ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠶᠡᠷᠦᠩᠬᠡᠢᠢᠯᠡᠭᠴᠢ ᠹᠷᠠᠨ᠋ᠻ-ᠸᠠᠯᠲ᠋ᠸᠷ ᠰᠲ᠋ᠸᠢᠢᠨ᠋ᠮᠸᠶᠸᠷ (Frank-Walter Steinmeier) ᠭᠡᠷᠭᠡᠢ ᠧᠯᠻᠸ ᠪᠥᠳ᠋ᠸᠨ᠋ᠪᠸᠨ᠋ᠳ᠋ᠸᠷ (Elke Büdenbender) ᠦᠨ ᠬᠠᠮᠲᠤ ᠮᠣᠩ᠋ᠭᠣᠯ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠪᠡ᠃
ᠶᠡᠷᠦᠩᠬᠡᠢᠢᠯᠡᠭᠴᠢ ᠹ᠊∙ ᠸᠠ᠊ ᠰᠲ᠋ᠸᠢᠢᠨ᠋ᠮᠸᠶᠸᠷ ᠪᠣᠯᠤᠨ ᠳᠠᠭᠠᠯᠳᠤᠨ ᠶᠠᠪᠤᠭ᠎ᠠ ᠲᠥᠯᠥᠭᠡᠯᠡᠭᠴᠢᠳ ᠢ 《ᠴᠢᠩ᠋ᠭᠢᠰ ᠬᠠᠭᠠᠨ》 ᠣᠯᠠᠨ ᠤᠯᠤᠰ ᠤᠨ ᠨᠢᠰᠬᠦ ᠣᠩᠭ᠋ᠣᠴᠨ ᠢᠢᠨ ᠪᠠᠭᠤᠳᠠᠯ ᠳᠤ ᠭᠠᠳᠠᠭᠠᠳᠤ ᠬᠠᠷᠢᠯᠴᠠᠭᠠᠨ ᠤ ᠰᠠᠢᠢᠳ ᠪᠠ᠊∙ ᠪᠠᠲᠤᠴᠡᠴᠡᠭ᠂ ᠬᠣ᠊᠂ ᠪᠦ᠊᠂ ᠨᠠᠢᠢ᠊᠂ ᠭᠧ᠊᠂ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠾᠸᠯᠮᠥ᠋ᠲ᠋ ᠻᠥᠯᠢᠲ᠋ᠴ᠋ (Helmut Kulitz) ᠪᠣᠯᠤᠨ ᠠᠯᠪᠠᠨ ᠤ ᠪᠤᠰᠤᠳ ᠬᠦᠮᠦᠨ ᠤᠭᠲᠤᠨ ᠠᠪᠤᠪᠠ᠃
ᠡᠨᠡ ᠤᠳᠠᠭ᠎ᠠ ᠢᠢᠨ ᠲᠥᠷᠥ ᠢᠢᠨ ᠠᠢᠢᠯᠴᠢᠯᠠᠯ ᠨᠢ ᠬᠣ᠊᠂ ᠪᠦ᠊᠂ ᠨᠠᠢᠢ᠊᠂ ᠭᠧ᠊᠂ ᠤᠯᠤᠰ ᠠᠴᠠ ᠶᠡᠷᠦᠩᠬᠡᠢᠢᠯᠡᠭᠴᠢ ᠢᠢᠨ ᠲᠦᠪᠰᠢᠨ ᠳᠥ ᠬᠢᠵᠦ ᠪᠤᠢ ᠳᠥᠷᠪᠡᠳᠡᠬᠢ ᠠᠢᠢᠯᠴᠢᠯᠠᠯ ᠪᠥᠭᠡᠳ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ ᠪᠣᠯᠵᠤ ᠪᠠᠢᠢᠨ᠎ᠠ᠃
ᠮᠣᠩ᠋ᠭᠣᠯ ᠤᠯᠤᠰ᠂ ᠬᠣ᠊᠂ ᠪᠦ᠊᠂ ᠨᠠᠢᠢ᠊᠂ ᠭᠧ᠊᠂ ᠤᠯᠤᠰ ᠤᠨ ᠬᠣᠭᠣᠷᠣᠨᠳᠣ 1974 ᠣᠨ ᠤ 01 ᠳ᠋ᠤᠭᠡᠷ ᠰᠠᠷ᠎ᠠ ᠢᠢᠨ 31 ᠍ ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ 2008 ᠣᠨ ᠠᠴᠠ 《ᠢᠵᠢ ᠪᠥᠷᠢᠨ ᠲᠦᠩᠰᠢᠯᠡᠯ》 ᠍ ᠤᠨ ᠲᠦᠪᠰᠢᠨ ᠳᠥ ᠬᠠᠷᠢᠯᠴᠠᠵᠤ ᠪᠠᠢᠢᠭ᠎ᠠ ᠶᠤᠮ᠃