Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠪᠸᠯᠡᠷᠥ᠋ᠰ ᠤᠯᠤᠰ ᠤᠨ ᠭᠠᠳᠠᠭᠠᠳᠤ ᠬᠡᠷᠡᠭ ᠦᠨ ᠰᠠᠢᠢᠳ ᠪᠠᠷᠠᠭᠠᠯᠬᠠᠪᠠ

ᠭᠠᠳᠠᠭᠠᠳᠤ ᠬᠠᠷᠢᠯᠴᠠᠭᠠᠨ ᠤ ᠰᠠᠢᠢᠳ ᠪᠠ᠊᠂ ᠪᠠᠲᠤᠴᠡᠴᠡᠭ᠌ ᠦᠨ ᠤᠷᠢᠯᠭ᠎ᠠ ᠪᠠᠷ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠤᠢ ᠪᠦᠭᠦᠳᠡ ᠨᠠᠢᠢᠷᠠᠮᠳᠠᠬᠤ ᠪᠸᠯᠡᠷᠥ᠋ᠰ ᠤᠯᠤᠰ ᠤᠨ ᠭᠠᠳᠠᠭᠠᠳᠤ ᠬᠡᠷᠡᠭ ᠦᠨ ᠰᠠᠢᠢᠳ ᠰ᠊᠂ ᠹ᠎᠊᠂ ᠠᠯᠧᠢᠢᠨᠢᠻ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠠᠷᠠᠭᠠᠯᠬᠠᠪᠠ᠃

ᠶᠡᠷᠦᠩᠬᠡᠢᠢᠯᠡᠭᠴᠢ ᠣᠯᠠᠨ ᠵᠢᠯ ᠦᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠲᠠᠢ ᠪᠦᠭᠦᠳᠡ ᠨᠠᠢᠢᠷᠠᠮᠳᠠᠬᠤ ᠪᠸᠯᠡᠷᠥ᠋ᠰ ᠤᠯᠤᠰ ᠤᠨ ᠭᠠᠳᠠᠭᠠᠳᠤ ᠬᠡᠷᠡᠭ ᠦᠨ ᠰᠠᠢᠢᠳ ᠠᠢᠢᠯᠴᠢᠯᠠᠵᠤ ᠪᠠᠢᠢᠭ᠎ᠠ ᠳᠤ ᠲᠠᠯᠠᠷᠬᠠᠯ ᠢᠯᠡᠷᠬᠡᠢᠢᠯᠡᠵᠦ᠂ ᠪᠸᠯᠡᠷᠥ᠋ᠰ  ᠦᠨ ᠠᠨᠳᠠ ᠨᠥᠬᠥᠳ᠂ ᠮᠡᠷᠭᠡᠵᠢᠯᠲᠡᠨ ᠨᠦᠭᠦᠳ ᠡᠷᠳᠡᠨᠢᠲᠦ᠂ ᠳᠠᠷᠬᠠᠨ᠂ ᠨᠠᠯᠠᠢᠢᠬᠤ᠂ ᠪᠠᠭᠠᠨᠠᠭᠤᠷ᠂ ᠰᠢᠷ᠎ᠠ ᠢᠢᠨ ᠭᠣᠣᠯ ᠵᠡᠷᠭᠡ ᠬᠣᠲᠠ᠂ ᠬᠥᠳᠡᠭᠡ ᠣᠷᠣᠨ ᠨᠤᠲᠤᠭ ᠤᠨ ᠪᠦᠲᠦᠭᠡᠨ ᠪᠠᠢᠢᠭᠤᠯᠤᠯᠲᠠ ᠳᠤ ᠦᠨᠡᠲᠡᠢ ᠬᠤᠪᠢ ᠨᠡᠮᠡᠷᠢ ᠣᠷᠣᠭᠤᠯᠵᠤ ᠢᠷᠡᠭᠰᠡᠨ ᠢ ᠣᠨᠴᠠᠯᠠᠪᠠ᠃

《ᠲᠡᠷᠪᠤᠮ ᠮᠣᠳᠣ》᠂ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠮᠣᠳᠣᠨ ᠤ ᠰᠠᠭᠤᠯᠭᠠᠴᠠ ᠢᠢ ᠬᠥᠷᠥᠰᠥ ᠲᠡᠢ ᠰᠠᠪᠠᠨ ᠳᠤ ᠤᠷᠭᠤᠭᠤᠯᠬᠤ ᠴᠣᠭᠴᠠᠯᠠᠪᠤᠷᠢ ᠢᠢ ᠮᠣᠩ᠋ᠭᠣᠯ ᠤᠯᠤᠰ ᠲᠤ ᠪᠠᠢᠢᠭᠤᠯᠬᠤ᠂ ᠬᠦᠨᠡᠰᠦᠨ ᠦ ᠭᠣᠣᠯ ᠨᠡᠷ᠎ᠡ ᠢᠢᠨ ᠪᠦᠲᠦᠭᠡᠭ᠍ᠳᠡᠬᠦᠨ᠂ ᠰᠦ᠋ᠨ᠂ ᠰᠦᠨ ᠪᠦᠲᠦᠭᠡᠭ᠍ᠳᠡᠬᠦᠨ ᠦ ᠦᠢᠯᠡᠳᠪᠦᠷᠢᠯᠡᠯ ᠢ ᠨᠡᠮᠡᠭᠳᠡᠭᠦᠯᠬᠦ ᠵᠡᠷᠭᠡ ᠴᠢᠭᠯᠡᠯ ᠢᠶᠡᠷ ᠬᠠᠮᠲᠤᠷᠠᠭᠰᠠᠨ ᠲᠥᠰᠥᠯ ᠬᠡᠷᠡᠭᠵᠢᠭᠦᠯᠬᠦ ᠪᠣᠯᠤᠮᠵᠢ ᠪᠠᠢᠢᠭ᠎ᠠ ᠢᠢ ᠲᠡᠮᠳᠡᠭᠯᠡᠪᠡ᠃

ᠠᠭᠤᠯᠵᠠᠯᠲᠠ ᠢᠢᠨ ᠦᠶ᠎ᠡ ᠪᠡᠷ ᠣᠢᠢᠷ᠎ᠠ ᠢᠢᠨ ᠬᠤᠭᠤᠴᠠᠭᠠᠨ ᠳᠤ ᠬᠡᠷᠡᠭᠵᠢᠭᠦᠯᠬᠦ ᠪᠡᠷ ᠲᠥᠯᠦᠪᠯᠡᠵᠦ ᠪᠤᠢ ᠳᠡᠭᠡᠳᠦ ᠲᠦᠪᠰᠢᠨ ᠦ ᠠᠢᠢᠯᠴᠢᠯᠠᠯ ᠢ ᠦᠷ᠎ᠡ ᠳ᠋ᠦᠩ ᠲᠡᠢ ᠬᠡᠷᠡᠭᠵᠢᠭᠦᠯᠬᠦ᠂ ᠬᠠᠷᠢᠯᠴᠠᠨ ᠰᠣᠨᠢᠷᠬᠠᠭᠰᠠᠨ ᠠᠰᠠᠭᠤᠳᠠᠯ ᠪᠣᠯᠤᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃

ᠪᠦᠭᠦᠳᠡ ᠨᠠᠢᠢᠷᠠᠮᠳᠠᠬᠤ ᠪᠸᠯᠡᠷᠥ᠋ᠰ ᠤᠯᠤᠰ ᠤᠨ ᠭᠠᠳᠠᠭᠠᠳᠤ ᠬᠡᠷᠡᠭ ᠦᠨ ᠰᠠᠢᠢᠳ ᠰ᠊᠂ ᠹ᠊᠂ ᠠᠯᠧᠢᠢᠨᠢᠻ ᠤᠨ ᠠᠢᠢᠯᠴᠢᠯᠠᠯ ᠨᠢ ᠲᠤᠰ ᠤᠯᠤᠰ ᠠᠴᠠ ᠭᠠᠳᠠᠭᠠᠳᠤ ᠬᠡᠷᠡᠭ ᠦᠨ ᠰᠠᠢᠢᠳ ᠤᠨ ᠲᠦᠪᠰᠢᠨ ᠳᠥ 28 ᠵᠢᠯ ᠦᠨ ᠳᠠᠷᠠᠭ᠎ᠠ ᠬᠢᠵᠦ ᠪᠤᠢ ᠬᠣᠶᠠᠷ ᠳ᠋ᠠᠬᠢ ᠤᠳᠠᠭ᠎ᠠ ᠢᠢᠨ ᠠᠢᠢᠯᠴᠢᠯᠠᠯ ᠶᠤᠮ᠃ ᠠᠢᠢᠯᠴᠢᠯᠠᠯ ᠤᠨ ᠪᠦᠷᠢᠯᠳᠦᠬᠦᠨ ᠳᠥ ᠪᠸᠯᠡᠷᠥ᠋ᠰ ᠤᠯᠤᠰ ᠤᠨ ᠠᠵᠤ ᠦᠢᠯᠡᠳᠪᠦᠷᠢ ᠢᠢᠨ ᠣᠷᠣᠯᠠᠭᠴᠢ ᠰᠠᠢᠢᠳ᠂ ᠬᠥᠳᠡᠭᠡ ᠠᠵᠤ ᠠᠬᠤᠢ᠂ ᠬᠦᠨᠡᠰᠦᠨ ᠦ ᠣᠷᠣᠯᠠᠭᠴᠢ ᠰᠠᠢᠢᠳ ᠪᠣᠯᠤᠨ ᠪᠢᠽᠢᠨ᠋᠋ᠧᠰ ᠦᠨ 20 ᠭᠠᠷᠤᠢ ᠲᠥᠯᠥᠭᠡᠯᠡᠭᠴᠢ ᠪᠠᠭᠲᠠᠵᠠᠢ᠃