ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠶᠡᠷᠦᠩᠬᠡᠢᠢᠯᠡᠭᠴᠢ ᠹᠷᠠᠨ᠋ᠻ-ᠸᠠᠯᠲ᠋ᠸᠷ ᠰᠲ᠋ᠸᠢᠢᠨ᠋ᠮᠸᠶᠸᠷ (Frank-Walter Steinmeier) ᠮᠣᠩ᠋ᠭᠣᠯ ᠤᠯᠤᠰ ᠲᠤ 2024 ᠣᠨ ᠤ 02 ᠳ᠋ᠤᠭᠠᠷ ᠰᠠᠷ᠎ᠠ ᠢᠢᠨ 7-8 ᠍ ᠤ ᠡᠳᠦᠷ ᠦᠳ ᠲᠥ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠭᠡᠷᠭᠡᠢ ᠯᠤ᠊∙ ᠪᠣᠯᠣᠷᠴᠡᠴᠡᠭ ᠦᠨ ᠬᠠᠮᠲᠤ ᠬᠣ᠊᠂ ᠪᠦ᠊᠂ ᠨᠠᠢᠢ᠊᠂ ᠭᠧ᠊᠂ ᠤᠯᠤᠰ ᠤᠨ ᠶᠡᠷᠦᠩᠬᠡᠢᠢᠯᠡᠭᠴᠢ ᠹ᠊∙ ᠸᠠ᠊ ᠰᠲ᠋ᠸᠢᠢᠨ᠋ᠮᠸᠶᠸᠷ ᠂ ᠭᠡᠷᠭᠡᠢ ᠧᠯᠻᠸ ᠪᠥᠳ᠋ᠸᠨ᠋ᠪᠸᠨ᠋ᠳ᠋ᠸᠷ (Elke Büdenbender) ᠨᠠᠷ ᠢ ᠳᠠ᠊᠂ᠰᠦᠬᠡᠪᠠᠭᠠᠲᠤᠷ ᠤᠨ ᠲᠠᠯᠠᠪᠠᠢ ᠳᠤ ᠤᠭᠲᠤᠨ ᠠᠪᠤᠯ᠎ᠠ᠃
ᠲᠥᠷᠥ ᠢᠢᠨ ᠬᠦᠨᠳᠦᠳᠥ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳᠥ ᠬᠣᠶᠠᠷ ᠤᠯᠤᠰ ᠤᠨ ᠲᠥᠷᠥ ᠢᠢᠨ ᠳᠠᠭᠤᠯᠠᠯ ᠡᠭᠡᠰᠢᠭᠯᠡᠪᠡ᠃ ᠶᠡᠷᠦᠩᠬᠡᠢᠢᠯᠡᠭᠴᠢᠳ ᠲᠥᠷᠥ ᠢᠢᠨ ᠶᠣᠰᠣᠯᠠᠯ ᠤᠨ ᠴᠡᠷᠢᠭ ᠦᠨ ᠴᠠᠭᠠᠨ ᠲᠤᠭ ᠲ᠋ᠤ ᠮᠡᠬᠦᠢᠢᠨ ᠶᠣᠰᠣᠯᠠᠭᠰᠠᠨ ᠤ ᠳᠠᠷᠠᠭ᠎ᠠ ᠶᠡᠷᠦᠩᠬᠡᠢᠢᠯᠡᠭᠴᠢ ᠹ᠊∙ ᠸᠠ᠊ ᠰᠲ᠋ᠸᠢᠢᠨ᠋ᠮᠸᠶᠸᠷ ᠲᠥᠷᠥ ᠢᠢᠨ ᠬᠦᠨᠳᠦᠳᠥ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠪᠡ᠃
ᠶᠡᠷᠦᠩᠬᠡᠢᠢᠯᠡᠭᠴᠢᠳ ᠤᠭᠲᠤᠬᠤ ᠶᠣᠰᠣᠯᠠᠯ ᠳᠤ ᠬᠦᠷᠦᠯᠴᠡᠨ ᠢᠷᠡᠭᠰᠡᠨ ᠮᠣᠩ᠋ᠭᠣᠯ ᠤᠯᠤᠰ ᠤᠨ ᠪᠣᠯᠤᠨ ᠬᠣ᠊᠂ ᠪᠦ᠊᠂ ᠨᠠᠢᠢ᠊᠂ ᠭᠧ᠊᠂ ᠤᠯᠤᠰ ᠤᠨ ᠠᠯᠪᠠᠨ ᠤ ᠲᠥᠯᠥᠭᠡᠯᠡᠭᠴᠢᠳ᠂ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠳ ᠤᠨ ᠲᠡᠷᠢᠭᠦᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠰᠠᠭᠤᠷᠢᠨ ᠲᠥᠯᠥᠭᠡᠯᠡᠭᠴᠢᠳ ᠲᠡᠢ ᠮᠡᠨᠳᠦᠴᠢᠯᠡᠪᠡ᠃
ᠶᠡᠷᠦᠩᠬᠡᠢᠢᠯᠡᠭᠴᠢᠳ ᠶᠡᠬᠡ ᠡᠵᠡᠨ ᠴᠢᠩ᠋ᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠭᠰᠡᠨ ᠦ ᠳᠠᠷᠠᠭ᠎ᠠ ᠶᠡᠷᠦᠩᠬᠡᠢᠢᠯᠡᠭᠴᠢ ᠹ᠊∙ ᠸᠠ᠊ ᠰᠲ᠋ᠸᠢᠢᠨ᠋ᠮᠸᠶᠸᠷ ᠲᠥᠷᠦ ᠢᠢᠨ ᠣᠷᠳᠣᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠪᠠ᠃