Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠠᠢᠢᠨ᠎ᠠ

ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ 2023 ᠣᠨ ᠤ 12 ᠳ᠋ᠤᠭᠠᠷ ᠰᠠᠷ᠎ᠠ ᠢᠢᠨ 01 ᠍ ᠦ ᠡᠳᠦᠷ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠳ᠋ᠤᠢᠪᠠᠢ ᠬᠣᠲᠠᠨ᠎ᠠ ᠡᠬᠢᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠶᠡᠷᠦᠩᠬᠡᠢᠢᠯᠡᠭᠴᠢ ᠮᠤᠾᠠᠮᠮᠠᠳ᠋ ᠪᠢᠩ ᠽᠠᠢᠢᠳ᠋ ᠠᠯᠢ-ᠨᠠᠾᠢᠶᠠᠨ ᠤ ᠤᠷᠢᠯᠭ᠎ᠠ ᠪᠠᠷ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠳ᠋ᠤᠢᠪᠠᠢ ᠡᠺᠰᠫᠣ ᠲᠥᠪ ᠦᠨ ᠵᠠᠳᠠᠭᠠᠢ ᠠᠰᠠᠷ ᠲᠤ ᠬᠦᠷᠦᠯᠴᠡᠨ ᠢᠷᠡᠬᠦ ᠳᠥ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠶᠡᠷᠦᠩᠬᠡᠢᠢᠯᠡᠭᠴᠢ ᠮᠤᠾᠠᠮᠮᠠᠳ᠋ ᠪᠢᠩ ᠽᠠᠢᠢᠳ᠋ ᠠᠯᠢ-ᠨᠠᠾᠢᠶᠠᠨ ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠤ‍  ᠭᠤᠲ᠋ᠧᠷᠷᠧᠱ ᠨᠠᠷ ᠤᠭᠲᠤᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠲᠤᠬᠠᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠰᠠᠭᠤᠷᠢ ᠺᠣᠨ᠋ᠸᠧᠨ᠋ᠼ ᠤᠨ ᠲᠠᠯ ᠠ ᠤᠳ ᠤᠨ 28 ᠳ᠋ᠤᠭᠠᠷ ᠪᠠᠭ᠎ᠠ ᠬᠤᠷᠠᠯ (COP28) ᠍ ᠤᠨ ᠦᠶ᠎ᠡ ᠪᠡᠷ ᠪᠣᠯᠵᠤ ᠪᠤᠢ ᠳᠡᠭᠡᠳᠦ ᠲᠦᠪᠰᠢᠨ ᠦ ᠠᠭᠤᠯᠵᠠᠯᠲᠠ ᠳᠤ 140 ᠭᠠᠷᠤᠢ ᠤᠯᠤᠰ ᠤᠨ ᠲᠥᠷᠦ᠂ ᠵᠠᠰᠠᠭ ᠤᠨ ᠲᠡᠷᠢᠭᠦᠨ ᠣᠷᠣᠯᠴᠠᠵᠤ᠂ ᠫᠠᠷᠢᠰ ᠤᠨ ᠬᠡᠯᠡᠯᠴᠡᠭᠡᠷ ᠦᠨ ᠬᠡᠷᠡᠭᠵᠢᠯᠲᠡ ᠢᠢ ᠡᠷᠴᠢᠮᠵᠢᠭᠦᠯᠬᠦ᠂ ᠲᠡᠭᠦᠨ ᠦ ᠳᠣᠲᠣᠷ᠎ᠠ ᠬᠦᠯᠡᠮᠵᠢ ᠢᠢᠨ ᠬᠡᠢ ᠢᠢᠨ ᠢᠯᠭᠠᠷᠠᠯ ᠢ 2050 ᠣᠨ ᠭᠡᠬᠦ ᠳᠥ ᠲᠡᠭᠯᠡᠬᠦ᠂ ᠳᠡᠯᠡᠬᠡᠢ ᠢᠢᠨ ᠳᠤᠯᠠᠭᠠᠷᠠᠯ ᠢ 1᠂5 ᠬᠡᠮ ᠳᠥ ᠲᠣᠭᠲᠠᠭᠠᠨ ᠪᠠᠷᠢᠬᠤ ᠳᠤ ᠬᠦᠯᠢᠶᠡᠭᠰᠡᠨ ᠡᠭᠦᠷᠭᠡ ᠠᠮᠠᠯᠠᠯᠲᠠ ᠪᠠᠨ ᠠᠬᠢᠭᠤᠯᠤᠨ ᠲᠣᠳᠣᠷᠬᠠᠢᠢᠯᠠᠬᠤ᠂ ᠠᠭᠤᠷ ᠠᠮᠢᠰᠬᠤᠯ ᠤᠨ ᠠᠰᠠᠭᠤᠳᠠᠯ ᠢᠢᠠᠷ ᠬᠢ ᠶᠠᠷᠢᠶ᠎ᠠ ᠬᠡᠯᠡᠯᠴᠡᠭᠡᠨ ᠳᠥ ᠪᠦᠬᠦ ᠲᠠᠯ᠎ᠠ ᠢᠢᠨ ᠣᠷᠣᠯᠴᠠᠭ᠎ᠠ ᠢᠢ ᠨᠡᠮᠡᠭᠳᠡᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠦᠷ᠎ᠡ ᠳᠠᠭᠠᠪᠤᠷᠢ ᠢᠢ ᠪᠠᠭᠤᠷᠠᠭᠤᠯᠬᠤ ᠬᠦᠴᠦ ᠴᠢᠷᠮᠠᠢᠢᠯᠲᠠ ᠢᠢ ᠨᠢᠭᠡᠳᠬᠡᠬᠦ ᠢᠢ ᠵᠣᠷᠢᠵᠤ ᠪᠠᠢᠢᠨ᠎ᠠ᠃

СОР 28 ᠪᠠᠭ᠎ᠠ ᠬᠤᠷᠠᠯ ᠢ ᠳᠠᠷᠤᠭᠠᠯᠠᠭᠴᠢ ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠬᠤᠪᠢ ᠳᠤ ᠡᠷᠴᠢᠮ ᠬᠦᠴᠦᠨ ᠦ ᠰᠢᠯᠵᠢᠯᠲᠡ ᠬᠢᠬᠦ᠂ ᠭᠠᠵᠠᠷ ᠠᠰᠢᠭᠯᠠᠯᠲᠠ ᠢᠢ ᠰᠢᠨᠡᠳᠭᠡᠬᠦ᠂ ᠬᠦᠨᠡᠰᠦᠨ ᠦ ᠲᠣᠭᠲᠠᠯᠴᠠᠭ᠎ᠠ ᠢᠢ ᠦᠭᠡᠷᠡᠴᠢᠯᠡᠬᠦ ᠵᠠᠮ ᠢᠶᠠᠷ ᠠᠭᠠᠷ ᠤᠨ ᠪᠣᠬᠢᠷᠳᠠᠯ ᠢ ᠪᠠᠭᠤᠷᠠᠭᠤᠯᠬᠤ ᠠᠵᠢᠯ ᠢ ᠡᠷᠴᠢᠮᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠥ ᠠᠷᠭ᠎ᠠ ᠬᠡᠮᠵᠢᠶ᠎ᠡ ᠢᠢ ᠡᠷᠴᠢᠮᠵᠢᠭᠦᠯᠬᠦ ᠢᠢᠨ ᠲᠤᠯᠠᠳᠠ ᠲᠠᠯ ᠠ ᠤᠳ ᠤᠨ ᠳᠤᠮᠳᠠ ᠵᠥᠪᠰᠢᠯᠴᠡᠯ ᠢ ᠪᠤᠢ ᠪᠣᠯᠭᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠳ᠋ᠥ ᠡᠮᠵᠡᠭ ᠤᠯᠤᠰ ᠣᠷᠣᠨ ᠨᠤᠭᠤᠳ ᠲᠤ ᠵᠣᠷᠢᠭᠤᠯᠤᠭᠰᠠᠨ ᠠᠯᠳᠠᠭᠳᠠᠯ᠂ ᠬᠣᠬᠢᠷᠠᠯ ᠢ ᠪᠠᠭᠤᠷᠠᠭᠤᠯᠬᠤ ᠰᠠᠩ ᠤᠨ ᠦᠢᠯᠡ ᠠᠵᠢᠯᠯᠠᠭ᠎ᠠ ᠢᠢ ᠡᠬᠢᠯᠡᠭᠦᠯᠬᠦ᠂ ᠫᠠᠷᠢᠰ ᠤᠨ ᠬᠡᠯᠡᠯᠴᠡᠭᠡᠷ ᠦᠨ ᠬᠡᠷᠡᠭᠵᠢᠯᠲᠡ᠂ ᠠᠬᠢᠴᠠ ᠳᠡᠪᠰᠢᠯ ᠦᠨ ᠲᠠᠯ᠎ᠠ ᠪᠠᠷ ᠴᠣᠭᠴᠠ ᠦᠨᠡᠯᠡᠭᠡ ᠬᠢᠬᠦ ᠵᠡᠷᠭᠡ ᠠᠰᠠᠭᠤᠳᠠᠯ ᠢ ᠴᠢᠬᠤᠯᠠᠴᠢᠯᠠᠨ ᠦᠵᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠡᠭᠡᠳᠦ ᠲᠦᠪᠰᠢᠨ ᠦ ᠠᠭᠤᠯᠵᠠᠯᠲᠠ ᠢᠢᠨ 12 ᠳ᠋ᠤᠭᠠᠷ ᠰᠠᠷ᠎ᠠ ᠢᠢᠨ 01 ᠍ ᠦ ᠡᠳᠦᠷ ᠦᠨ ᠬᠤᠷᠠᠯᠳᠤᠭᠠᠨ ᠳᠤ ᠦᠭᠡ ᠬᠡᠯᠡᠵᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠳᠡᠯᠡᠬᠡᠢ ᠢᠢᠨ ᠳᠤᠯᠠᠭᠠᠷᠠᠯ ᠢ ᠰᠠᠭᠠᠷᠠᠭᠤᠯᠬᠤ ᠠᠰᠠᠭᠤᠳᠠᠯ ᠢᠶᠠᠷ ᠮᠣᠩ᠋ᠭᠣᠯ ᠤᠯᠤᠰ ᠤᠨ ᠪᠠᠢᠢᠷᠢ ᠰᠠᠭᠤᠷᠢ ᠢᠢ ᠢᠯᠡᠷᠬᠡᠢᠢᠯᠡᠵᠦ᠂ ᠦᠨᠳᠦᠰᠦᠨ ᠦ ᠲᠦᠪᠰᠢᠨ ᠳᠥ ᠬᠡᠷᠡᠭᠵᠢᠭᠦᠯᠵᠦ ᠪᠤᠢ ᠪᠣᠳᠣᠯᠭ᠎ᠠ᠂ ᠦᠢᠯᠡ ᠠᠵᠢᠯᠯᠠᠭ᠎ᠠ ᠢᠢ ᠲᠠᠨᠢᠯᠴᠠᠭᠤᠯᠤᠨ᠎ᠠ᠃