Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠠᠰᠠᠭᠤᠳᠠᠯ ᠢᠢᠠᠷ ᠬᠢ ᠥᠨᠳᠥᠷ ᠲᠦᠪᠰᠢᠨ ᠦ ᠬᠤᠷᠠᠯᠳᠤᠭᠠᠨ ᠳᠤ ᠣᠷᠣᠯᠴᠠᠵᠤ ᠦᠭᠡ ᠬᠡᠯᠡᠯ᠎ᠡ

ᠠᠷᠠᠪ ᠤᠨ ᠨᠢᠭᠡᠳᠦᠭᠰᠡᠨ ᠡᠮᠢᠷᠠᠲ ᠤᠯᠤᠰ ᠤᠨ ᠳ᠋ᠤᠢᠪᠠᠢ ᠬᠣᠲᠠᠨ᠎ᠠ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2023 ᠣᠨ ᠤ 12 ᠳ᠋ᠤᠭᠠᠷ ᠰᠠᠷ᠎ᠠ ᠢᠢᠨ 02 ᠍ ᠤ ᠡᠳᠦᠷ 《ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠳ᠋ᠠᠬᠢ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠥᠪᠡᠷᠮᠢᠴᠡ ᠰᠣᠷᠢᠯᠲᠠ᠂ ᠪᠡᠷᠬᠡᠰᠢᠶᠡᠯ ᠢ ᠲᠦᠩᠰᠢᠯᠡᠯ ᠦᠨ ᠵᠠᠮ ᠢᠶᠠᠷ ᠰᠢᠢᠳᠪᠦᠷᠢᠯᠡᠬᠦ ᠨᠢ》 ᠰᠡᠳᠦᠪᠲᠦ ᠥᠨᠳᠥᠷ ᠲᠦᠪᠰᠢᠨ ᠦ ᠬᠤᠷᠠᠯᠳᠤᠭᠠᠨ ᠳᠤ ᠣᠷᠣᠯᠴᠠᠵᠤ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠄

《ᠡᠷᠬᠢᠮ ᠬᠦᠨᠳᠦᠳᠥ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠ᠂

ᠡᠷᠬᠢᠮ ᠬᠦᠨᠳᠦᠳᠥ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠪᠦᠯᠦᠭ ᠦᠨ ᠳᠠᠷᠤᠭ᠎ᠠ ᠠ᠂

ᠡᠷᠬᠢᠮ ᠬᠦᠨᠳᠦᠳᠥ ᠵᠣᠴᠢᠳ᠂ ᠲᠥᠯᠥᠭᠡᠯᠡᠭᠴᠢᠳ᠂ ᠬᠠᠲᠤᠭᠲᠠᠢ᠂ ᠨᠣᠶᠠᠳ ᠠ᠋᠂

ᠥᠨᠥᠳᠥᠷ ᠬᠦᠮᠦᠨ ᠲᠥᠷᠥᠯᠬᠢᠲᠡᠨ ᠠᠵᠤ ᠦᠢᠯᠡᠳᠪᠦᠷᠢᠵᠢᠯᠲᠡ ᠡᠴᠡ ᠬᠣᠢᠢᠰᠢᠬᠢ ᠬᠤᠭᠤᠴᠠᠭᠠᠨ ᠳᠤ ᠳᠡᠯᠡᠬᠡᠢ ᠢᠢᠨ ᠴᠠᠭ ᠠᠭᠤᠷ ᠤᠨ ᠬᠤᠪᠢ ᠳᠤ ᠬᠠᠮᠤᠭ ᠤᠨ ᠬᠠᠯᠠᠭᠤᠨ ᠣᠨ ᠵᠢᠯ ᠲᠡᠢ ᠨᠢᠭᠤᠷ ᠲᠤᠯᠤᠭᠰᠠᠨ ᠨᠡᠩ ᠣᠨᠴᠤᠭᠤᠢ ᠴᠠᠭ ᠦᠶ᠎ᠡ ᠳᠥ ᠠᠮᠢᠳᠤᠷᠠᠵᠤ ᠪᠠᠢᠢᠨ᠎ᠠ᠃ ᠳᠡᠯᠡᠬᠡᠢ ᠨᠡᠢᠢᠲᠡ ᠪᠡᠷ ᠢᠶᠡᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠥ ᠬᠢᠬᠦ ᠲᠡᠮᠡᠴᠡᠯ ᠢᠶᠡᠨ ᠤᠯᠠᠮ ᠡᠷᠴᠢᠮᠵᠢᠭᠦᠯᠵᠦ᠂ ᠪᠣᠳᠠᠲᠤ ᠦᠷ᠎ᠡ ᠳ᠋ᠦᠩ ᠳᠥ ᠬᠦᠷᠬᠦ ᠵᠠᠢᠢᠯᠠᠰᠢ ᠦᠭᠡᠢ ᠱᠠᠭᠠᠷᠳᠠᠯᠭ᠎ᠠ ᠲᠠ ᠪᠢᠳᠡᠨ ᠦ ᠡᠮᠦᠨ᠎ᠡ ᠲᠤᠯᠭᠠᠷᠴᠤ ᠪᠠᠢᠢᠨ᠎ᠠ᠃

ᠳᠡᠯᠡᠬᠡᠢ ᠳᠠᠶᠠᠭᠠᠷ ᠬᠡᠲᠦ ᠬᠠᠯᠠᠯᠲᠠ᠂ ᠭᠠᠯ ᠲᠦᠢᠮᠡᠷ᠂ ᠭᠠᠨᠭ᠌ ᠭᠠᠴᠢᠭ᠂ ᠦᠶᠡᠷ ᠤᠰᠤᠨ ᠤ ᠭᠠᠮᠰᠢᠭ ᠨᠢᠭᠤᠷᠯᠠᠵᠤ᠂ ᠪᠠᠢᠢᠭᠠᠯᠢ ᠣᠷᠴᠢᠨ᠂ ᠬᠦᠮᠦᠨ ᠦ ᠨᠡᠢᠢᠭᠡᠮ ᠳᠥ ᠦᠯᠡᠮᠵᠢ ᠬᠡᠮᠵᠢᠶᠡᠨ ᠦ ᠬᠣᠬᠢᠷᠠᠯ ᠤᠴᠢᠷᠴᠤ᠂ ᠳᠠᠢᠢᠨ ᠳᠠᠵᠢᠨ᠂ ᠥᠯᠥᠰᠬᠦᠯᠡᠩ ᠵᠣᠪᠠᠯᠠᠩ ᠠᠴᠠ ᠰᠢᠯᠲᠠᠭᠠᠯᠠᠨ ᠣᠯᠠᠨ ᠰᠠᠶ᠎ᠠ ᠬᠦᠮᠦᠨ ᠬᠣᠬᠢᠷᠠᠵᠤ᠂ ᠠᠮᠢ ᠨᠠᠰᠤ ᠪᠠᠨ ᠠᠯᠳᠠᠵᠤ᠂ ᠡᠬᠡ ᠨᠤᠲᠤᠭ ᠢᠶᠠᠨ ᠣᠷᠬᠢᠨ ᠭᠠᠷᠬᠤ ᠳᠦᠷᠪᠡᠭ᠍ᠰᠡᠳ ᠦᠨ ᠲᠣᠭ᠎ᠠ ᠵᠢᠯ ᠡᠴᠡ ᠵᠢᠯ ᠳᠥ ᠥᠰᠦᠨ ᠨᠡᠮᠡᠭᠳᠡᠵᠦ ᠪᠠᠢᠢᠨ᠎ᠠ᠃

ᠡᠨᠡ ᠬᠦ ᠬᠦᠨᠳᠦ ᠬᠡᠴᠡᠭᠦᠦ ᠴᠠᠭ ᠦᠶ᠎ᠡ ᠳᠥ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠪᠦᠯᠦᠭ ᠦᠨ ᠳᠠᠷᠤᠭ᠎ᠠ ᠴᠠᠭ ᠦᠶ ᠠ ᠪᠡᠨ ᠣᠯᠤᠭᠰᠠᠨ ᠡᠨᠡ ᠬᠦ ᠴᠢᠬᠤᠯᠠ ᠠᠷᠭ᠎ᠠ ᠬᠡᠮᠵᠢᠶ᠎ᠡ ᠢᠢ ᠰᠠᠨᠠᠭᠠᠴᠢᠯᠠᠨ ᠵᠣᠬᠢᠶᠠᠨ ᠪᠠᠢᠢᠭᠤᠯᠵᠤ ᠪᠠᠢᠢᠭ᠎ᠠ ᠳᠤ ᠪᠠᠶᠠᠷᠲᠠᠢ ᠪᠠᠢᠢᠨ᠎ᠠ᠃

ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠣᠯᠠᠨ ᠤᠯᠤᠰ ᠤᠨ ᠵᠠᠬ᠎ᠠ ᠵᠡᠭᠡᠯᠢ ᠡᠴᠡ ᠠᠯᠤᠰᠯᠠᠭᠳᠠᠮᠠᠯ᠂ ᠭᠠᠳᠠᠭᠠᠳᠤ ᠬᠤᠳᠠᠯᠳᠤᠭᠠᠨ ᠤ ᠥᠷᠲᠡᠭ ᠥᠨᠳᠥᠷ᠂ ᠲᠷᠠᠨ᠋ᠽᠢᠲ ᠤᠯᠤᠰ ᠣᠷᠣᠨ ᠨᠤᠭᠤᠳ ᠠᠴᠠ ᠬᠠᠮᠢᠶᠠᠷᠤᠯ ᠶᠡᠬᠡ ᠲᠡᠢ ᠵᠡᠷᠭᠡ ᠣᠯᠠᠨ ᠰᠣᠷᠢᠯᠲᠠ ᠲᠠᠢ ᠲᠤᠯᠭᠠᠷᠴᠤ ᠪᠠᠢᠢᠳᠠᠭ ᠤᠨ ᠵᠡᠷᠭᠡᠴᠡᠭᠡ ᠠᠭᠤᠷ ᠠᠮᠢᠰᠬᠤᠯ ᠤᠨ ᠥᠭᠡᠷᠡᠴᠢᠯᠡᠯᠲᠡ ᠳ᠋ᠥ ᠬᠠᠮᠤᠭ ᠤᠨ ᠶᠡᠬᠡ ᠪᠡᠷ ᠥᠷᠲᠥᠵᠦ ᠪᠠᠢᠢᠳᠠᠭ ᠪᠢᠯᠡ᠃

ᠮᠣᠩ᠋ᠭᠣᠯ ᠤᠯᠤᠰ ᠳᠡᠯᠡᠬᠡᠢ ᠢᠢᠨ ᠨᠡᠢᠢᠲᠡ ᠬᠦᠯᠡᠮᠵᠢ ᠢᠢᠨ ᠬᠡᠢ ᠢᠢᠨ ᠢᠯᠭᠠᠷᠠᠯ ᠤᠨ ᠶᠡᠷᠦ ᠳᠥ ᠪᠡᠨ 0.1 ᠬᠤᠪᠢ ᠢᠢ ᠡᠵᠡᠯᠡᠳᠡᠭ ᠬᠡᠳᠦᠢ ᠴᠤ ᠠᠭᠤᠷ ᠠᠮᠢᠰᠬᠤᠯ ᠤᠨ ᠥᠭᠡᠷᠡᠴᠢᠯᠡᠯᠲᠡ ᠳ᠋ᠥ ᠬᠦᠴᠦᠲᠡᠢ ᠨᠡᠷᠪᠡᠭ᠍ᠳᠡᠵᠦ ᠪᠠᠢᠢᠭ᠎ᠠ ᠤᠯᠤᠰ ᠣᠷᠣᠨ ᠨᠤᠭᠤᠳ ᠤᠨ ᠨᠢᠭᠡ ᠶᠤᠮ᠎᠃

ᠠᠭᠤᠷ ᠠᠮᠢᠰᠬᠤᠯ ᠤᠨ ᠥᠭᠡᠷᠡᠴᠢᠯᠡᠯᠲᠡ ᠳ᠋ᠥ ᠡᠮᠵᠡᠭ᠂ ᠥᠷᠲᠦᠮᠡᠲᠡᠭᠡᠢ ᠤᠯᠤᠰ ᠣᠷᠣᠨ ᠨᠤᠭᠤᠳ ᠲᠤ ᠲᠤᠰᠠᠯᠠᠮᠵᠢ ᠦᠵᠡᠭᠦᠯᠬᠦ ᠵᠣᠷᠢᠯᠭ᠎ᠠ ᠪᠦᠬᠦᠢ 《ᠠᠯᠳᠠᠭᠳᠠᠯ᠂ ᠬᠣᠬᠢᠷᠠᠯ ᠤᠨ ᠰᠠᠨᠭ᠌》 ᠍ ᠦᠨ ᠦᠢᠯᠡ ᠠᠵᠢᠯᠯᠠᠭ᠎ᠠ ᠢᠢ ᠡᠬᠢᠯᠡᠭᠦᠯᠬᠦ ᠨᠢ ᠲᠤᠰᠬᠠᠢ ᠬᠡᠷᠡᠭᠴᠡᠭᠡ ᠱᠠᠭᠠᠷᠳᠠᠯᠭ᠎ᠠ ᠲᠠᠢ ᠤᠯᠤᠰ ᠣᠷᠣᠨ ᠨᠤᠭᠤᠳ ᠲᠤ ᠴᠢᠬᠤᠯᠠ ᠳᠡᠮᠵᠢᠯᠭᠡ ᠪᠣᠯᠤᠨ᠎ᠠ ᠬᠡᠮᠡᠨ ᠦᠵᠡᠵᠦ ᠲᠤᠰ ᠰᠠᠨᠠᠭᠠᠴᠢᠯᠠᠭ᠎ᠠ ᠢᠢ ᠮᠣᠩ᠋ᠭᠣᠯ ᠤᠯᠤᠰ ᠳᠡᠮᠵᠢᠵᠦ ᠪᠠᠢᠢᠭ᠎ᠠ ᠪᠢᠯᠡ᠃
ᠪᠦᠯᠦᠭ ᠦᠨ ᠳᠠᠷᠤᠭ᠎ᠠ ᠠ᠂

ᠮᠠᠨ ᠤ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠳ᠋ᠠᠬᠢ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠪᠦᠯᠦᠭ ᠦᠨ ᠳᠡᠳ᠋ ᠳᠠᠷᠤᠭ᠎ᠠ ᠪᠠᠷ ᠠᠵᠢᠯᠯᠠᠵᠤ᠂ ᠳᠡᠯᠡᠬᠡᠢ ᠢᠢᠨ ᠬᠤᠳᠠᠯᠳᠤᠭᠠᠨ ᠤ ᠪᠠᠢᠢᠭᠤᠯᠤᠯᠭ᠎ᠠ᠂ ᠣᠯᠠᠨ ᠤᠯᠤᠰ ᠤᠨ ᠢᠷᠭᠡᠨ ᠦ ᠠᠭᠠᠷ ᠤᠨ ᠲᠡᠭᠡᠭᠡᠪᠦᠷᠢ ᠢᠢᠨ ᠪᠠᠢᠢᠭᠤᠯᠤᠯᠭ᠎ᠠ ᠢᠢᠨ ᠳᠡᠷᠭᠡᠳᠡ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠍ ᠤᠨ ᠪᠦᠯᠦᠭ ᠢ ᠪᠠᠢᠢᠭᠤᠯᠬᠤ ᠰᠠᠨᠠᠭᠠᠴᠢᠯᠠᠭ᠎ᠠ ᠳᠡᠪᠰᠢᠭᠦᠯᠦᠨ ᠠᠵᠢᠯᠯᠠᠵᠤ ᠪᠠᠢᠢᠨ᠎ᠠ᠃

ᠮᠣᠩ᠋ᠭᠣᠯ ᠤᠯᠤᠰ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠳᠡᠯᠡᠬᠡᠢ ᠢᠢᠨ ᠳᠤᠯᠠᠭᠠᠷᠠᠯ ᠲᠠᠢ ᠲᠡᠮᠡᠴᠡᠬᠦ ᠳᠡᠯᠡᠬᠡᠢ ᠢᠢᠨ ᠨᠡᠢᠢᠲᠡ ᠢᠢᠨ ᠬᠦᠴᠦ ᠴᠢᠷᠮᠠᠢᠢᠯᠲᠠ ᠳᠤ ᠣᠷᠣᠭᠤᠯᠵᠤ ᠪᠤᠢ ᠦᠨᠳᠦᠰᠦᠨ ᠦ ᠬᠤᠪᠢ ᠨᠡᠮᠡᠷᠢ ᠢᠢ ᠨᠡᠮᠡᠭᠳᠡᠭᠦᠯᠬᠦ ᠢᠢ ᠡᠷᠡᠮᠡᠯᠵᠡᠵᠦ᠂ ᠡᠨᠡ ᠬᠦᠷᠢᠶᠡᠨ ᠳᠥ 《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》᠂ 《ᠡᠷᠡᠭᠦᠯ ᠮᠣᠩ᠋ᠭᠣᠯ ᠬᠦᠮᠦᠨ》 ᠵᠡᠷᠭᠡ ᠦᠨᠳᠦᠰᠦᠨ ᠦ ᠬᠥᠳᠡᠯᠭᠡᠭᠡᠨ ᠨᠦᠭᠦᠳ ᠢ ᠰᠠᠨᠠᠭᠠᠴᠢᠯᠠᠨ ᠣᠷᠣᠨ ᠳᠠᠶᠠᠭᠠᠷ ᠠᠮᠵᠢᠯᠲᠠᠲᠠᠢ ᠬᠡᠷᠡᠭᠵᠢᠭᠦᠯᠵᠦ ᠪᠠᠢᠢᠨ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠳᠥ ᠡᠮᠡᠭᠲᠡᠢᠢᠴᠦᠳ ᠦᠨ ᠣᠷᠣᠯᠴᠠᠭ᠎ᠠ᠂ ᠮᠠᠩᠯᠠᠢᠢᠯᠠᠯ ᠴᠢᠬᠤᠯᠠ ᠡᠭᠦᠷᠭᠡ ᠲᠡᠢ ᠲᠤᠯᠠ ᠮᠣᠩ᠋ᠭᠣᠯ ᠤᠯᠤᠰ ᠢᠷᠡᠬᠦ 2024 ᠣᠨ ᠳᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠠᠢ ᠬᠠᠮᠲᠤᠷᠠᠨ 《ᠳᠡᠯᠡᠬᠡᠢ ᠢᠢᠨ ᠡᠮᠡᠭᠲᠡᠢᠢᠴᠦᠳ ᠦᠨ ᠴᠢᠭᠤᠯᠭ᠎ᠠ ᠠᠭᠤᠯᠵᠠᠯᠲᠠ》 ᠍ ᠢᠢ ᠡᠬᠡ ᠣᠷᠣᠨ ᠳᠤ ᠪᠠᠨ ᠵᠣᠬᠢᠶᠠᠨ ᠪᠠᠢᠢᠭᠤᠯᠵᠤ᠂ ᠡᠨᠡ ᠠᠰᠠᠭᠤᠳᠠᠯ ᠢ ᠲᠤᠰᠬᠠᠢᠢᠯᠠᠨ ᠬᠡᠯᠡᠯᠴᠡᠬᠦ ᠪᠡᠷ ᠲᠥᠯᠥᠪᠯᠡᠵᠦ ᠪᠠᠢᠢᠨ᠎ᠠ᠃

ᠮᠥᠨ 2026 ᠣᠨ ᠳᠤ ᠴᠥᠯᠵᠢᠯᠲᠡ ᠢᠢᠨ ᠲᠤᠬᠠᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠺᠣᠨ᠋ᠸᠧᠨ᠋ᠼ ᠤᠨ ᠲᠠᠯ ᠠ ᠤᠳ ᠤᠨ 17 ᠳ᠋ᠤᠭᠠᠷ ᠪᠠᠭ᠎ᠠ ᠬᠤᠷᠠᠯ ᠢ ᠮᠣᠩ᠋ᠭᠣᠯ ᠤᠯᠤᠰ ᠬᠦᠯᠢᠶᠡᠨ ᠠᠪᠴᠤ ᠵᠣᠬᠢᠶᠠᠨ ᠪᠠᠢᠢᠭᠤᠯᠬᠤ ᠪᠠᠷ ᠪᠡᠯᠡᠳᠬᠡᠯ ᠠᠵᠢᠯ ᠢ ᠬᠠᠩ᠋ᠭᠠᠵᠤ ᠪᠠᠢᠢᠨ᠎ᠠ᠃

ᠲᠡᠭᠦᠨᠴᠢᠯᠡᠨ ᠮᠣᠩ᠋ᠭᠣᠯ ᠤᠯᠤᠰ ᠢᠷᠡᠬᠦ 2026 ᠣᠨ ᠢ 《ᠪᠡᠯᠴᠢᠭᠡᠷ ᠪᠠ ᠨᠡᠭᠦᠳᠡᠯ ᠦᠨ ᠮᠠᠯ ᠠᠵᠤ ᠠᠬᠤᠢ ᠡᠷᠬᠢᠯᠡᠭᠴᠢᠳ ᠦᠨ ᠣᠯᠠᠨ ᠤᠯᠤᠰ ᠤᠨ ᠵᠢᠯ》 ᠪᠣᠯᠭᠠᠬᠤ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ ᠲᠣᠭᠲᠠᠭᠠᠯ ᠢ ᠰᠠᠨᠠᠭᠠᠴᠢᠯᠠᠨ ᠪᠠᠲᠤᠯᠠᠭᠤᠯᠤᠭᠰᠠᠨ ᠢ ᠳᠠᠭᠤᠯᠭᠠᠬᠤ ᠳᠤ ᠲᠠᠭᠠᠲᠠᠢ ᠪᠠᠢᠢᠨ᠎ᠠ᠃

ᠮᠥᠩᠬᠡ ᠬᠥᠬᠡ ᠲᠩᠷᠢ ᠢᠢᠨ ᠣᠷᠣᠨ ᠲᠠᠯ᠎ᠠ ᠨᠤᠲᠤᠭ ᠤᠨ ᠮᠠᠨ ᠤ ᠰᠠᠢᠢᠬᠠᠨ ᠤᠯᠤᠰ ᠲᠤ ᠵᠣᠬᠢᠶᠠᠨ ᠪᠠᠢᠢᠭᠤᠯᠤᠭᠳᠠᠬᠤ ᠡᠳᠡᠭᠡᠷ ᠴᠢᠭᠤᠯᠭ᠎ᠠ ᠠᠭᠤᠯᠵᠠᠯᠲᠠ᠂ ᠠᠷᠭ᠎ᠠ ᠬᠡᠮᠵᠢᠶᠡᠨ ᠳᠥ ᠡᠷᠬᠢᠮ ᠬᠦᠨᠳᠦᠳᠥ ᠲᠠ ᠪᠦᠬᠦᠨ ᠢ ᠬᠦᠷᠦᠯᠴᠡᠨ ᠢᠷᠡᠵᠦ ᠣᠷᠣᠯᠴᠠᠬᠤ ᠢᠢ ᠤᠷᠢᠵᠤ ᠪᠠᠢᠢᠨ᠎ᠠ᠃
ᠪᠦᠯᠦᠭ ᠦᠨ ᠳᠠᠷᠤᠭ᠎ᠠ ᠠ᠂

ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠳ᠋ᠠᠬᠢ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠥᠪᠡᠷᠮᠢᠴᠡ ᠰᠣᠷᠢᠯᠲᠠ ᠪᠡᠷᠬᠡᠰᠢᠶᠡᠯ ᠢ ᠳᠠᠪᠠᠨ ᠲᠤᠭᠤᠯᠬᠤ ᠳᠤ ᠪᠢᠳᠡᠨ ᠳᠥ ᠰᠢᠨᠵᠢᠯᠡᠬᠦ ᠤᠬᠠᠭᠠᠨ ᠤ ᠦᠨᠳᠦᠰᠦᠯᠡᠯ ᠲᠡᠢ ᠪᠣᠳᠠᠲᠤ ᠲᠣᠭ᠎ᠠ ᠪᠠᠷᠢᠮᠲᠠ ᠪᠦᠬᠦᠢ ᠰᠤᠳᠤᠯᠭ᠎ᠠ ᠰᠢᠨᠵᠢᠯᠡᠭᠡᠨ ᠦ ᠠᠵᠢᠯ ᠬᠡᠷᠡᠭᠲᠡᠢ᠃

ᠲᠡᠢᠢᠮᠦ ᠤᠴᠢᠷ ᠠᠴᠠ ᠮᠠᠨ ᠤ ᠤᠯᠤᠰ ᠤᠯᠠᠭᠠᠨᠪᠠᠭᠠᠲᠤᠷ ᠲᠤ ᠲᠥᠪ ᠲᠡᠢ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠡᠭᠦᠰᠬᠡᠨ ᠪᠠᠢᠢᠭᠤᠯᠵᠤ᠂ ᠪᠡᠶ᠎ᠡ ᠳᠠᠭᠠᠭᠰᠠᠨ ᠣᠯᠠᠨ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠪᠠᠢᠢᠭᠤᠯᠤᠯᠭ᠎ᠠ ᠪᠣᠯᠲᠠᠯ᠎ᠠ ᠨᠢ ᠬᠥᠭ᠍ᠵᠢᠭᠦᠯᠦᠨ ᠪᠡᠬᠢᠵᠢᠭᠦᠯᠵᠦ᠂ ᠲᠤᠰ ᠪᠠᠢᠢᠭᠤᠯᠤᠯᠭ᠎ᠠ ᠤᠨ ᠱᠤᠭᠤᠮ ᠢᠶᠠᠷ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠬᠥᠭ᠍ᠵᠢᠯ ᠦᠨ ᠪᠣᠳᠣᠯᠭ᠎ᠠ ᠪᠣᠯᠪᠠᠰᠤᠷᠠᠭᠤᠯᠬᠤ ᠦᠢᠯᠡᠰ ᠲᠥ ᠦᠨᠡᠲᠡᠢ ᠬᠤᠪᠢ ᠨᠡᠮᠡᠷᠢ ᠣᠷᠣᠭᠤᠯᠤᠭᠰᠠᠭᠠᠷ ᠢᠷᠡᠭᠰᠡᠨ ᠪᠢᠯᠡ᠃

ᠲᠤᠰ ᠰᠤᠳᠤᠯᠭᠠᠨ ᠤ ᠲᠥᠪ ᠨᠢ ᠰᠡᠭᠦᠯ ᠦᠨ ᠠᠷᠪᠠᠨ ᠵᠢᠯ ᠦᠨ ᠲᠤᠷᠰᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠲᠠᠢ ᠬᠠᠮᠲᠤᠷᠠᠨ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠍ ᠤᠨ ᠪᠦᠯᠦᠭ ᠦᠨ ᠭᠡᠰᠢᠭᠦᠨ ᠣᠷᠣᠨ ᠨᠤᠭᠤᠳ ᠲᠤ ᠴᠢᠬᠤᠯᠠ ᠠᠴᠢ ᠬᠣᠯᠪᠣᠭᠳᠠᠯ ᠪᠦᠬᠦᠢ ᠪᠣᠳᠣᠯᠭ᠎ᠠ ᠢᠢᠨ ᠰᠤᠳᠤᠯᠭᠠᠨ ᠤ ᠠᠵᠢᠯ ᠢ ᠴᠢᠨᠠᠷ ᠤᠨ ᠥᠨᠳᠥᠷ ᠲᠦᠪᠰᠢᠨ ᠳᠥ ᠬᠢᠵᠦ ᠭᠦᠢᠴᠡᠳᠭᠡᠭ᠍ᠰᠡᠭᠡᠷ ᠢᠷᠡᠭᠰᠡᠨ ᠭᠡᠵᠦ ᠪᠢᠳᠡ ᠦᠵᠡᠳᠡᠭ᠃
ᠲᠤᠰ ᠰᠤᠳᠤᠯᠭᠠᠨ ᠤ ᠲᠥᠪ ᠨᠢ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠳ᠋ᠠᠬᠢ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ᠂ ᠲᠡᠭᠦᠨ ᠦ ᠰᠥᠷᠭᠦ ᠨᠥᠯᠥᠭᠡᠯᠡᠯ ᠢ ᠳᠠᠪᠠᠨ ᠲᠤᠭᠤᠯᠬᠤ᠂ ᠢᠯᠠᠩ᠋ᠭᠤᠶ᠎ᠠ ᠠᠭᠤᠷ ᠠᠮᠢᠰᠬᠤᠯ ᠤᠨ ᠥᠭᠡᠷᠡᠴᠢᠯᠡᠯᠲᠡ ᠳ᠋ᠥ ᠥᠷᠲᠦᠮᠡᠲᠡᠭᠡᠢ ᠬᠦᠨᠡᠰᠦ᠂ ᠬᠥᠳᠡᠭᠡ ᠠᠵᠤ ᠠᠬᠤᠢ᠂ ᠡᠷᠴᠢᠮ ᠬᠦᠴᠦᠨ ᠦ ᠰᠠᠯᠪᠤᠷᠢ ᠨᠤᠭᠤᠳ ᠳ᠋ᠠᠬᠢ ᠪᠣᠳᠣᠯᠭ᠎ᠠ᠂ ᠰᠲ᠋ᠷᠠᠲ᠋ᠧᠭᠢ᠂ ᠬᠠᠮᠲᠤ ᠢᠢᠨ ᠠᠵᠢᠯᠯᠠᠭᠠᠨ ᠤ ᠦᠷ᠎ᠡ ᠋ᠳ᠋ᠦᠩ ᠲᠡᠢ ᠠᠷᠭ᠎ᠠ ᠵᠠᠮ ᠢ ᠲᠣᠳᠣᠷᠬᠠᠢᠢᠯᠠᠬᠤ ᠳᠤ ᠬᠤᠪᠢ ᠨᠡᠮᠡᠷᠢ ᠪᠣᠯᠬᠤ ᠠᠴᠢ ᠬᠣᠯᠪᠣᠭᠳᠠᠯ ᠪᠦᠬᠦᠢ ᠰᠤᠳᠤᠯᠭᠠᠨ ᠤ ᠠᠵᠢᠯ ᠢ ᠭᠦᠢᠴᠡᠳᠭᠡᠬᠦ ᠪᠣᠯᠤᠮᠵᠢ ᠲᠠᠢ ᠶᠤᠮ᠃

ᠲᠡᠢᠢᠮᠦ ᠡᠴᠡ ᠲᠠ ᠪᠦᠬᠦᠨ ᠢ ᠡᠨᠡ ᠬᠦ ᠣᠯᠠᠨ ᠤᠯᠤᠰ ᠤᠨ ᠰᠤᠳᠤᠯᠭᠠᠨ ᠤ ᠲᠥᠪ ᠲᠡᠢ ᠬᠠᠮᠲᠤᠷᠠᠨ ᠰᠤᠳᠤᠯᠭᠠᠨ ᠤ ᠲᠥᠰᠦᠯ ᠦᠳ ᠬᠡᠷᠡᠭᠵᠢᠭᠦᠯᠬᠦ ᠢᠢ ᠤᠷᠢᠶᠠᠯᠠᠵᠤ ᠪᠠᠢᠢᠨ᠎ᠠ᠃

ᠲᠡᠭᠦᠨᠴᠢᠯᠡᠨ 《ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠪᠠᠢᠢᠭᠤᠯᠬᠤ ᠲᠤᠬᠠᠢ ᠣᠯᠠᠨ ᠲᠠᠯᠠᠲᠤ ᠬᠡᠯᠡᠯᠴᠡᠭᠡᠷ》ᠲᠥ ᠨᠢᠭᠡᠳᠬᠦ ᠢᠢ ᠡᠯ᠎ᠡ ᠬᠡᠯᠡᠯᠴᠡᠭᠡᠷ ᠲᠥ ᠨᠢᠭᠡᠳᠦᠭᠡ ᠦᠭᠡᠢ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠲᠤ ᠤᠷᠢᠶᠠᠯᠠᠵᠤ ᠪᠠᠢᠢᠨ᠎ᠠ᠃ ᠢᠩ᠋ᠭᠢᠭ᠍ᠰᠡᠨ ᠢᠶᠡᠷ ᠡᠯ᠎ᠡ ᠰᠤᠳᠤᠯᠭᠠᠨ ᠤ ᠲᠥᠪ ᠤᠯᠠᠮ ᠪᠡᠬᠢᠵᠢᠨ ᠬᠥᠭ᠍ᠵᠢᠵᠦ᠂ ᠳᠠᠯᠠᠢ ᠳᠤ ᠭᠠᠷᠴᠠ ᠦᠭᠡᠢ ᠣᠷᠣᠨ ᠨᠤᠭᠤᠳ ᠤᠨ ᠰᠤᠳᠤᠯᠤᠭᠠᠴᠢᠳ ᠤᠨ ᠪᠠᠭ ᠬᠠᠮᠲᠤᠷᠠᠨ ᠠᠵᠢᠯᠯᠠᠵᠤ᠂ ᠲᠣᠮᠣᠬᠠᠨ ᠰᠤᠳᠤᠯᠭᠠᠨ ᠤ ᠠᠵᠢᠯ ᠢ ᠭᠦᠢᠴᠡᠳᠭᠡᠬᠦ ᠪᠣᠯᠤᠮᠵᠢ ᠤᠯᠠᠮ ᠨᠡᠮᠡᠭᠳᠡᠨ᠎ᠡ ᠭᠡᠵᠦ ᠦᠵᠡᠵᠦ ᠪᠠᠢᠢᠨ᠎ᠠ᠃
ᠪᠦᠯᠦᠭ ᠦᠨ ᠳᠠᠷᠤᠭ᠎ᠠ ᠠ᠂

ᠮᠣᠩ᠋ᠭᠣᠯ ᠤᠯᠤᠰ 2024 ᠣᠨ ᠳᠤ ᠷᠸᠠᠨ᠋ᠳᠠ ᠤᠯᠤᠰ ᠤᠨ ᠺᠢᠭᠠᠯᠢ ᠬᠣᠲᠠᠨ᠎ᠠ ᠪᠣᠯᠬᠤ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠠᠰᠠᠭᠤᠳᠠᠯ ᠢᠢᠠᠷ ᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠭᠤᠷᠪᠠᠳᠤᠭᠠᠷ ᠪᠠᠭ᠎ᠠ ᠬᠤᠷᠠᠯ ᠳᠤ ᠥᠨᠳᠦᠷ ᠠᠴᠢ ᠬᠣᠯᠪᠣᠭᠳᠠᠯ ᠥᠭᠴᠦ᠂ ᠪᠡᠯᠡᠳᠬᠡᠯ ᠠᠵᠢᠯ ᠢ ᠬᠠᠩ᠋ᠭᠠᠬᠤ ᠳᠤ ᠢᠳᠡᠪᠬᠢᠲᠡᠢ ᠣᠷᠣᠯᠴᠠᠵᠤ ᠪᠠᠢᠢᠨ᠎ᠠ᠃

ᠪᠠᠭ᠎ᠠ ᠬᠤᠷᠠᠯ ᠨᠢ 《ᠸᠸᠨ ᠤᠨ ᠦᠢᠯᠡ ᠠᠵᠢᠯᠯᠠᠭᠠᠨ ᠤ ᠬᠥᠲᠥᠯᠪᠦᠷᠢ》 ᠍ ᠦᠨ ᠦᠨᠡᠯᠡᠭᠡᠨ ᠦ ᠲᠤᠷᠰᠢᠯᠭ᠎ᠠ᠂ ᠰᠤᠷᠭᠠᠮᠵᠢ ᠳᠤ ᠲᠤᠯᠭᠠᠭᠤᠷᠢᠯᠠᠨ ᠲᠤᠰᠬᠠᠢ ᠬᠡᠷᠡᠭᠴᠡᠭᠡ ᠱᠠᠭᠠᠷᠳᠠᠯᠭ᠎ᠠ ᠲᠠᠢ ᠡᠳᠡᠭᠡᠷ ᠤᠯᠤᠰ ᠤᠨ ᠢᠷᠡᠬᠦ 10 ᠵᠢᠯ ᠦᠨ ᠬᠥᠭ᠍ᠵᠢᠯ ᠦᠨ ᠲᠥᠯᠥᠪᠯᠡᠭᠡ ᠢᠢ ᠬᠡᠯᠡᠯᠴᠡᠨ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠭᠡᠳᠡᠭ ᠲᠥ ᠪᠢᠳᠡ ᠢᠲᠡᠭᠡᠯ ᠲᠡᠢ ᠪᠠᠢᠢᠨ᠎ᠠ᠃

ᠡᠴᠦᠰ ᠲᠥ ᠨᠢ ᠬᠡᠯᠡᠬᠦ ᠳᠥ ᠳᠠᠯᠠᠢ ᠳᠤ ᠭᠠᠷᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ ᠤᠨ ᠨᠢᠭᠡᠳᠦᠮᠡᠯ ᠪᠠᠢᠢᠳᠠᠯ᠂ ᠬᠠᠷᠢᠯᠴᠠᠨ ᠣᠢᠢᠯᠠᠭᠠᠯᠴᠠᠯ᠂ ᠲᠦᠩᠰᠢᠯᠡᠯ᠂ ᠬᠠᠮᠲᠤ ᠢᠢᠨ ᠠᠵᠢᠯᠯᠠᠭ᠎ᠠ ᠪᠠᠨ᠂ ᠵᠣᠷᠢᠮᠠᠭ ᠰᠢᠢᠳᠪᠦᠷᠢ᠂ ᠲᠤᠭᠤᠰᠢᠲᠠᠢ ᠬᠢᠴᠢᠶᠡᠯ ᠵᠢᠳᠬᠦᠯ ᠨᠢ ᠲᠤᠯᠭᠠᠷᠴᠤ ᠪᠤᠢ ᠰᠣᠷᠢᠯᠲᠠ ᠪᠡᠷᠬᠡᠰᠢᠶᠡᠯ ᠢ ᠳᠠᠪᠠᠨ ᠲᠤᠭᠤᠯᠬᠤ᠂ ᠳᠡᠪᠰᠢᠭᠦᠯᠦᠭᠰᠡᠨ ᠵᠣᠷᠢᠯᠲᠠ ᠪᠠᠨ ᠠᠮᠵᠢᠯᠲᠠᠲᠠᠢ ᠬᠡᠷᠡᠭᠵᠢᠭᠦᠯᠵᠦ᠂ ᠲᠣᠭᠲᠠᠪᠤᠷᠢᠲᠠᠢ ᠬᠥᠭ᠍ᠵᠢᠯ ᠢ ᠴᠣᠭᠴᠠᠯᠠᠭᠠᠬᠤ ᠳᠤ ᠴᠢᠬᠤᠯᠠ ᠡᠭᠦᠷᠭᠡᠲᠡᠢ ᠢᠢ ᠣᠨᠴᠠᠯᠠᠨ ᠲᠡᠮᠳᠡᠭᠯᠡᠬᠦ ᠢᠢ ᠬᠦᠰᠡᠵᠦ ᠪᠠᠢᠢᠨ᠎ᠠ᠃

ᠮᠣᠩ᠋ᠭᠣᠯᠴᠤᠳ ᠪᠢᠳᠡ ᠡᠬᠡ ᠪᠣᠯᠤᠭᠰᠠᠨ ᠪᠠᠢᠢᠭᠠᠯᠢ ᠳᠡᠯᠡᠬᠡᠢ ᠪᠡᠨ ᠠᠪᠤᠷᠠᠨ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ ᠢᠢᠨ ᠲᠥᠯᠦᠭᠡ ᠪᠦᠬᠦᠢ ᠯᠠ ᠨᠥᠭᠡᠴᠡ ᠪᠣᠯᠤᠯᠴᠠᠭ᠎ᠠ ᠪᠠᠨ ᠳᠠᠢᠢᠴᠢᠯᠠᠨ ᠳᠡᠯᠡᠬᠡᠢ ᠢᠢᠨ ᠤᠯᠤᠰ ᠣᠷᠣᠨ ᠨᠤᠭᠤᠳ ᠲᠠᠢ ᠪᠦᠬᠦ ᠲᠠᠯ᠎ᠠ ᠪᠠᠷ ᠬᠠᠮᠲᠤᠷᠠᠨ ᠠᠵᠢᠯᠯᠠᠬᠤ ᠪᠣᠯᠤᠨ᠎ᠠ᠃

ᠮᠥᠩᠬᠡ ᠬᠥᠬᠡ ᠲᠩᠷᠢ ᠬᠦᠮᠦᠨ ᠲᠥᠷᠥᠯᠬᠢᠲᠡᠨ ᠪᠢᠳᠡᠨ ᠢ ᠥᠨᠢ ᠮᠥᠩᠬᠡᠳᠡ ᠢᠪᠡᠭᠡᠬᠦ ᠪᠣᠯᠲᠤᠭᠠᠢ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃》