Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠰᠢᠨ᠎ᠡ ᠵᠢᠯ ᠦᠨ ᠮᠡᠨᠳᠦᠴᠢᠯᠡᠭᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ 2023-2024 ᠣᠨ ᠤ ᠰᠢᠨ᠎ᠡ ᠵᠢᠯ ᠦᠨ ᠮᠡᠨᠳᠦᠴᠢᠯᠡᠭᠡ ᠢᠢ ᠬᠦᠷᠭᠡᠵᠦ ᠪᠠᠢᠢᠨ᠎ᠠ᠃

ᠮᠡᠨᠳᠦᠴᠢᠯᠡᠭᠡᠨ ᠳᠥ ᠄

《ᠮᠠᠨ ᠤ ᠤᠯᠤᠰ ᠤᠨ ᠡᠷᠬᠢᠮ ᠬᠦᠨᠳᠦᠳᠥ ᠠᠷᠠᠳ ᠢᠷᠭᠡᠳ ᠡ᠂

ᠡᠯᠢᠭᠡ ᠨᠢᠭᠡᠲᠦ ᠮᠣᠩ᠋ᠭᠣᠯ ᠠᠬᠠᠨ ᠳᠡᠭᠦᠰ ᠡ᠂

ᠲᠠ ᠪᠦᠬᠦᠨ ᠳᠥ ᠪᠡᠨ ᠠᠢᠢᠯᠴᠢᠯᠠᠨ ᠢᠷᠡᠵᠦ ᠪᠤᠢ ᠰᠢᠨ᠎ᠡ ᠣᠨ᠂ ᠰᠢᠨ᠎ᠡ ᠵᠢᠯ ᠦᠨ ᠪᠠᠶᠠᠷ ᠤᠨ ᠮᠡᠨᠳᠦ ᠢᠢ ᠡᠷᠭᠦᠨ ᠳᠡᠪᠰᠢᠭᠦᠯᠦᠶ᠎ᠡ᠃

ᠰᠢᠨ᠎ᠡ ᠵᠢᠯ ᠦᠨ ᠪᠠᠶᠠᠷ ᠪᠣᠯ ᠠᠢᠢᠯ ᠡᠷᠦᠬᠡ᠂ ᠤᠯᠤᠰ ᠦᠨᠳᠦᠰᠦᠲᠡᠨ ᠢᠶᠡᠷ ᠢᠶᠡᠨ ᠤᠯᠠᠷᠢᠨ ᠣᠳᠴᠤ ᠪᠤᠢ ᠣᠨ ᠤ ᠪᠠᠨ ᠠᠵᠢᠯ ᠦᠢᠯᠡᠰ ᠢ ᠳ᠋ᠦᠩᠨᠡᠨ ᠴᠡᠩᠨᠡᠵᠦ᠂ ᠢᠷᠡᠵᠦ ᠪᠤᠢ ᠰᠢᠨ᠎ᠡ ᠣᠨ ᠳᠤ ᠪᠠᠨ ᠡᠷᠴᠢ ᠬᠦᠴᠦ᠂ ᠬᠦᠰᠡᠯ ᠲᠡᠮᠡᠦᠯᠡᠯ᠂ ᠠᠵᠠ ᠵᠢᠷᠭᠠᠯ᠂ ᠠᠮᠵᠢᠯᠲᠠ ᠪᠦᠲᠦᠭᠡᠯ ᠢᠶᠡᠷ ᠳᠦᠭᠦᠷᠡᠩ ᠪᠠᠢᠢᠬᠤ ᠢᠢᠨ ᠢᠷᠦᠭᠡᠯ ᠢ ᠡᠷᠭᠦᠨ ᠳᠡᠪᠰᠢᠭᠦᠯᠵᠦ᠂ ᠬᠠᠯᠠᠭᠤᠨ ᠠᠮᠠ ᠪᠦᠯᠢ᠂ ᠬᠠᠢᠢᠷᠠᠲᠠᠢ ᠪᠦᠬᠦᠨ ᠲᠡᠢ ᠪᠡᠨ ᠬᠠᠮᠲᠤ ᠳᠤ ᠪᠠᠨ ᠰᠢᠨ᠎ᠡ ᠣᠨ ᠢᠶᠠᠨ ᠰᠡᠳᠬᠢᠯ ᠳᠣᠭᠳᠣᠯᠤᠨ ᠤᠭᠲᠤᠳᠠᠭ ᠬᠦᠮᠦᠨ ᠲᠥᠷᠥᠯᠬᠢᠲᠡᠨ ᠦ ᠪᠠᠶᠠᠷ ᠪᠢᠯᠡ᠃

ᠤᠯᠠᠷᠢᠨ ᠣᠳᠴᠤ ᠪᠤᠢ 2023 ᠣᠨ ᠬᠦᠮᠦᠨ ᠲᠥᠷᠥᠯᠬᠢᠲᠡᠨ ᠦ ᠬᠤᠪᠢ ᠳᠤ ᠭᠧᠣᠫᠣᠯᠢᠲ᠋ᠢᠭ᠂ ᠭᠧᠣᠰᠲ᠋ᠷᠠᠲ᠋ᠧᠭᠢ᠂ ᠪᠠᠢᠢᠭᠠᠯᠢ ᠴᠠᠭ ᠠᠭᠤᠷ ᠤᠨ ᠭᠡᠳ ᠠᠮᠠᠷ ᠦᠭᠡᠢ ᠬᠦᠨᠳᠦ ᠴᠠᠭ ᠦᠶ᠎ᠡ ᠪᠠᠢᠢᠭᠰᠠᠨ ᠬᠡᠳᠦᠢ ᠴᠤ ᠮᠣᠩ᠋ᠭᠣᠯᠴᠤᠳ ᠪᠢᠳᠡᠨ ᠦ ᠬᠤᠪᠢ ᠳᠤ ᠭᠠᠳᠠᠭᠠᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠵᠦ᠂ ᠡᠳ᠋ ᠍ ᠦᠨ ᠵᠠᠰᠠᠭ ᠢᠶᠠᠨ ᠰᠡᠷᠭᠦᠭᠡᠨ᠂ ᠬᠦᠨᠡᠰᠦᠨ ᠦ ᠦᠢᠯᠡᠳᠪᠦᠷᠢᠯᠡᠯ᠂ ᠨᠣᠭᠣᠭᠠᠨ ᠬᠥᠭ᠍ᠵᠢᠯ ᠢ ᠳᠡᠮᠵᠢᠵᠦ᠂ ᠲᠡᠦᠬᠡ ᠰᠤᠶᠤᠯ᠂ ᠥᠪ ᠤᠯᠠᠮᠵᠢᠯᠠᠯ ᠢᠶᠠᠨ ᠳᠡᠯᠡᠬᠡᠢ ᠳᠠᠬᠢᠨ ᠳᠤ ᠰᠤᠷᠲᠠᠯᠴᠢᠯᠠᠨ ᠲᠠᠨᠢᠭᠤᠯᠤᠭᠰᠠᠨ ᠲᠡᠦᠬᠡᠨ ᠦᠢᠯᠡ ᠶᠠᠪᠤᠳᠠᠯ ᠢᠶᠠᠷ ᠳᠦᠭᠦᠷᠡᠩ ᠵᠢᠯ ᠪᠠᠢᠢᠯ᠎ᠠ᠃

ᠡᠨᠡ ᠵᠢᠯ ᠮᠠᠨ ᠤ ᠤᠯᠤᠰ ᠤᠨ ᠡᠳ᠋ ᠍ ᠦᠨ ᠵᠠᠰᠠᠭ 6.9 ᠬᠤᠪᠢ ᠪᠠᠷ ᠥᠰᠴᠦ᠂ ᠭᠠᠳᠠᠭᠠᠳᠤ ᠸᠠᠯᠤᠢᠲ᠋ ᠤᠨ ᠠᠯᠪᠠᠨ ᠨᠥᠭᠡᠴᠡ 4.5 ᠲᠡᠷᠪᠤᠮ ᠠᠮ᠂ ᠳ᠋ᠣᠯᠯᠠᠷ ᠲᠤ ᠬᠦᠷᠴᠦ᠂ 16.5 ᠬᠤᠪᠢ ᠳᠤ ᠬᠦᠷᠡᠭᠡᠳ ᠪᠠᠢᠢᠭᠰᠠᠨ ᠢᠨ᠋ᠹᠯᠢᠶᠠᠼ 8.6 ᠬᠤᠪᠢ ᠪᠣᠯᠤᠨ ᠪᠠᠭᠤᠷᠴᠤ᠂ ᠲᠥᠰᠥᠪ ᠦᠨ ᠣᠷᠣᠯᠭ᠎ᠠ ᠨᠡᠮᠡᠭᠳᠡᠵᠦ᠂ ᠮᠣᠩ᠋ᠭᠣᠯ ᠤᠯᠤᠰ ᠤᠨ ᠨᠢᠭᠡᠳᠦᠭᠰᠡᠨ ᠲᠥᠰᠥᠪ ᠴᠠᠷ᠎ ᠲᠠᠬᠤᠯ ᠠᠴᠠ ᠬᠣᠢᠢᠰᠢ ᠠᠩᠬ᠎ᠠ ᠤᠳᠠᠭ᠎ᠠ ᠠᠰᠢᠭᠲᠠᠢ ᠭᠠᠷᠪᠠ᠃

ᠮᠥᠨ ᠮᠠᠨ ᠤ ᠤᠯᠤᠰ ᠤᠨ ᠭᠠᠳᠠᠭᠠᠳᠤ ᠪᠣᠳᠣᠯᠭ᠎ᠠ᠂ ᠭᠠᠳᠠᠭᠠᠳᠤ ᠬᠠᠷᠢᠯᠴᠠᠭ᠎ᠠ ᠤᠯᠠᠮ ᠥᠷᠭᠡᠵᠢᠨ ᠪᠡᠬᠢᠵᠢᠵᠦ᠂ ᠲᠡᠦᠬᠡᠨ ᠳᠥ ᠲᠣᠳᠣ ᠪᠠᠷ ᠪᠢᠴᠢᠭᠳᠡᠨ ᠦᠯᠡᠳᠡᠬᠦ ᠲᠥᠷᠥ ᠢᠢᠨ ᠠᠢᠢᠯᠴᠢᠯᠠᠯ ᠤᠳ ᠠᠮᠵᠢᠯᠲᠠ ᠲᠠᠢ ᠬᠢᠭ᠍ᠳᠡᠵᠦ᠂ ᠮᠣᠩ᠋ᠭᠣᠯᠴᠤᠳ ᠪᠢᠳᠡᠨ ᠦ ᠪᠠᠶᠠᠯᠢᠭ ᠲᠡᠦᠬᠡ᠂ ᠪᠠᠬᠠᠳᠤᠮ᠎ᠠ ᠰᠤᠶᠤᠯ᠂ ᠰᠤᠤ ᠠᠯᠳᠠᠷ ᠢ ᠳᠡᠯᠡᠬᠡᠢ ᠳᠠᠬᠢᠨ ᠳᠤ ᠰᠤᠷᠲᠠᠯᠴᠢᠯᠠᠨ ᠲᠠᠨᠢᠭᠤᠯᠤᠭᠰᠠᠨ᠂ ᠭᠠᠳᠠᠭᠠᠳᠤ ᠬᠠᠷᠢᠯᠴᠠᠭᠠᠨ ᠤ ᠥᠷᠨᠢᠯ ᠪᠠᠳᠠᠷᠠᠯ ᠤᠨ ᠲᠡᠦᠬᠡᠨ ᠣᠨ ᠵᠢᠯ ᠪᠠᠢᠢᠯ᠎ᠠ᠃

ᠮᠣᠩ᠋ᠭᠣᠯ ᠤᠯᠤᠰ ᠡᠨᠡ ᠵᠢᠯ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠪᠦᠬᠦ ᠭᠡᠰᠢᠭᠦᠨ ᠣᠷᠣᠨ ᠪᠣᠯᠬᠤ 192 ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠬᠤ ᠵᠣᠷᠢᠯᠲᠠ ᠪᠠᠨ ᠪᠦᠷᠢᠨ ᠬᠠᠩ᠋ᠭᠠᠨ ᠬᠡᠷᠡᠭᠵᠢᠭᠦᠯᠵᠦ ᠴᠢᠳᠠᠭᠰᠠᠨ ᠪᠥᠭᠡᠳ ᠳᠡᠯᠡᠬᠡᠢ ᠢᠢᠨ ᠪᠦᠬᠦ ᠤᠯᠤᠰ ᠣᠷᠣᠨ ᠲᠠᠢ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠲᠠᠢ ᠪᠣᠯᠪᠠ᠃

ᠡᠭᠦᠨ ᠦ ᠵᠡᠷᠭᠡᠴᠡᠭᠡ ᠮᠣᠩ᠋ᠭᠣᠯ ᠤᠯᠤᠰ ᠠᠴᠠ ᠠᠩᠬ᠎ᠠ ᠤᠳᠠᠭ᠎ᠠ ᠣᠯᠠᠨ ᠤᠯᠤᠰ ᠤᠨ ᠡᠷᠡᠭᠦᠦ ᠢᠢᠨ ᠰᠢᠭᠦᠬᠦ ᠢᠢᠨ ᠰᠢᠭᠦᠭ᠍ᠴᠢ ᠰᠣᠩ᠋ᠭᠣᠭᠳᠠᠵᠤ᠂ ᠮᠣᠩ᠋ᠭᠣᠯ ᠤᠯᠤᠰ ᠤᠨ ᠢᠷᠭᠡᠳ ᠸᠢᠽ ᠥᠭᠡᠢ ᠵᠣᠷᠴᠢᠬᠤ ᠤᠯᠤᠰ ᠣᠷᠣᠨ ᠨᠤᠭᠤᠳ ᠤᠨ ᠲᠣᠭ᠎ᠠ ᠨᠡᠮᠡᠭᠳᠡᠵᠦ᠂ ᠮᠠᠨ ᠤ ᠤᠯᠤᠰ ᠢ ᠳᠡᠯᠡᠬᠡᠢ ᠢᠢᠨ ᠤᠯᠤᠰ ᠣᠷᠣᠨ ᠨᠤᠭᠤᠳ ᠲᠠᠢ ᠬᠤᠯᠪᠤᠬᠤ ᠰᠢᠭᠤᠳ ᠨᠢᠰᠦᠯᠭᠡ ᠢᠢᠨ ᠲᠣᠭ᠎ᠠ ᠴᠤ ᠨᠡᠮᠡᠭᠳᠡᠯ᠎ᠡ᠃

ᠡᠨᠡ ᠪᠣᠯ ᠮᠠᠨ ᠤ ᠤᠯᠤᠰ ᠤᠨ ᠡᠩᠬᠡ ᠢᠢ ᠡᠷᠬᠢᠮᠯᠡᠭᠰᠡᠨ᠂ ᠨᠡᠭᠡᠭᠡᠯᠲᠡ ᠲᠡᠢ᠂ ᠣᠯᠠᠨ ᠲᠤᠯᠭᠠᠭᠤᠷᠢᠲᠤ᠂ ᠪᠡᠶ᠎ᠡ ᠳᠠᠭᠠᠭᠰᠠᠨ ᠭᠠᠳᠠᠭᠠᠳᠤ ᠪᠣᠳᠣᠯᠭ᠎ᠠ ᠢᠢᠨ ᠪᠣᠳᠠᠲᠤ ᠦᠷ᠎ᠡ ᠳ᠋ᠦᠩ᠂ ᠣᠯᠤᠯᠲᠠ ᠠᠮᠵᠢᠯᠲᠠ ᠶᠤᠮ᠃

ᠮᠠᠨ ᠤ ᠤᠯᠤᠰ ᠲᠤ ᠠᠢᠢᠯᠴᠢᠯᠠᠭᠰᠠᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠤ᠊ ᠭᠤᠢᠲ᠋ᠧᠷᠷᠧᠱ 《ᠮᠣᠩ᠋ᠭᠣᠯ ᠤᠯᠤᠰ ᠪᠣᠯ ᠡᠩᠬᠡᠲᠠᠢᠢᠪᠤᠩ ᠤᠨ ᠪᠡᠯᠭᠡ ᠲᠡᠮᠳᠡᠭ ᠪᠣᠯᠤᠭᠰᠠᠨ ᠤᠯᠤᠰ》 ᠬᠡᠮᠡᠨ ᠦᠨᠡᠯᠡᠵᠦ ᠪᠠᠢᠢᠭᠰᠠᠨ ᠪᠣᠯ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ᠂ ᠫᠠᠫ ᠹᠷᠠᠨ᠋ᠼᠢᠰ ᠮᠠᠨ ᠤ ᠤᠯᠤᠰ ᠢ 《ᠣᠶᠤᠨ ᠰᠠᠨᠠᠭᠠᠨ ᠤ ᠡᠷᠬᠡ ᠴᠢᠯᠦᠭᠡᠨ ᠦ ᠪᠡᠯᠭᠡ ᠲᠡᠮᠳᠡᠭ ᠪᠣᠯᠤᠭᠰᠠᠨ ᠣᠷᠣᠨ》 ᠬᠡᠮᠡᠨ ᠬᠡᠯᠡᠭᠰᠡᠨ ᠢ ᠣᠨ ᠰᠣᠯᠢᠭᠳᠠᠬᠤ ᠡᠨᠡ ᠬᠦ ᠲᠣᠷᠭᠠᠨ ᠮᠥᠴᠡ ᠳᠥ ᠲᠡᠮᠳᠡᠭᠯᠡᠨ ᠬᠡᠯᠡᠬᠦ ᠳᠥ ᠲᠠᠭᠠᠲᠠᠢ ᠪᠠᠢᠢᠨ᠎ᠠ᠃

ᠡᠨᠡ ᠪᠣᠯ ᠮᠣᠩ᠋ᠭᠣᠯᠴᠤᠳ ᠪᠢᠳᠡᠨ ᠦ ᠥᠨᠢ ᠡᠷᠲᠡᠨ ᠡᠴᠡ ᠤᠯᠠᠮᠵᠢᠯᠠᠨ ᠢᠷᠡᠭᠰᠡᠨ ᠲᠥᠷᠥᠳᠦ ᠶᠣᠰᠣ᠂ ᠲᠡᠦᠬᠡ ᠰᠤᠶᠤᠯ᠂ ᠦᠨᠡᠲᠦ ᠵᠦᠢᠯ᠂ ᠦᠢᠯᠡ ᠬᠡᠷᠡᠭ ᠢ ᠳᠡᠯᠡᠬᠡᠢ ᠶᠢᠷᠲᠢᠨᠴᠦ ᠬᠦᠨᠳᠦᠳᠬᠡᠨ ᠦᠵᠡᠵᠦ᠂ ᠬᠦᠯᠢᠶᠡᠨ ᠵᠥᠪᠰᠢᠶᠡᠷᠡᠴᠥ ᠪᠤᠢ ᠢᠢᠨ ᠢᠯᠡᠷᠬᠡᠢᠢᠯᠡᠯ ᠶᠤᠮ᠃

ᠡᠢᠢᠮᠦ ᠡᠴᠡ ᠶᠡᠬᠡ ᠮᠣᠩ᠋ᠭᠣᠯ ᠤᠯᠤᠰ ᠤᠨ ᠭᠠᠯ ᠭᠣᠯᠣᠮᠲᠠ ᠢᠢ ᠰᠠᠬᠢᠨ ᠰᠠᠭᠤᠭ᠎ᠠ ᠮᠣᠩ᠋ᠭᠣᠯᠴᠤᠳ ᠪᠢᠳᠡ ᠨᠢᠭᠡ ᠮᠣᠩ᠋ᠭᠣᠯ᠂ ᠨᠢᠭᠡ ᠠᠷᠠᠳ ᠲᠦᠮᠡᠨ᠂ ᠨᠢᠭᠡ ᠭᠡᠷ ᠪᠦᠯᠢ ᠭᠡᠳᠡᠭ ᠢᠶᠡᠨ ᠭᠦᠨ᠎ᠡ ᠤᠬᠠᠮᠰᠠᠷᠯᠠᠵᠤ᠂ ᠪᠡᠶ᠎ᠡ ᠪᠡᠶ᠎ᠡ ᠪᠡᠨ ᠬᠠᠢᠢᠷᠠᠯᠠᠵᠤ᠂ ᠪᠡᠶ᠎ᠡ ᠪᠡᠶ᠎ᠡ ᠪᠡᠨ ᠬᠠᠮᠠᠭᠠᠯᠠᠵᠤ᠂ ᠪᠡᠶ᠎ᠡ ᠪᠡᠶ᠎ᠡ ᠪᠡᠨ ᠳᠡᠮᠵᠢᠵᠦ᠂ ᠡᠶ᠎ᠡ ᠡᠪ ᠢᠶᠡᠨ ᠰᠠᠬᠢᠨ ᠪᠠᠲᠤᠳᠬᠠᠵᠤ᠂ ᠡᠬᠡ ᠣᠷᠣᠨ ᠢᠶᠠᠨ ᠭᠡᠰᠡᠨ ᠨᠢᠭᠡᠨ ᠰᠡᠳᠬᠢᠯ ᠢᠶᠡᠷ ᠤᠯᠤᠰ ᠮᠣᠩ᠋ᠭᠣᠯ ᠤᠨ ᠢᠶᠠᠨ ᠲᠥᠯᠥᠭᠡ ᠡᠭᠡᠨᠡᠭᠲᠡ ᠬᠠᠮᠲᠤ ᠳᠤ ᠪᠠᠨ ᠬᠦᠴᠦᠨ ᠵᠢᠳᠬᠦᠬᠦ ᠤᠴᠢᠷᠲᠠᠢ᠃

ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ᠂ ᠬᠥᠭ᠍ᠵᠢᠯ ᠳᠡᠪᠰᠢᠯ ᠦᠨ ᠦᠨᠳᠦᠰᠦ ᠪᠣᠯ ᠮᠠᠨ ᠤ ᠠᠷᠠᠳ ᠲᠦᠮᠡᠨ ᠦ ᠡᠷᠴᠢ ᠬᠦᠴᠦ᠂ ᠢᠲᠡᠭᠡᠯ ᠨᠠᠢᠢᠳᠠᠪᠤᠷᠢ᠂ ᠡᠪ ᠨᠢᠭᠡᠳᠦᠯ ᠶᠤᠮ ᠰᠢᠦ᠃

ᠡᠷᠬᠢᠮ ᠬᠦᠨᠳᠦᠳᠥ ᠠᠷᠠᠳ ᠢᠷᠭᠡᠳ ᠡ᠂

ᠰᠢᠨ᠎ᠡ ᠪᠦᠬᠦᠨ ᠦ ᠡᠬᠢᠯᠡᠯ ᠰᠢᠨ᠎ᠡ ᠵᠢᠯ ᠢᠶᠡᠨ ᠤᠭᠲᠤᠬᠤ ᠪᠠᠷ ᠬᠠᠯᠠᠭᠤᠨ ᠠᠮᠠ ᠪᠦᠯᠢ᠂ ᠬᠠᠢᠢᠷᠠᠲᠠᠢ ᠳᠣᠲᠣᠨᠣ ᠬᠦᠮᠦᠰ ᠲᠡᠢ ᠪᠡᠨ ᠣᠨ ᠰᠣᠯᠢᠭᠳᠠᠬᠤ ᠲᠣᠷᠭᠠᠨ ᠮᠥᠴᠡ ᠢᠢ ᠰᠡᠳᠬᠢᠯ ᠳᠣᠭᠳᠣᠯᠤᠨ ᠬᠦᠯᠢᠶᠡᠵᠦ ᠪᠤᠢ ᠲᠠ ᠪᠦᠬᠦᠨ ᠳᠥ ᠪᠡᠨ ᠰᠢᠨ᠎ᠡ ᠣᠨ ᠤ ᠮᠡᠨᠳᠦ ᠢᠢ ᠳᠠᠬᠢᠨ ᠬᠦᠷᠭᠡᠵᠦ᠂ ᠢᠷᠡᠵᠦ ᠪᠤᠢ ᠰᠢᠨ᠎ᠡ ᠣᠨ ᠳᠤ ᠪᠠᠨ ᠬᠠᠢᠢᠷ᠎ᠠ ᠬᠦᠨᠳᠦᠯᠡᠯ ᠢᠶᠡᠷ ᠪᠢᠯᠬᠠᠵᠤ᠂ ᠠᠮᠵᠢᠯᠲᠠ ᠪᠦᠲᠦᠭᠡᠯ ᠢᠶᠡᠷ ᠣᠷᠭᠢᠯᠠᠵᠤ᠂ ᠤᠷᠮ᠎ᠠ ᠵᠣᠷᠢᠭ ᠢᠶᠠᠷ ᠪᠠᠳᠠᠷᠴᠤ ᠪᠠᠢᠢᠬᠤ ᠢᠢᠨ ᠥᠯᠵᠡᠢ ᠲᠡᠢ ᠰᠠᠢᠢᠬᠠᠨ ᠢᠷᠦᠭᠡᠯ ᠢ ᠡᠷᠭᠦᠨ ᠳᠡᠪᠰᠢᠭᠦᠯᠦᠶ᠎ᠡ᠃

ᠮᠥᠨ ᠪᠠᠶᠠᠷ ᠤᠨ ᠡᠨᠡ ᠦᠳᠡᠰᠢ ᠳᠠᠷᠬᠠᠨ ᠬᠢᠯᠢ ᠪᠡᠨ ᠮᠠᠨᠠᠵᠤ ᠪᠠᠢᠢᠭ᠎ᠠ ᠡᠷ᠎ᠡ ᠵᠣᠷᠢᠭᠲᠤ ᠬᠢᠯᠢᠴᠢᠨ ᠳᠠᠢᠢᠴᠢᠳ᠂ ᠳᠠᠶᠠᠩ ᠳᠡᠯᠡᠬᠡᠢ ᠢᠢᠨ ᠡᠩᠬᠡᠲᠠᠢᠢᠪᠤᠩ ᠤᠨ ᠲᠥᠯᠥᠭᠡ ᠡᠬᠡ ᠣᠷᠣᠨ ᠢᠶᠠᠨ ᠲᠥᠯᠥᠭᠡᠯᠡᠨ ᠵᠢᠳᠬᠦᠵᠦ ᠪᠤᠢ ᠡᠩᠬᠡ ᠢᠢ ᠰᠠᠬᠢᠭᠤᠯᠤᠭᠴᠢᠳ᠂ ᠬᠦᠮᠦᠨ ᠠᠷᠠᠳ ᠤᠨ ᠢᠶᠠᠨ ᠡᠷᠡᠭᠦᠯ ᠮᠡᠨᠳᠦ ᠢᠢᠨ ᠮᠠᠨᠠᠭᠠᠨ ᠳᠤ ᠵᠣᠭᠰᠣᠵᠤ ᠪᠠᠢᠢᠭ᠎ᠠ ᠡᠮᠴᠢ᠂ ᠰᠤᠪᠢᠯᠠᠭᠴᠢ᠂ ᠡᠮᠨᠡᠯᠭᠡ ᠢᠢᠨ ᠠᠵᠢᠯᠲᠠᠨ ᠨᠤᠭᠤᠳ᠂ ᠡᠬᠡ ᠣᠷᠣᠨ᠂ ᠠᠷᠠᠳ ᠢᠷᠭᠡᠳ ᠦᠨ ᠢᠶᠡᠨ ᠠᠶᠤᠯ ᠦᠭᠡᠢ ᠪᠠᠢᠢᠳᠠᠯ ᠢ ᠬᠠᠩ᠋ᠭᠠᠨ ᠠᠵᠢᠯᠯᠠᠵᠤ ᠪᠠᠢᠢᠭ᠎ᠠ ᠲᠥᠷᠥ ᠢᠢᠨ ᠠᠯᠪᠠᠨ ᠬᠠᠭᠠᠭᠴᠢᠳ᠂ ᠴᠡᠷᠢᠭ᠂ ᠴᠠᠭᠳᠠᠭ᠎ᠠ᠂ ᠣᠨᠴᠤᠭᠤᠢ ᠪᠠᠢᠢᠳᠠᠯ ᠤᠨ ᠬᠢᠨ ᠳᠤ ᠪᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠤᠰᠬᠠᠢᠢᠯᠠᠨ ᠪᠠᠶᠠᠷ ᠬᠦᠷᠭᠡᠵᠦ᠂ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠶ᠎ᠡ᠃

ᠠᠢᠢᠯᠴᠢᠯᠠᠨ ᠢᠷᠡᠵᠦ ᠪᠤᠢ 2024 ᠣᠨ ᠳᠤ ᠳᠠᠶᠠᠭᠠᠷ ᠮᠣᠩ᠋ᠭᠣᠯ ᠤᠨ ᠮᠢᠨᠢ ᠴᠣᠭ ᠬᠡᠢᠢᠮᠣᠷᠢ ᠪᠠᠳᠠᠷᠴᠤ᠂ ᠳᠠᠶᠠᠩ ᠳᠡᠯᠡᠬᠡᠢ ᠳᠥ ᠡᠩᠬᠡ ᠲᠠᠢᠢᠪᠤᠩ ᠲᠣᠭᠲᠠᠵᠤ᠂ ᠬᠦᠮᠦᠨ ᠲᠥᠷᠥᠯᠬᠢᠲᠡᠨ ᠠᠮᠤᠷ ᠠᠮᠤᠭᠤᠯᠠᠩ ᠠᠵᠤ ᠲᠥᠷᠥᠬᠦ ᠪᠣᠯᠲᠤᠭᠠᠢ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ᠃

ᠰᠢᠨ᠎ᠡ ᠵᠢᠯ ᠦᠨ ᠪᠠᠶᠠᠷ ᠤᠨ ᠮᠡᠨᠳᠦ ᠬᠦᠷᠭᠡᠶ᠎ᠡ》 ᠭᠡᠵᠡᠢ᠃