Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠪᠦᠭᠦᠳᠡ ᠨᠠᠢᠢᠷᠠᠮᠳᠠᠬᠤ ᠢᠲ᠋ᠠᠯᠢ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠵᠣᠸᠠᠨ᠋᠊ᠨᠠ ᠫᠢᠻᠻᠠᠷᠷᠧᠲ᠋ᠠ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ᠂ ᠢᠲ᠋ᠠᠯᠢ ᠢᠢᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠬᠣᠶᠠᠷ ᠲᠠᠯ᠎ᠠ ᠢᠢᠨ ᠬᠦᠴᠦᠨ ᠴᠢᠷᠮᠠᠢᠢᠯᠲᠠ ᠢᠢᠨ ᠳ᠋ᠦᠩ ᠳᠥ ᠥᠷᠭᠡᠵᠢᠨ ᠬᠥᠭ᠍ᠵᠢᠵᠦ ᠪᠠᠢᠢᠭ᠎ᠠ ᠢᠢ ᠲᠡᠮᠳᠡᠭᠯᠡᠯ ᠠ᠃ ᠴᠢᠨᠠᠭᠰᠢᠳᠠ ᠬᠠᠷᠢᠯᠴᠠᠨ ᠰᠣᠨᠢᠷᠬᠠᠭᠰᠠᠨ ᠰᠠᠯᠪᠤᠷᠢ ᠨᠤᠭᠤᠳ ᠲᠤ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠨᠢᠭᠦᠯᠦᠨ᠎ᠡ ᠭᠡᠳᠡᠭ ᠲᠥ ᠢᠲᠡᠭᠡᠯᠲᠡᠢ ᠪᠠᠢᠢᠭ᠎ᠠ ᠪᠠᠨ ᠬᠡᠯᠡᠪᠡ᠃

ᠡᠯᠴᠢᠨ ᠰᠠᠢᠢᠳ ᠵᠤ᠊ ∙ ᠫᠢᠻᠻᠠᠷᠷᠧᠲ᠋ᠠ ᠤᠯᠤᠰ ᠲᠥᠷᠥ᠂ ᠡᠳ᠋ ᠍ ᠦᠨ ᠵᠠᠰᠠᠭ᠂ ᠬᠤᠳᠠᠯᠳᠤᠭ᠎ᠠ᠂ ᠰᠤᠶᠤᠯ᠂ ᠪᠣᠯᠪᠠᠰᠤᠷᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠢᠢᠨ ᠲᠥᠯᠥᠭᠡ ᠠᠵᠢᠯᠯᠠᠬᠤ ᠪᠠᠨ ᠢᠯᠡᠷᠬᠡᠢᠢᠯᠡᠪᠡ᠃ ᠠᠭᠤᠯᠵᠠᠯᠲᠠ ᠢᠢᠨ ᠦᠶ᠎ᠡ ᠪᠡᠷ 《ᠲᠡᠷᠪᠤᠮ ᠮᠣᠳᠣ》᠂ 《ᠡᠷᠡᠭᠦᠯ ᠮᠣᠩ᠋ᠭᠣᠯ ᠬᠦᠮᠦᠨ》᠂ 《ᠬᠦᠨᠡᠰᠦᠨ ᠦ ᠬᠠᠩᠭ᠋ᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠢᠲ᠋ᠠᠯᠢ ᠤᠯᠤᠰ ᠲᠠᠢ ᠬᠠᠮᠲᠤᠷᠠᠨ ᠠᠵᠢᠯᠯᠠᠬᠤ ᠪᠣᠯᠤᠮᠵᠢ ᠢᠢᠨ ᠲᠠᠯ᠎ᠠ ᠪᠠᠷ ᠰᠠᠨᠠᠯ ᠰᠤᠯᠢᠯᠴᠠᠪᠠ᠃

ᠲᠠᠯ ᠠ ᠨᠤᠭᠤᠳ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳ᠋ᠡᠬᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠲᠥᠯᠥᠭᠡ ᠪᠠᠢᠢᠭ᠎ᠠ ᠪᠠᠨ ᠨᠣᠲᠠᠯᠠᠪᠠ᠃ ᠶᠡᠷᠦᠩᠬᠡᠢᠢᠯᠡᠭᠴᠢ ᠤ᠊ ∙ ᠬᠦᠷᠡᠯᠰᠦ᠋ᠬᠡ ᠡᠯᠴᠢᠨ ᠰᠠᠢᠢᠳ ᠵᠤ᠊ ∙ ᠫᠢᠻᠻᠠᠷᠷᠧᠲ᠋ᠠ ᠳᠤ ᠠᠵᠢᠯ ᠤᠨ ᠠᠮᠵᠢᠯᠲᠠ ᠬᠦᠰᠡᠵᠦ᠂ ᠪᠦᠬᠦ ᠲᠠᠯ᠎ᠠ ᠢᠢᠨ ᠳᠡᠮᠵᠢᠯᠭᠡ ᠦᠵᠡᠭᠦᠯᠦᠨ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃