲᠣᠬᠢᠷᠠᠭᠰᠠᠨ ᠢ ᠲᠡᠮᠳᠡᠭᠯᠡᠪᠡ᠃
ᠡᠯᠴᠢᠨ ᠰᠠᠢᠢᠳ ᠮᠣᠩ᠋ᠭᠣᠯ ᠤᠯᠤᠰ ᠲᠤ ᠠᠵᠢᠯᠯᠠᠬᠤ ᠬᠤᠭᠤᠴᠠᠭᠠᠨ ᠳᠤ ᠪᠠᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠪᠡᠬᠢᠵᠢᠭᠦᠯᠬᠦ᠂ ᠢᠯᠠᠩ᠋ᠭᠤᠶ᠎ᠠ ᠬᠠᠷᠢᠯᠴᠠᠭ᠎ᠠ ᠢᠢ ᠱᠠᠲᠤ ᠠᠬᠢᠭᠤᠯᠬᠤ ᠳᠤ ᠣᠨᠴᠤᠭᠤᠢ ᠬᠤᠪᠢ ᠨᠡᠮᠡᠷᠢ ᠣᠷᠣᠭᠤᠯᠤᠭᠰᠠᠨ ᠢ ᠣᠨᠴᠠᠯᠠᠪᠠ᠃
ᠰᠡᠭᠦᠯ ᠦᠨ ᠵᠢᠯ ᠦᠳ ᠲᠥ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠲᠣᠮᠣᠬᠠᠨ ᠠᠬᠢᠴᠠ ᠳᠡᠪᠰᠢᠯ ᠭᠠᠷᠤᠭᠰᠠᠨ ᠢ ᠡᠯᠴᠢᠨ ᠰᠠᠢᠢᠳ ᠺᠣᠪᠠᠶᠠᠱᠢ ᠾᠢᠷᠤᠶᠤᠢᠺᠢ ᠲᠡᠮᠳᠡᠭᠯᠡᠵᠦ᠂ ᠴᠢᠨᠠᠭᠰᠢᠳᠠ ᠬᠠᠷᠢᠯᠴᠠᠭ᠎ᠠ ᠢᠢ ᠪᠦᠬᠦ ᠰᠠᠯᠪᠤᠷᠢ ᠲᠤ ᠤᠯᠠᠮ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠥᠪᠡᠷ ᠡᠴᠡ ᠰᠢᠯᠲᠠᠭᠠᠯᠠᠬᠤ ᠪᠦᠬᠦᠨ ᠢᠶᠡᠨ ᠵᠣᠷᠢᠭᠤᠯᠬᠤ ᠪᠠᠨ ᠢᠯᠡᠷᠬᠡᠢᠢᠯᠡᠪᠡ᠃
ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ 《ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠍ ᠦᠨ ᠦᠢᠯᠡ ᠠᠵᠢᠯᠯᠠᠭᠠᠨ ᠤ ᠬᠥᠲᠥᠯᠪᠦᠷᠢ ᠪᠣᠯᠪᠠᠰᠤᠷᠠᠭᠤᠯᠤᠭᠰᠠᠨ ᠬᠤᠪᠢ ᠨᠡᠮᠡᠷᠢ᠂ ᠬᠦᠴᠦᠨ ᠴᠢᠷᠮᠠᠢᠢᠯᠲᠠ ᠢᠢ ᠨᠢ ᠦᠨᠡᠯᠡᠵᠦ ᠡᠯᠴᠢᠨ ᠰᠠᠢᠢᠳ ᠢ 《ᠠᠯᠲᠠᠨ ᠭᠠᠳᠠᠰᠤ》 ᠣᠳᠣᠨ ᠢᠶᠠᠷ ᠱᠠᠩᠨᠠᠯ᠎ᠠ᠃
ᠡᠯᠴᠢᠨ ᠰᠠᠢᠢᠳ ᠺᠣᠪᠠᠶᠠᠱᠢ ᠾᠢᠷᠤᠶᠤᠢᠺᠢ ᠥᠩ᠋ᠭᠡᠷᠡᠭᠰᠡᠨ ᠬᠤᠭᠤᠴᠠᠭᠠᠨ ᠳᠤ ᠪᠦᠬᠦ ᠲᠠᠯ᠎ᠠ ᠢᠢᠨ ᠳᠡᠮᠵᠢᠯᠭᠡ ᠦᠵᠡᠭᠦᠯᠵᠦ ᠪᠠᠢᠢᠭᠰᠠᠨ ᠮᠣᠩ᠋ᠭᠣᠯ ᠤᠯᠤᠰ ᠤᠨ ᠲᠥᠷᠦ᠂ ᠵᠠᠰᠠᠭ ᠪᠣᠯᠤᠨ ᠠᠷᠠᠳ ᠲᠦᠮᠡᠨ ᠳᠥ ᠴᠢᠨᠭ᠌ ᠰᠡᠳᠬᠢᠯ ᠦᠨ ᠲᠠᠯᠠᠷᠬᠠᠯ ᠢᠯᠡᠷᠬᠡᠢᠢᠯᠡᠪᠡ᠃