Та "Internet explorer"-ийн сүүлийн хувилбар болох "Microsoft edge"-г ашиглана уу

Хэрэв "Microsoft edge"-г татах бол энд дарж татаж авна уу

《ᠰᠢᠨ᠎ᠡ ᠬᠠᠷᠠᠬᠣᠷᠣᠮ》 ᠬᠣᠲᠠ ᠢᠢᠨ ᠶᠡᠷᠦᠩᠬᠡᠢ ᠲᠥᠯᠦᠪᠯᠡᠭᠡᠨ ᠦ ᠦᠵᠡᠯ ᠪᠠᠷᠢᠮᠲᠠᠯᠠᠯ ᠪᠣᠯᠪᠠᠰᠤᠷᠠᠭᠤᠯᠬᠤ ᠣᠯᠠᠨ ᠤᠯᠤᠰ ᠤᠨ ᠨᠡᠭᠡᠭᠡᠯᠲᠡᠲᠡᠢ ᠰᠣᠩ᠋ᠭᠣᠨ ᠰᠢᠯᠭᠠᠷᠠᠭᠤᠯᠤᠯᠲᠠ ᠵᠠᠷᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠷᠲᠡᠨ ᠦ ᠨᠡᠢᠢᠰᠯᠡᠯ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠢᠢ ᠮᠣᠩ᠋ᠭᠣᠯ ᠤᠯᠤᠰ ᠤᠨ ᠵᠠᠰᠠᠭ ᠤᠨ ᠭᠠᠵᠠᠷ ᠲᠤ ᠴᠢᠭᠯᠡᠯ ᠪᠣᠯᠭᠠᠭᠰᠠᠨ ᠵᠠᠷᠯᠢᠭ ᠢ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 111 ᠵᠢᠯ ᠦᠨ ᠣᠢ ᠢᠢᠨ ᠡᠳᠦᠷ ᠪᠤᠶᠤ 2022 ᠣᠨ ᠤ 12 ᠳ᠋ᠤᠭᠠᠷ ᠰᠠᠷ᠎ᠠ ᠢᠢᠨ 29 ᠍ ᠦ ᠡᠳᠦᠷ ᠭᠠᠷᠭᠠᠭᠰᠠᠨ ᠪᠢᠯᠡ᠃

ᠵᠠᠷᠯᠢᠭ ᠨᠢ ᠢᠷᠭᠡᠳ ᠦᠨ ᠡᠷᠡᠭᠦᠯ᠂ ᠠᠶᠤᠯ ᠦᠭᠡᠢ ᠤᠷᠴᠢᠨ ᠳᠤ ᠠᠮᠢᠳᠤᠷᠠᠬᠤ ᠨᠥᠬᠥᠴᠡᠯ ᠢ ᠪᠦᠷᠢᠳᠦᠭᠦᠯᠬᠦ᠂ ᠨᠡᠢᠢᠭᠡᠮ ᠤᠨ ᠰᠠᠭᠤᠷᠢ ᠦᠢᠯᠡᠴᠢᠯᠡᠭᠡᠨ ᠦ ᠬᠦᠷᠲᠡᠭᠡᠮᠵᠢ ᠢᠢ ᠨᠡᠮᠡᠭᠳᠡᠭᠦᠯᠬᠦ᠂ ᠬᠦᠮᠦᠨ ᠠᠮᠠ ᠢᠢᠨ ᠲᠥᠪᠯᠡᠷᠡᠯ ᠢ ᠰᠠᠭᠠᠷᠠᠭᠤᠯᠬᠤ᠂ ᠪᠥᠰᠡ ᠨᠤᠲᠤᠭ ᠤᠨ ᠬᠥᠭ᠍ᠵᠢᠯ ᠦᠨ ᠲᠡᠩᠴᠡᠪᠦᠷᠢᠲᠡᠢ ᠪᠠᠢᠢᠳᠠᠯ ᠢ ᠬᠠᠩ᠋ᠭᠠᠬᠤ ᠪᠣᠯᠤᠨ ᠲᠥᠷᠥᠳᠦ ᠶᠣᠰᠣᠨ ᠤ ᠪᠠᠨ ᠦᠨᠡᠲᠦ ᠥᠪ ᠢ ᠪᠡᠬᠢᠵᠢᠭᠦᠯᠬᠦ᠂ ᠲᠡᠦᠬᠡ ᠰᠤᠶᠤᠯ ᠢᠶᠠᠨ ᠰᠡᠷᠭᠦᠭᠡᠬᠦ ᠵᠣᠷᠢᠯᠭ᠎ᠠ ᠲᠠᠢ ᠶᠤᠮ᠃

ᠡᠨᠡ ᠬᠦᠷᠢᠶᠡᠨ ᠳᠥ 《ᠰᠢᠨ᠎ᠡ ᠬᠠᠷᠠᠬᠣᠷᠣᠮ》 ᠬᠣᠲᠠ ᠢᠢᠨ ᠠᠯᠤᠰ ᠤᠨ ᠬᠠᠷᠠᠭ᠎ᠠ᠂ ᠬᠥᠭ᠍ᠵᠢᠯ ᠦᠨ ᠲᠡᠷᠢᠭᠦᠯᠡᠬᠦ ᠴᠢᠭᠯᠡᠯ᠂ ᠢᠷᠡᠭᠡᠳᠦᠢ ᠢᠢᠨ ᠬᠣᠲᠠ ᠢᠢᠨ ᠳᠦᠷᠢ ᠲᠥᠷᠬᠥ᠂ ᠢᠨ᠋ᠵᠧᠨᠧᠷ ᠦᠨ ᠰᠢᠢᠳᠦᠯ ᠢ ᠲᠣᠳᠣᠷᠬᠠᠢᠢᠯᠠᠬᠤ ᠳᠠᠭᠠᠨ ᠣᠯᠠᠨ ᠤᠯᠤᠰ ᠤᠨ ᠰᠢᠯᠢᠳᠡᠭ ᠠᠷᠬᠢᠲ᠋ᠧᠻᠲ᠋ᠥ᠋ᠷ᠂ ᠬᠣᠲᠠ ᠲᠥᠯᠥᠪᠯᠡᠭᠴᠢ᠂ ᠢᠨ᠋ᠵᠧᠨᠧᠷ ᠦᠳ ᠦᠨ ᠰᠢᠨᠡᠯᠡᠭ ᠰᠠᠨᠠᠭ᠎ᠠ᠂ ᠰᠢᠢᠳᠦᠯ ᠢ ᠲᠤᠰᠬᠠᠬᠤ ᠵᠣᠷᠢᠯᠭ᠎ᠠ ᠪᠠᠷ ᠬᠥᠭ᠍ᠵᠢᠯ ᠦᠨ ᠶᠡᠷᠦᠩᠬᠡᠢ ᠲᠥᠯᠦᠪᠯᠡᠭᠡᠨ ᠦ ᠦᠵᠡᠯ ᠪᠠᠷᠢᠮᠲᠠᠯᠠᠯ ᠪᠣᠯᠪᠠᠰᠤᠷᠠᠭᠤᠯᠬᠤ ᠣᠯᠠᠨ ᠤᠯᠤᠰ ᠤᠨ ᠨᠡᠭᠡᠭᠡᠯᠲᠡᠲᠡᠢ ᠰᠣᠩ᠋ᠭᠣᠨ ᠰᠢᠯᠭᠠᠷᠠᠭᠤᠯᠤᠯᠲᠠ ᠵᠠᠷᠯᠠᠯ᠎ᠠ᠃

ᠡᠨᠡ ᠲᠠᠯ᠎ᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠣᠶᠣᠯ᠂ ᠱᠠᠰᠢᠨ ᠤ ᠪᠣᠳᠣᠯᠭ᠎ᠠ ᠢᠢᠨ ᠵᠥᠪᠯᠡᠬᠦ ᠳᠤ᠊᠂ ᠪᠤᠮᠸᠴᠢᠷ᠂ ᠡᠳ᠋ ᠍ ᠦᠨ ᠵᠠᠰᠠᠭ ᠤᠨ ᠪᠣᠳᠣᠯᠭ᠎ᠠ ᠢᠢᠨ ᠵᠥᠪᠯᠡᠬᠦ ᠪ᠊᠂ ᠳᠠᠸᠠᠳᠠᠯᠠᠢ᠂ ᠶᠡᠷᠦᠩᠬᠡᠢᠢᠯᠡᠭᠴᠢ ᠢᠢᠨ ᠬᠡᠪᠯᠡᠯ ᠦᠨ ᠲᠥᠯᠦᠭᠡᠯᠡᠭᠴᠢ ᠥ᠊᠂ ᠵᠣᠯᠪᠠᠶᠠᠷ᠂ 《ᠰᠢᠨ᠎ᠡ ᠬᠠᠷᠠᠬᠣᠷᠣᠮ》 ᠬᠣᠲᠠ ᠢᠢᠨ ᠪᠦᠲᠦᠭᠡᠨ ᠪᠠᠢᠢᠭᠤᠯᠤᠯᠲᠠ ᠢᠢᠨ ᠠᠰᠠᠭᠤᠳᠠᠯ ᠬᠠᠷᠢᠭᠤᠴᠠᠭᠰᠠᠨ ᠶᠡᠷᠦᠩᠬᠡᠢ ᠢᠨ᠋ᠵᠧᠨᠧᠷ ᠮ᠊᠂ ᠨᠢᠮᠠᠪᠠᠶᠠᠷ᠂ ᠵᠠᠬᠢᠷᠭᠠᠨ ᠤ ᠬᠥᠷᠦᠩ᠋ᠭᠡ ᠣᠷᠣᠭᠤᠯᠤᠯᠲᠠ᠂ ᠬᠠᠮᠲᠤ ᠢᠢᠨ ᠠᠵᠢᠯᠯᠠᠭᠠᠨ ᠤ ᠬᠡᠯᠲᠡᠰ ᠦᠨ ᠳᠠᠷᠤᠭ᠎ᠠ ᠭ᠂ ᠳᠠᠷᠬᠠᠨᠴᠢᠯᠠᠭᠤᠨ ᠨᠠᠷ ᠮᠡᠳᠡᠭᠡᠯᠡᠯ ᠬᠢᠪᠡ᠃

ᠰᠣᠩ᠋ᠭᠣᠨ ᠰᠢᠯᠭᠠᠷᠠᠭᠤᠯᠤᠯᠲᠠ ᠢᠢ 2024 ᠣᠨ ᠤ 03 ᠳ᠋ᠤᠭᠠᠷ ᠰᠠᠷ᠎ᠠ ᠢᠢᠨ 18 ᠍ ᠤ ᠡᠳᠦᠷ ᠡᠴᠡ 2024 ᠣᠨ ᠤ 08 ᠳ᠋ᠤᠭᠠᠷ ᠰᠠᠷ᠎ᠠ ᠢᠢᠨ 02 ᠍ ᠤ ᠬᠣᠭᠣᠷᠣᠨᠳᠣ ᠶᠠᠪᠤᠭᠤᠯᠤᠨ᠎ᠠ᠃

ᠰᠢᠯᠭᠠᠷᠠᠭᠤᠯᠤᠯᠲᠠ ᠳᠤ ᠳᠣᠲᠣᠭᠠᠳᠤ᠂ ᠭᠠᠳᠠᠭᠠᠳᠤ ᠢᠢᠨ ᠪᠠᠢᠢᠭᠤᠯᠤᠯᠭ᠎ᠠ᠂ ᠪᠠᠭ ᠤᠷᠤᠯᠴᠠᠬᠤ ᠪᠣᠯᠤᠮᠵᠢᠲᠠᠢ ᠪᠥᠭᠡᠳ ᠣᠷᠣᠯᠴᠠᠭᠴᠢᠳ ᠮᠡᠷᠭᠡᠵᠢᠯ ᠦᠨ ᠶᠢᠰᠦ ᠡᠴᠡ ᠳᠣᠭᠣᠭᠰᠢ ᠦᠭᠡᠢ ᠬᠦᠮᠦᠨ ᠦ ᠪᠦᠷᠢᠯᠳᠦᠬᠦᠨ ᠲᠡᠢ ᠪᠠᠢᠢᠬᠤ ᠶᠤᠮ᠃

ᠪᠦᠷᠢᠳᠬᠡᠯ ᠢ ᠨᠢᠭᠡ ᠰᠠᠷ᠎ᠠ᠂ ᠦᠵᠡᠯ ᠪᠠᠷᠢᠮᠲᠠᠯᠠᠯ ᠢ ᠭᠤᠷᠪᠠᠨ ᠰᠠᠷ᠎ᠠ ᠢᠢᠨ ᠬᠤᠭᠤᠴᠠᠭᠠᠨ ᠳᠤ ᠪᠣᠯᠪᠠᠰᠤᠷᠠᠭᠤᠯᠬᠤ ᠪᠠᠷ ᠤᠳᠤᠷᠢᠳᠤᠮᠵᠢ ᠳᠤ ᠵᠠᠭᠠᠵᠠᠢ᠃

ᠰᠢᠯᠭᠠᠷᠠᠭᠤᠯᠤᠯᠲᠠ ᠭᠤᠷᠪᠠᠨ ᠦᠶ᠎ᠡ ᠱᠠᠲᠤ ᠲᠠᠢ ᠪᠥᠭᠡᠳ ᠣᠷᠣᠯᠴᠠᠭᠴᠢᠳ ᠤᠨ ᠪᠦᠲᠦᠭᠡᠯ ᠢ ᠴᠠᠬᠢᠮ ᠢᠶᠠᠷ ᠪᠣᠯᠤᠨ ᠦᠵᠡᠰᠬᠦᠯᠡᠩ ᠭᠠᠷᠭᠠᠬᠤ ᠵᠠᠮ ᠢᠶᠠᠷ ᠣᠯᠠᠨ ᠨᠡᠢᠢᠲᠡ ᠳᠥ ᠲᠠᠨᠢᠯᠴᠠᠭᠤᠯᠵᠤ ᠰᠠᠨᠠᠯ ᠠᠪᠤᠨ᠎ᠠ᠃ ᠡᠴᠦᠰ ᠦᠨ ᠰᠢᠯᠭᠠᠷᠠᠭᠤᠯᠤᠯᠲᠠ ᠢᠢ ᠳᠣᠲᠣᠭᠠᠳᠤ᠂ ᠭᠠᠳᠠᠭᠠᠳᠤ ᠢᠢᠨ ᠮᠡᠷᠭᠡᠵᠢᠯᠲᠡᠨ ᠨᠤᠭᠦᠳ ᠡᠴᠡ ᠪᠦᠷᠢᠳᠦᠭᠰᠡᠨ ᠬᠠᠮᠲᠤᠷᠠᠭᠰᠠᠨ ᠻᠣᠮᠢᠰᠰ ᠳ᠋ᠦᠩᠨᠡᠵᠦ᠂ ᠰᠢᠯᠢᠳᠡᠭ ᠲᠠᠪᠤᠨ ᠪᠠᠭ ᠢ ᠰᠢᠯᠭᠠᠷᠠᠭᠤᠯᠬᠤ ᠶᠤᠮ᠃

ᠤᠯᠠᠮ ᠢᠶᠠᠷ ᠰᠢᠯᠢᠳᠡᠭ ᠦᠳ ᠦᠨ ᠲᠥᠯᠥᠭᠡᠯᠡᠯ ᠢ 《ᠰᠢᠨ᠎ᠡ ᠬᠠᠷᠠᠬᠣᠷᠣᠮ》 ᠬᠣᠲᠠ ᠢᠢᠨ ᠬᠥᠭ᠍ᠵᠢᠯ ᠦᠨ ᠶᠡᠷᠦᠩᠬᠡᠢ ᠲᠥᠯᠥᠪᠯᠡᠭᠡ ᠪᠣᠯᠪᠠᠰᠤᠷᠠᠭᠤᠯᠬᠤ ᠳᠤ ᠣᠷᠤᠯᠴᠠᠭᠤᠯᠬᠤ ᠪᠠᠷ ᠲᠥᠯᠥᠪᠯᠡᠭᠡᠳ ᠪᠠᠢᠢᠨ᠎ᠠ᠃

ᠰᠣᠩ᠋ᠭᠣᠨ ᠰᠢᠯᠭᠠᠷᠠᠭᠤᠯᠤᠯᠲᠠ ᠢᠢᠨ ᠱᠠᠩᠨᠠᠯ ᠤᠨ ᠰᠠᠩ 1.6 ᠲᠡᠷᠪᠤᠮ ᠲᠥᠭᠥᠷᠢᠭ᠌ ᠪᠠᠢᠢᠬᠤ ᠶᠤᠮ᠃

ᠰᠣᠩ᠋ᠭᠣᠨ ᠰᠢᠯᠭᠠᠷᠠᠭᠤᠯᠤᠯᠲᠠ ᠢᠢᠨ ᠲᠠᠯᠠᠭᠠᠷᠬᠢ ᠳᠡᠯᠭᠡᠷᠡᠩ᠋ᠭᠦᠢ ᠮᠡᠳᠡᠭᠡᠯᠡᠯ ᠢ https᠄//competition.kharkhorum.gov.mn/ ᠴᠠᠬᠢᠮ ᠬᠠᠭᠤᠳᠠᠰᠤ ᠡᠴᠠ ᠠᠪᠬᠤ ᠪᠣᠯᠤᠮᠵᠢᠲᠠᠢ᠃

ᠦᠵᠡᠯ ᠪᠠᠷᠢᠮᠲᠠᠯᠠᠯ ᠤᠨ ᠬᠦᠷᠢᠶᠡᠨ ᠳᠥ ᠮᠥᠨ ᠳᠡᠯᠡᠬᠡᠢ ᠢᠢᠨ ᠰᠣᠶᠣᠯ ᠤᠨ ᠥᠪ ᠲᠥ ᠪᠦᠷᠢᠳᠬᠡᠭ᠍ᠳᠡᠭᠰᠡᠨ ᠣᠷᠬᠣᠨ ᠤ ᠬᠥᠨᠳᠡᠢ ᠢᠢᠨ ᠲᠡᠦᠬᠡ᠂ ᠠᠷᠬᠧᠣᠯᠣᠭᠢ ᠢᠢᠨ ᠣᠯᠳᠠᠪᠤᠷᠢ᠂ ᠰᠣᠶᠣᠯ ᠤᠨ ᠳᠤᠷᠠᠰᠬᠠᠯᠲᠤ ᠭᠠᠵᠠᠷ ᠢ ᠬᠠᠳᠠᠭᠠᠯᠠᠨ ᠬᠠᠮᠠᠭᠠᠯᠠᠬᠤ᠂ ᠰᠡᠷᠭᠦᠭᠡᠨ ᠵᠠᠰᠠᠪᠤᠷᠢᠯᠠᠬᠤ᠂ ᠣᠯᠠᠨ ᠨᠡᠢᠢᠲᠡ ᠳᠥ ᠰᠤᠷᠲᠠᠯᠴᠢᠯᠠᠨ ᠲᠠᠨᠢᠭᠤᠯᠬᠤ ᠮᠧᠨᠧᠵᠮᠧᠨ᠋ᠲ ᠢ ᠲᠣᠳᠣᠷᠬᠠᠢᠢᠯᠠᠨ᠎ᠠ᠃

ᠬᠣᠲᠠ ᠲᠥᠯᠦᠪᠯᠡᠯᠲᠡ ᠨᠢ ᠣᠯᠠᠨ ᠰᠠᠯᠪᠤᠷᠢ ᠢᠢᠨ ᠮᠡᠷᠭᠡᠵᠢᠯᠲᠡᠨ ᠨᠤᠭᠦᠳ ᠦᠨ ᠬᠠᠮᠲᠤᠷᠠᠨ ᠪᠣᠯᠪᠠᠰᠤᠷᠠᠭᠤᠯᠳᠠᠭ ᠣᠶᠤᠨ ᠤ ᠪᠦᠲᠦᠭᠡᠯ ᠪᠥᠭᠡᠳ ᠳᠡᠯᠡᠬᠡᠢ ᠢᠢᠨ ᠤᠯᠤᠰ ᠣᠷᠣᠨ ᠨᠤᠭᠤᠳ ᠡᠨᠡ ᠵᠢᠱᠢᠭ ᠢᠶᠡᠷ ᠰᠢᠨ᠎ᠡ ᠬᠣᠲᠠ ᠢᠢᠨ ᠬᠥᠭ᠍ᠵᠢᠯ ᠦᠨ ᠦᠵᠡᠯ ᠪᠠᠷᠢᠮᠲᠠᠯᠠᠯ ᠢᠶᠠᠨ ᠲᠣᠳᠣᠷᠬᠠᠢᠢᠯᠠᠳᠠᠭ᠃

ᠲᠤᠬᠠᠢᠢᠯᠠᠪᠠᠯ᠂ ᠪᠥ᠊᠂ ᠨᠠᠢ᠊᠂ ᠰᠤ᠊᠂ ᠤᠯᠤᠰ ᠵᠠᠰᠠᠭ ᠵᠠᠬᠢᠷᠭᠠᠨ ᠤ ᠰᠢᠨ᠎ᠡ ᠨᠡᠢᠢᠰᠯᠡᠯ ᠰᠸᠵᠤᠨ᠂ ᠢᠨ᠋ᠳᠥᠨᠧᠰᠢᠢ ᠠ ᠤᠯᠤᠰ ᠰᠢᠨ᠎ᠡ ᠨᠡᠢᠢᠰᠯᠡᠯ ᠨᠥ᠋ᠰᠠᠨ᠋ᠲ᠋ᠠᠷᠠ᠂ ᠬᠠᠰᠠᠭ ᠤᠯᠤᠰ ᠠᠰᠲ᠋ᠠᠨᠠ ᠬᠣᠲᠠ ᠢᠢᠨ ᠲᠥᠯᠥᠪᠯᠡᠯᠲᠡ ᠢᠢ ᠪᠣᠯᠪᠠᠰᠤᠷᠠᠭᠤᠯᠬᠤ ᠳᠠᠭᠠᠨ ᠣᠯᠠᠨ ᠤᠯᠤᠰ ᠤᠨ ᠨᠡᠭᠡᠭᠡᠯᠲᠡᠲᠡᠢ ᠤᠷᠤᠯᠳᠤᠭᠠᠨ ᠶᠠᠪᠤᠭᠤᠯᠵᠤ᠂ ᠰᠢᠯᠢᠳᠡᠭ ᠪᠦᠲᠦᠭᠡᠯ ᠦᠳ ᠢ ᠨᠢᠭᠡᠳᠬᠡᠨ ᠶᠡᠷᠦᠩᠬᠡᠢ ᠲᠥᠯᠥᠪᠯᠡᠭᠡ ᠪᠡᠨ ᠭᠠᠷᠭᠠᠭᠰᠠᠨ ᠶᠤᠮ᠃

《ᠰᠢᠨ᠎ᠡ ᠬᠠᠷᠠᠬᠣᠷᠣᠮ》 ᠬᠣᠲᠠ ᠳᠤ 500 ᠮᠢᠩ᠋ᠭᠠᠨ ᠬᠦᠮᠦᠨ ᠣᠷᠣᠰᠢᠨ ᠰᠠᠭᠤᠬᠤ ᠪᠥᠭᠡᠳ 285 ᠮᠢᠩ᠋ᠭᠠᠨ ᠠᠵᠢᠯ ᠤᠨ ᠪᠠᠢᠢᠷᠢ ᠪᠤᠢ ᠪᠣᠯᠵᠤ᠂ ᠡᠭᠦᠨ ᠢ ᠳᠠᠭᠠᠨ ᠪᠥᠰᠡ ᠨᠤᠲᠤᠭ ᠤᠨ ᠬᠥᠭ᠍ᠵᠢᠯ ᠢ ᠲᠡᠳᠭᠦᠬᠦ ᠭᠣᠣᠯ ᠬᠣᠲᠠ ᠪᠣᠯᠤᠨ᠎ᠠ ᠭᠡᠵᠦ ᠲᠣᠭᠠᠴᠠᠭᠠᠯᠠᠵᠤ ᠪᠠᠢᠢᠨ᠎ᠠ᠃

ᠲᠥᠷᠦ᠂ ᠵᠠᠬᠢᠷᠭᠠᠨ ᠤ ᠪᠣᠯᠤᠨ ᠣᠯᠠᠨ ᠤᠯᠤᠰ ᠤᠨ ᠪᠠᠢᠢᠭᠤᠯᠤᠯᠭ᠎ᠠ᠂ ᠭᠠᠳᠠᠭᠠᠳᠤ ᠤᠯᠤᠰ ᠣᠷᠣᠨ ᠨᠤᠭᠤᠳ ᠤᠨ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠲᠥᠪᠯᠡᠷᠡᠭᠰᠡᠨ᠂ ᠨᠡᠢᠢᠭᠡᠮ᠂ ᠡᠷᠡᠭᠦᠯ ᠮᠡᠨᠳᠦ᠂ ᠳᠡᠳ᠋ ᠪᠦᠲᠦᠴᠡ᠂ ᠥᠨᠳᠦᠷ ᠲᠧᠭᠨᠣᠯᠣᠭᠢ ᠢᠢᠨ ᠦᠢᠯᠡᠳᠪᠦᠷᠢᠯᠡᠯ᠂ ᠣᠷᠣᠨ ᠰᠠᠭᠤᠴᠠ᠂ ᠰᠣᠶᠣᠯ᠂ ᠤᠷᠠᠯᠢᠭ᠂ ᠠᠶᠠᠯᠠᠯ ᠵᠢᠭᠤᠯᠴᠢᠯᠠᠯ᠂ ᠨᠣᠭᠣᠭᠠᠨ ᠪᠠᠢᠢᠭᠤᠯᠤᠮᠵᠢ᠂ ᠪᠤᠰᠤᠳ ᠦᠢᠯᠡᠴᠢᠯᠡᠭᠡ ᠬᠥᠭ᠍ᠵᠢᠭᠰᠡᠨ ᠤᠬᠠᠭᠠᠯᠢᠭ ᠬᠣᠲᠠ ᠪᠠᠢᠢᠬᠤ ᠪᠠᠷ ᠲᠥᠯᠦᠪᠯᠡᠭᠰᠡᠨ᠃

ᠲᠤᠬᠠᠢᠢᠯᠠᠪᠠᠯ᠂ ᠬᠣᠲᠠ ᠲᠥᠯᠥᠪᠯᠡᠯᠲᠡ ᠢᠢᠨ ᠲᠠᠯᠠᠪᠠᠢ ᠢᠢᠨ 50 ᠬᠤᠪᠢ ᠨᠢ ᠨᠣᠭᠣᠭᠠᠨ ᠪᠠᠢᠢᠭᠤᠯᠤᠮᠵᠢ᠂ 30 ᠬᠤᠪᠢ ᠨᠢ ᠪᠠᠷᠢᠯᠭᠠᠵᠢᠬᠤ ᠲᠠᠯᠠᠪᠠᠢ᠂ 20 ᠬᠤᠪᠢ ᠨᠢ ᠠᠦ᠋ᠲ᠋ᠣ᠋ ᠵᠠᠮ ᠪᠠᠢᠢᠬᠤ ᠶᠤᠮ᠃

ᠬᠣᠲᠠ ᠪᠠᠢᠢᠭᠤᠯᠬᠤ ᠲᠠᠢ ᠬᠣᠯᠪᠣᠭᠠᠲᠠᠢ ᠪᠠᠷ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠲᠣᠭᠲᠠᠭᠠᠯ ᠢᠶᠠᠷ ᠥᠪᠦᠷᠬᠠᠩ᠋ᠭᠠᠢ᠂ ᠠᠷᠤᠬᠠᠩ᠋ᠭᠠᠢ ᠠᠢᠢᠮᠠᠭ ᠤᠨ ᠨᠤᠲᠤᠭ ᠳ᠋ᠠᠬᠢ ᠣᠷᠬᠣᠨ ᠤ ᠬᠥᠨᠳᠡᠢ ᠳᠥ 189 ᠮᠢᠩ᠋ᠭᠠᠨ ᠭᠠ ᠭᠠᠵᠠᠷ ᠢ ᠤᠯᠤᠰ ᠤᠨ ᠲᠤᠰᠬᠠᠢ ᠬᠡᠷᠡᠭᠴᠡᠭᠡᠨ ᠳᠥ ᠠᠪᠤᠭᠠᠳ ᠪᠠᠢᠢᠨ᠎ᠠ᠃

ᠰᠢᠨ᠎ᠡ ᠬᠣᠲᠠ ᠢᠢ ᠣᠷᠬᠣᠨ ᠤ ᠬᠥᠨᠳᠡᠢ ᠢᠢᠨ ᠠᠯᠢ ᠪᠠᠢᠢᠷᠢᠰᠢᠯ ᠳᠤ ᠪᠠᠢᠢᠭᠤᠯᠬᠤ᠂ ᠮᠡᠳᠡᠭᠡᠯᠡᠯ ᠦᠨ ᠨᠢᠭᠡᠳᠦᠭᠰᠡᠨ ᠰᠠᠩ ᠪᠠᠢᠢᠭᠤᠯᠬᠤ᠂ ᠢᠨ᠋ᠵᠧᠨᠧᠷ᠂ ᠭᠧᠣᠯᠣᠭᠢ᠂ ᠠᠷᠬᠧᠣᠯᠣᠭᠢ ᠢᠢᠨ ᠨᠠᠷᠢᠪᠴᠢᠯᠠᠭᠰᠠᠨ ᠬᠠᠢᠢᠭᠤᠯ᠂ ᠪᠠᠢᠢᠭᠠᠯᠢ ᠣᠷᠴᠢᠨ ᠤ ᠦᠨᠡᠯᠡᠭᠡ ᠬᠢᠬᠦ ᠵᠡᠷᠭᠡ ᠠᠵᠢᠯ ᠲᠥᠯᠥᠪᠯᠡᠭᠰᠡᠨ ᠦ ᠳᠠᠭᠠᠭᠤ ᠬᠡᠷᠡᠭᠵᠢᠵᠦ ᠪᠠᠢᠢᠨ᠎ᠠ᠃