ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠤ᠊᠂ ᠪᠥ᠊᠂ ᠨᠠᠢᠢ᠊᠂ ᠭᠧ᠊᠂ ᠤᠯᠤᠰ ᠍ ᠤᠨ ᠶᠡᠷᠦᠩᠬᠡᠢᠢᠯᠡᠭᠴᠢ ᠹᠷᠠᠨ᠋ᠻ-ᠸᠠᠯᠲ᠋ᠸᠷ ᠰᠲ᠋ᠸᠢᠢᠨ᠋ᠮᠸᠶᠸᠷ (Frank-Walter Steinmeier) ᠮᠣᠩ᠋ᠭᠣᠯ ᠤᠯᠤᠰ ᠲᠤ 2024 ᠣᠨ ᠤ 02 ᠳ᠋ᠤᠭᠠᠷ ᠰᠠᠷ᠎ᠠ ᠢᠢᠨ 7-8 ᠍ ᠤ ᠡᠳᠦᠷ ᠦᠳ ᠲᠥ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠤ᠊᠂ ᠪᠥ᠊᠂ ᠨᠠᠢᠢ᠊᠂ ᠭᠧ᠊᠂ ᠤᠯᠤᠰ ᠍ ᠤᠨ ᠶᠡᠷᠦᠩᠬᠡᠢᠢᠯᠡᠭᠴᠢ ᠹᠷᠠᠨ᠋ᠻ-ᠸᠠᠯᠲ᠋ᠸᠷ ᠰᠲ᠋ᠸᠢᠢᠨ᠋ᠮᠸᠶᠸᠷ ᠨᠠᠷ ᠲᠥᠷᠥ ᠢᠢᠨ ᠣᠷᠳᠣᠨ ᠳᠤ ᠠᠯᠪᠠᠨ ᠶᠣᠰᠣᠨ ᠤ ᠠᠭᠤᠯᠵᠠᠯᠲᠠ ᠬᠢᠪᠡ᠃
ᠠᠭᠤᠯᠵᠠᠯᠲᠠ ᠢᠢᠨ ᠦᠶ᠎ᠡ ᠪᠡᠷ ᠶᠡᠷᠦᠩᠬᠡᠢᠢᠯᠡᠭᠴᠢᠳ ᠠᠷᠠᠳᠴᠢᠯᠠᠯ᠂ ᠬᠦᠮᠦᠨ ᠦ ᠡᠷᠬᠡ᠂ ᠬᠠᠤᠯᠢ ᠳᠡᠭᠡᠳᠦᠯᠡᠬᠦ ᠵᠠᠷᠴᠢᠮ ᠤᠨ ᠨᠡᠢᠢᠲᠡᠯᠢᠭ ᠦᠨᠡᠲᠦ ᠵᠦᠢᠯ ᠳᠥ ᠰᠠᠭᠤᠷᠢᠯᠠᠭᠰᠠᠨ ᠮᠣᠩ᠋ᠭᠣᠯ᠂ ᠭᠧᠷᠮᠠᠨ ᠤ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠤᠯᠤᠰ ᠲᠥᠷᠥ᠂ ᠡᠳ᠋ ᠍ ᠦᠨ ᠵᠠᠰᠠᠭ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ᠂ ᠰᠤᠶᠤᠯ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠵᠠᠮ ᠲᠡᠭᠡᠭᠡᠪᠦᠷᠢ᠂ ᠠᠷᠬᠧᠣᠯᠣᠭᠢ᠂ ᠬᠦᠮᠦᠨᠯᠢᠭ ᠪᠣᠯᠤᠨ ᠪᠤᠰᠤᠳ ᠰᠠᠯᠪᠤᠷᠢ ᠳᠤ ᠥᠷᠭᠡᠵᠢᠵᠦ ᠪᠠᠢᠢᠭ᠎ᠠ ᠢᠢ ᠰᠠᠢᠢᠰᠢᠶᠠᠪᠠ᠃
ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ ᠤᠯᠤᠰ ᠲᠤ ᠥᠷᠨᠢᠭᠰᠡᠨ ᠠᠷᠠᠳᠴᠢᠯᠠᠯ᠂ ᠵᠠᠬ᠎ᠠ ᠵᠡᠭᠡᠯᠢ ᠢᠢᠨ ᠡᠳ᠋ ᠍ ᠦᠨ ᠵᠠᠰᠠᠭ ᠤᠨ ᠰᠢᠯᠵᠢᠯᠲᠡ ᠢᠢ ᠭᠧᠷᠮᠠᠨ ᠤ ᠲᠠᠯ᠎ᠠ ᠲᠤᠭᠤᠰᠢᠲᠠᠢ ᠳᠡᠮᠵᠢᠵᠦ ᠢᠷᠡᠭᠰᠡᠨ ᠳᠥ ᠲᠠᠯᠠᠷᠬᠠᠯ ᠢᠯᠡᠷᠬᠡᠢᠢᠯᠡᠵᠦ᠂ ᠥᠩ᠋ᠭᠡᠷᠡᠭᠰᠡᠨ 50 ᠵᠢᠯ ᠦᠨ ᠬᠠᠮᠲᠤ ᠢᠢᠨ ᠠᠵᠢᠯᠯᠠᠭᠠᠨ ᠤ ᠣᠯᠤᠯᠲᠠ᠂ ᠠᠮᠵᠢᠯᠲᠠ ᠪᠠᠨ ᠪᠡᠬᠢᠵᠢᠭᠦᠯᠦᠨ᠂ ᠬᠣᠶᠠᠷ ᠤᠯᠤᠰ ᠤᠨ ᠬᠠᠷᠢᠯᠴᠠᠭ᠎ᠠ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠴᠦ ᠪᠤᠢ ᠳᠤ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠪᠡ᠃
ᠲᠠᠯ ᠠ ᠨᠤᠭᠤᠳ ᠣᠯᠠᠨ ᠤᠯᠤᠰ ᠤᠨ ᠲᠦᠪᠰᠢᠨ ᠳᠥ ᠬᠣᠶᠠᠷ ᠲᠠᠯ᠎ᠠ ᠠᠴᠠ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢ ᠬᠡᠷᠡᠭᠵᠢᠭᠦᠯᠬᠦ ᠳᠥ ᠬᠠᠮᠲᠤᠷᠠᠨ ᠠᠵᠢᠯᠯᠠᠬᠤ᠂ ᠲᠤᠬᠠᠢᠢᠯᠠᠪᠠᠯ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠪᠠᠢᠢᠭᠠᠯᠢ ᠣᠷᠴᠢᠨ ᠤ ᠳᠣᠷᠣᠢᠢᠲᠠᠯ ᠵᠡᠷᠭᠡ ᠳᠡᠯᠡᠬᠡᠢ ᠨᠡᠢᠢᠲᠡ ᠢᠢᠨ ᠡᠮᠦᠨ᠎ᠡ ᠲᠤᠯᠭᠠᠮᠳᠠᠵᠤ ᠪᠤᠢ ᠰᠣᠷᠢᠯᠲᠠ ᠨᠤᠭᠤᠳ ᠢ ᠰᠢᠢᠳᠪᠦᠷᠢᠯᠡᠬᠦ ᠳᠥ ᠴᠢᠭᠯᠡᠭᠰᠡᠨ ᠣᠯᠠᠨ ᠤᠯᠤᠰ ᠤᠨ ᠬᠦᠴᠦᠨ ᠴᠢᠷᠮᠠᠢᠢᠯᠲᠠ ᠳᠤ ᠬᠤᠪᠢ ᠨᠡᠮᠡᠷᠢ ᠪᠡᠨ ᠣᠷᠣᠭᠤᠯᠬᠤ ᠲᠠᠯ᠎ᠠ ᠪᠠᠷ ᠶᠠᠷᠢᠯᠴᠠᠯ᠎ᠠ᠃