Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠄ ᠪᠠᠢᠢᠭᠠᠯᠢ ᠣᠷᠴᠢᠨ ᠢᠶᠠᠨ ᠬᠠᠮᠠᠭᠠᠯᠠᠬᠤ ᠢᠢᠨ ᠲᠥᠯᠦᠭᠡ ᠲᠥᠷᠦ ᠵᠠᠰᠠᠭ᠂ ᠲᠦᠮᠡᠨ ᠣᠯᠠᠨ ᠢᠶᠠᠷ ᠢᠶᠠᠨ ᠨᠢᠭᠡᠨ ᠰᠡᠳᠬᠢᠯ ᠢᠶᠡᠷ ᠬᠠᠮᠲᠤᠷᠠᠨ ᠵᠢᠳᠬᠦᠶ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ  ‍ᠢᠢᠨ ᠰᠠᠨᠠᠭᠠᠴᠢᠯᠠᠭ᠎ᠠ    ᠪᠠᠷ 《ᠣᠢ 9+》 ᠤᠷᠢᠶᠠᠨ ᠳᠣᠣᠷ᠎ᠠ ᠵᠣᠬᠢᠶᠠᠨ ᠪᠠᠢᠢᠭᠤᠯᠵᠤ ᠪᠤᠢ ᠣᠢ ᠢᠢᠨ ᠰᠠᠯᠪᠤᠷᠢ ᠢᠢᠨ ᠦᠨᠳᠦᠰᠦᠨ ᠦ II ᠴᠢᠭᠤᠯᠭᠠᠨ ᠲᠥᠷᠥ ᠢᠢᠨ ᠣᠷᠳᠣᠨ ᠳᠤ ᠡᠬᠢᠯᠡᠯ᠎ᠡ᠃

ᠴᠢᠭᠤᠯᠭᠠᠨ ᠨᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠪᠣᠯᠤᠨ 《ᠠᠯᠤᠰ ᠤᠨ ᠬᠠᠷᠠᠭ᠎ᠠ 2050》 ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ ᠳᠤ ᠲᠤᠰᠬᠠᠭᠰᠠᠨ 《ᠮᠣᠩ᠋ᠭᠣᠯ ᠤᠯᠤᠰ ᠤᠨ ᠣᠢ ᠪᠠᠷ ᠪᠦᠷᠬᠦᠭ᠍ᠳᠡᠭᠰᠡᠨ ᠲᠠᠯᠠᠪᠠᠢ ᠢᠢᠨ ᠬᠡᠮᠵᠢᠶ᠎ᠡ ᠢᠢ 2030 ᠣᠨ ᠭᠡᠬᠦ ᠳᠥ 9.0 ᠬᠤᠪᠢ ᠳᠤ ᠬᠦᠷᠭᠡᠬᠦ》 ᠵᠣᠷᠢᠯᠲᠠ ᠢᠢ ᠬᠡᠷᠡᠭᠵᠢᠭᠦᠯᠬᠦ᠂ ᠣᠢ ᠢᠢᠨ ᠰᠠᠯᠪᠤᠷᠢ ᠳ᠋ᠠᠬᠢ ᠣᠯᠤᠯᠲᠠ ᠠᠮᠵᠢᠯᠲᠠ ᠪᠠᠨ ᠳ᠋ᠦᠩᠨᠡᠬᠦ᠂ ᠴᠢᠨᠠᠭᠰᠢᠳᠠ ᠢᠢᠨ ᠵᠣᠷᠢᠯᠲᠠ᠂ ᠪᠣᠳᠣᠯᠭ᠎ᠠ ᠪᠠᠨ ᠲᠣᠳᠣᠳᠬᠠᠬᠤ ᠵᠣᠷᠢᠯᠭ᠎ᠠ ᠲᠠᠢ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠴᠢᠭᠤᠯᠭᠠᠨ ᠢ ᠨᠡᠭᠡᠭᠡᠵᠦ ᠦᠭᠡ ᠬᠡᠯᠡᠯ᠎ᠡ᠃ ᠲᠡᠷᠡ ᠪᠡᠷ᠎ ᠣᠢ ᠢᠢᠨ ᠰᠠᠯᠪᠤᠷᠢ ᠡᠭᠦᠰᠴᠦ ᠬᠥᠭ᠍ᠵᠢᠭᠰᠡᠨ ᠦ ᠲᠡᠦᠬᠡᠲᠦ 100 ᠵᠢᠯ ᠦᠨ ᠣᠢ ᠢᠢᠨ ᠪᠠᠶᠠᠷ ᠤᠨ ᠮᠡᠨᠳᠦᠴᠢᠯᠡᠭᠡ ᠳᠡᠪᠰᠢᠭᠦᠯᠵᠦ᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠬᠢᠭ᠍ᠰᠡᠨ ᠠᠵᠢᠯ ᠢ ᠥᠨᠳᠥᠷ ᠢᠶᠡᠷ ᠦᠨᠡᠯᠡᠵᠦ ᠪᠠᠢᠢᠭ᠎ᠠ ᠪᠠᠨ ᠢᠯᠡᠷᠬᠡᠢᠢᠯᠡᠪᠡ᠃

ᠥᠩ᠋ᠭᠡᠷᠡᠭᠰᠡᠨ ᠬᠤᠭᠤᠴᠠᠭᠠᠨ ᠳᠤ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠥᠷᠭᠦ ᠨᠥᠯᠥᠭᠡᠯᠡᠯ ᠢ ᠪᠠᠭᠤᠷᠠᠭᠤᠯᠬᠤ ᠳᠤ ᠣᠢ ᠢᠢᠨ ᠡᠻᠣᠰᠢᠰᠲ᠋ᠧᠮ ᠦᠨ ᠭᠦᠢᠴᠡᠳᠭᠡᠬᠦ ᠡᠭᠦᠷᠭᠡ᠂ ᠠᠴᠢ ᠬᠣᠯᠪᠣᠭᠳᠠᠯ ᠤᠨ ᠲᠠᠯ᠎ᠠ ᠪᠠᠷ ᠠᠷᠠᠳ ᠢᠷᠭᠡᠳ᠂ ᠠᠵᠤ ᠠᠬᠤᠢ ᠢᠢᠨ ᠨᠢᠭᠡᠴᠡ ᠨᠤᠭᠦᠳ ᠦᠨ ᠣᠢᠢᠯᠠᠭᠠᠯᠲᠠ ᠬᠠᠨᠳᠤᠯᠭ᠎ᠠ᠂ ᠰᠡᠳᠬᠢᠯᠭᠡᠨ ᠳᠥ ᠶᠡᠬᠡᠬᠡᠨ ᠥᠭᠡᠷᠡᠴᠢᠯᠡᠯᠲᠡ ᠭᠠᠷᠴᠤ᠂ ᠮᠣᠳᠣ ᠲᠠᠷᠢᠵᠤ᠂ ᠤᠷᠭᠤᠭᠤᠯᠬᠤ᠂ ᠠᠷᠠᠴᠢᠯᠠᠨ ᠬᠠᠮᠠᠭᠠᠯᠠᠬᠤ ᠦᠢᠯᠡᠰ ᠲᠥ ᠠᠷᠠᠳ ᠨᠡᠢᠢᠲᠡ ᠪᠡᠷ ᠢᠶᠡᠨ ᠬᠠᠮᠲᠤᠷᠠᠨ ᠵᠢᠳᠬᠦᠵᠦ ᠪᠠᠢᠢᠭ᠎ᠠ ᠢᠢ ᠣᠨᠴᠠᠯᠠᠯ᠎ᠠ᠃

ᠴᠢᠨᠠᠭᠰᠢᠳᠠ ᠣᠢ ᠢᠢᠨ ᠰᠠᠯᠪᠤᠷᠢ ᠢᠢᠨ ᠪᠣᠳᠣᠯᠭ᠎ᠠ᠂ ᠡᠷᠬᠡ ᠵᠦᠢ ᠢᠢᠨ ᠣᠷᠴᠢᠨ᠂ ᠪᠦᠲᠦᠴᠡ᠂ ᠵᠣᠬᠢᠶᠠᠨ ᠪᠠᠢᠢᠭᠤᠯᠤᠯᠲᠠ᠂ ᠬᠥᠷᠥᠩ᠋ᠭᠡ ᠣᠷᠣᠭᠤᠯᠤᠯᠲᠠ᠂ ᠰᠠᠩᠬᠦᠵᠢᠯᠲᠡ᠂ ᠰᠢᠨᠵᠢᠯᠡᠬᠦ ᠤᠬᠠᠭᠠᠨ᠂ ᠲᠧᠭᠨᠣᠯᠣᠭᠢ ᠢᠢᠨ ᠴᠢᠳᠠᠪᠬᠢ ᠢᠢ ᠰᠠᠢᠢᠵᠢᠷᠠᠭᠤᠯᠬᠤ ᠳᠤ ᠴᠢᠭᠯᠡᠭᠰᠡᠨ ᠳᠡᠰ ᠳᠠᠷᠠᠭ᠎ᠠ ᠲᠠᠢ ᠠᠷᠭ᠎ᠠ ᠬᠡᠮᠵᠢᠶ᠎ᠡ ᠬᠡᠷᠡᠭᠵᠢᠭᠦᠯᠬᠦ ᠱᠠᠭᠠᠷᠳᠠᠯᠭᠠᠲᠠᠢ ᠢᠢ ᠬᠡᠯᠡᠯ᠎ᠡ᠃

ᠶᠡᠷᠦᠩᠬᠡᠢᠢᠯᠡᠭᠴᠢ ᠣᠢ ᠢᠢᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠢᠢ ᠡᠴᠦᠰᠯᠡᠨ ᠪᠣᠯᠪᠠᠰᠤᠷᠠᠭᠤᠯᠵᠤ᠂ ᠪᠠᠲᠤᠯᠠᠬᠤ᠂ ᠣᠢ ᠪᠠᠢᠢᠭᠠᠯᠢ ᠢᠢᠨ ᠠᠶᠠᠰ ᠢᠶᠠᠷ ᠨᠥᠬᠦᠨ ᠰᠡᠷᠭᠦᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠳᠥ ᠲᠡᠰᠪᠦᠷᠢᠯᠡᠬᠦ ᠴᠢᠳᠠᠪᠤᠷᠢ ᠪᠣᠯᠤᠨ ᠬᠦᠯᠡᠮᠵᠢ ᠢᠢᠨ ᠬᠡᠢ ᠢᠢᠨ ᠰᠢᠩ᠋ᠭᠡᠭᠡᠯᠲᠡ ᠢᠢ ᠨᠡᠮᠡᠭᠳᠡᠭᠦᠯᠬᠦ ᠨᠢ ᠣᠢ ᠢᠢᠨ ᠠᠩ᠋ᠭᠢ᠂ ᠣᠢ ᠢᠢᠨ ᠮᠡᠷᠭᠡᠵᠢᠯ ᠦᠨ ᠪᠠᠢᠢᠭᠤᠯᠤᠯᠭ᠎ᠠ ᠨᠤᠭᠤᠳ ᠤᠨ ᠦᠨᠳᠦᠰᠦᠨ ᠴᠢᠭ᠌ ᠡᠭᠦᠷᠭᠡ ᠪᠠᠢᠢᠬᠤ ᠶᠣᠰᠣᠲᠠᠢ ᠭᠡᠵᠦ ᠦᠵᠡᠵᠦ ᠪᠠᠢᠢᠨ᠎ᠠ᠃
ᠣᠢ ᠢᠢᠨ ᠰᠠᠯᠪᠤᠷᠢ ᠳᠤ ᠲᠧᠭᠨᠢᠭ᠂ ᠲᠧᠭᠨᠣᠯᠣᠭᠢ᠂ ᠢᠨ᠋᠊ᠨᠣᠸᠠᠼ ᠤᠨ ᠬᠥᠭ᠍ᠵᠢᠯ ᠦᠨ ᠣᠯᠤᠯᠲᠠ ᠠᠮᠵᠢᠯᠲᠠ ᠢᠢ ᠲᠤᠭᠤᠰᠢᠲᠠᠢ ᠨᠡᠪᠲᠡᠷᠡᠭᠦᠯᠬᠦ᠂ ᠮᠧᠬᠠᠨᠢᠭᠵᠢᠭᠤᠯᠬᠤ᠂ ᠲᠧᠭᠨᠣᠯᠣᠭᠢ ᠳᠠᠮᠵᠢᠭᠤᠯᠬᠤ ᠦᠢᠯᠡ ᠠᠵᠢᠯᠯᠠᠭ᠎ᠠ ᠢᠢ ᠨᠢᠭᠡᠳᠦᠭᠰᠡᠨ ᠪᠠᠢᠢᠳᠠᠯ ᠢᠶᠠᠷ ᠬᠡᠷᠡᠭᠵᠢᠭᠦᠯᠬᠦ ᠰᠢᠨᠵᠢᠯᠡᠬᠦ ᠤᠬᠠᠭᠠᠨ ᠤ ᠪᠠᠢᠢᠭᠤᠯᠤᠯᠭ᠎ᠠ ᠢᠢᠨ ᠪᠦᠲᠦᠴᠡ ᠢᠢ ᠣᠳᠣ ᠢᠢᠨ ᠬᠦᠷᠢᠶᠡᠯᠡᠩ ‍ᠥᠥᠨ ᠦᠨ ᠰᠠᠯᠪᠤᠷᠢ᠂ ᠨᠢᠭᠡᠴᠡ ᠨᠤᠭᠦᠳ ᠢ ᠨᠢᠭᠡᠳᠬᠡᠬᠦ ᠵᠠᠮ ᠢᠶᠠᠷ ᠰᠢᠨᠡᠴᠢᠯᠡᠨ ᠵᠣᠬᠢᠶᠠᠨ ᠪᠠᠢᠢᠭᠤᠯᠬᠤ ᠱᠠᠭᠠᠷᠳᠠᠯᠭ᠎ᠠ ᠲᠠᠢ ᠢᠢ ᠬᠡᠯᠡᠪᠡ᠃

ᠠᠰᠢᠭᠯᠠᠯᠲᠠ ᠢᠢᠨ ᠣᠢ ᠢᠢᠨ ᠨᠥᠭᠡᠴᠡ ᠪᠦᠬᠦᠢ ᠬᠣᠢᠢᠳᠤ᠂ ᠲᠥᠪ᠂ ᠵᠡᠭᠦᠨ ᠪᠥᠰᠡ ᠳᠥ ᠣᠢ ᠮᠣᠳᠣᠨ ᠤ ᠻᠯᠠᠰᠲ᠋ᠸᠷ ᠦᠢᠯᠡᠳᠪᠦᠷᠢ ᠨᠤᠭᠦᠳ ᠢ ᠲᠥᠷᠥ᠂ ᠬᠤᠪᠢ ᠢᠢᠨ ᠬᠡᠪᠰᠢᠯ ᠦᠨ ᠣᠷᠣᠯᠴᠠᠭ᠎ᠠ ᠲᠠᠢ ᠪᠠᠷ ᠪᠠᠢᠢᠭᠤᠯᠵᠤ ᠣᠢ ᠬᠠᠮᠠᠭᠠᠯᠠᠯ᠂ ᠨᠥᠬᠥᠨ ᠰᠡᠷᠭᠦᠭᠡᠯᠲᠡ᠂ ᠣᠢᠢᠵᠢᠭᠤᠯᠤᠯᠲᠠ ᠢᠢᠨ ᠠᠵᠢᠯ ᠤᠨ ᠵᠠᠷᠤᠳᠠᠯ ᠢ ᠦᠢᠯᠡ ᠠᠵᠢᠯᠯᠠᠭᠠᠨ ᠠᠴᠠ ᠪᠠᠨ ᠰᠠᠩᠬᠦᠵᠢᠭᠦᠯᠳᠡᠭ᠌ ᠪᠣᠯᠬᠤ ᠵᠡᠷᠭᠡ ᠢᠢ ᠴᠠᠭ ᠠᠯᠠᠳᠠᠯ ᠦᠭᠡᠢ ᠬᠡᠷᠡᠭᠵᠢᠭᠦᠯᠬᠦ ᠢᠢ ᠰᠠᠨᠠᠭᠤᠯᠪᠠ᠃

ᠮᠡᠷᠭᠡᠵᠢᠯ ᠦᠨ ᠪᠣᠯᠪᠠᠰᠤᠨ ᠬᠦᠴᠦᠨ ᠪᠡᠯᠡᠳᠬᠡᠬᠦ᠂ ᠣᠢ ᠢᠢᠨ ᠦᠨ᠎ᠡ ᠴᠡᠨ᠎ᠡ ᠢᠢ ᠨᠡᠮᠡᠭᠳᠡᠭᠦᠯᠬᠦ᠂ ᠠᠷᠠᠳ ᠢᠷᠭᠡᠳ ᠦᠨ ᠣᠢ ᠢᠢᠨ ᠲᠠᠯᠠᠭᠠᠷᠬᠢ ᠮᠡᠳᠡᠯᠭᠡ᠂ ᠪᠣᠯᠪᠠᠰᠤᠷᠠᠯ ᠢ ᠳᠡᠭᠡᠭ᠍ᠰᠢᠯᠡᠭᠦᠯᠬᠦ᠂ ᠰᠣᠶᠣᠨ ᠭᠡᠭᠡᠷᠡᠭᠦᠯᠬᠦ᠂ ᠣᠢ ᠢᠢᠨ ᠰᠠᠯᠪᠤᠷᠢ ᠢᠢᠨ ᠠᠵᠢᠯᠴᠢᠳ ᠤᠨ ᠨᠡᠢᠢᠭᠡᠮ ᠤᠨ ᠠᠰᠠᠭᠤᠳᠠᠯ ᠢ ᠰᠠᠢᠢᠵᠢᠷᠠᠭᠤᠯᠬᠤ ᠳᠤ ᠴᠢᠭᠯᠡᠭᠰᠡᠨ ᠲᠣᠳᠣᠷᠬᠠᠢ᠂ ᠦᠷ᠎ᠡ ᠳ᠋ᠦᠩ ᠲᠡᠢ ᠠᠷᠭ᠎ᠠ ᠬᠡᠮᠵᠢᠶ᠎ᠡ ᠢᠢ ᠡᠷᠴᠢᠮᠲᠡᠢ ᠬᠡᠷᠡᠭᠵᠢᠭᠦᠯᠬᠦ ᠶᠣᠰᠣᠲᠠᠢ ᠢᠢ ᠬᠡᠯᠡᠪᠡ᠃

ᠮᠥᠨ ᠣᠢ ᠢᠢᠨ ᠰᠠᠯᠪᠤᠷᠢ ᠢᠢᠨ ᠵᠣᠷᠢᠯᠲᠠ᠂ ᠬᠥᠲᠦᠯᠪᠦᠷᠢ ᠨᠤᠭᠦᠳ ᠢ ᠠᠮᠵᠢᠯᠲᠠᠲᠠᠢ ᠬᠡᠷᠡᠭᠵᠢᠭᠦᠯᠬᠦ ᠳᠥ ᠰᠠᠯᠪᠤᠷᠢ ᠢᠢᠨ ᠬᠠᠮᠲᠤ ᠣᠯᠠᠨ ᠤ ᠰᠠᠨᠠᠯ ᠰᠠᠨᠠᠭᠠᠴᠢᠯᠠᠭ᠎ᠠ᠂ ᠬᠠᠮᠲᠤ ᠢᠢᠨ ᠠᠵᠢᠯᠯᠠᠭ᠎ᠠ᠂ ᠬᠠᠷᠢᠯᠴᠠᠨ ᠣᠢᠢᠯᠠᠭᠠᠯᠴᠠᠯ᠂ ᠬᠥᠳᠡᠯᠮᠦᠷᠢ ᠵᠢᠳᠬᠦᠯ ᠬᠠᠮᠤᠭ ᠤᠨ ᠴᠢᠬᠤᠯᠠ ᠭᠡᠳᠡᠭ ᠢ ᠲᠡᠮᠳᠡᠭᠯᠡᠯ ᠡ᠃

ᠲᠡᠭᠦᠨᠴᠢᠯᠡᠨ ᠪᠠᠢᠢᠭᠠᠯᠢ ᠣᠷᠴᠢᠨ᠂ ᠡᠻᠤᠰᠢᠰᠲ᠋ᠧᠮ ᠦᠨ ᠲᠡᠩᠴᠡᠪᠦᠷᠢᠲᠦ ᠪᠠᠢᠢᠳᠠᠯ ᠢ ᠬᠠᠳᠠᠭᠠᠯᠠᠬᠤ᠂ ᠲᠣᠭᠲᠠᠪᠤᠷᠢᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ᠂ ᠤᠯᠠᠮ ᠢᠶᠠᠷ ᠤᠯᠤᠰ ᠦᠨᠳᠦᠰᠦᠲᠡᠨ ᠦ ᠪᠡᠨ ᠠᠶᠤᠯ ᠦᠭᠡᠢ ᠪᠠᠢᠢᠳᠠᠯ ᠢ ᠪᠠᠲᠤᠳᠬᠠᠨ ᠪᠡᠬᠢᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ ᠢᠢ ᠰᠠᠭᠠᠷᠠᠭᠤᠯᠬᠤ ᠢᠢᠨ ᠲᠥᠯᠦᠭᠡ ᠲᠥᠷᠦ ᠵᠠᠰᠠᠭ᠂ ᠲᠦᠮᠡᠨ ᠣᠯᠠᠨ ᠢᠶᠠᠷ ᠢᠶᠠᠨ ᠨᠢᠭᠡᠨ ᠰᠡᠳᠬᠢᠯ ᠢᠶᠡᠷ ᠬᠠᠮᠲᠤᠷᠠᠨ ᠵᠢᠳᠬᠦᠬᠦ ᠢᠢ ᠤᠷᠢᠶᠠᠯᠠᠯ᠎ᠠ᠃