Та "Internet explorer"-ийн сүүлийн хувилбар болох "Microsoft edge"-г ашиглана уу

Хэрэв "Microsoft edge"-г татах бол энд дарж татаж авна уу

ᠬᠠᠪᠰᠤᠷᠤᠨ ᠰᠠᠭᠤᠬᠤ ᠡᠯᠴᠢᠨ ᠰᠠᠢᠢᠳ ᠨᠠᠷ ᠢᠲᠡᠭᠡᠮᠵᠢᠯᠡᠬᠦ ᠵᠢᠭᠤᠬᠤ ᠪᠢᠴᠢᠭ ᠢᠢᠡᠨ ᠡᠷᠭᠦᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦᠬᠡ ᠳᠥ ᠨᠸᠳ᠋ᡁᠧᠷᠯᠠᠨ᠋ᠳ᠋ ᠍ ᠤᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠠᠨ᠋ᠳ᠋ᠷᠧ ᠾᠠᠰᠫᠧᠯᠰ᠂ ᠪᠧᠯᠭᠢ ᠢᠢᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠪᠷᠦ᠋ᠨᠤ‍ ᠠᠨ᠋ᠵᠧᠯᠧᠲ᠂ ᠯᠥᠻᠰᠧᠮᠪᠦ᠋ᠷᠡᠭ ᠦᠨ ᠶᠡᠬᠡ ᠭᠦᠩᠲᠦ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠷᠣᠯᠠᠨ᠋ᠳ᠋ ᠷᠧᠢᠢᠯᠠᠨ᠋ᠳ᠋᠂ ᠷᠤᠮᠠᠨᠢᠢ ᠠ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠳ᠋ᠠᠨ ᠣᠷᠢᠶᠠ ᠮᠠᠻᠰᠢᠮ ᠨᠠᠷ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠥᠨ ᠪᠠᠷᠢᠪᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠯᠴᠢᠨ ᠰᠠᠢᠢᠳ ᠨᠠᠷ ᠢ ᠡᠭᠦᠷᠭᠡᠳᠥ ᠠᠵᠢᠯ ᠳᠠᠭᠠᠨ ᠣᠷᠣᠵᠤ ᠪᠤᠢ ᠳᠤ ᠨᠢ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠪᠡ᠃

ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠴᠢᠭᠯᠡᠯ ᠢᠶᠡᠷ ᠡᠯᠴᠢᠨ ᠰᠠᠢᠢᠳ ᠨᠠᠷ ᠴᠢᠷᠮᠠᠢᠢᠨ ᠠᠵᠢᠯᠯᠠᠨ᠎ᠠ ᠭᠡᠳᠡᠭ ᠲᠥ ᠢᠲᠡᠭᠡᠵᠦ ᠪᠠᠢᠢᠭ᠎ᠠ ᠪᠠᠨ ᠬᠡᠯᠡᠭᠡᠳ᠂ ᠲᠥᠷᠥ᠂ ᠵᠠᠰᠠᠭ ᠠᠴᠠ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃

ᠲᠡᠭᠦᠨᠴᠢᠯᠡᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠥᠭᠡ ᠪᠠᠢᠢᠭ᠎ᠠ ᠪᠠᠨ ᠲᠡᠮᠳᠡᠭᠯᠡᠪᠡ᠃

• ᠨᠸᠳ᠋ᡁᠧᠷᠯᠠᠨ᠋ᠳ᠋ ᠍ ᠤᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠨ᠋ᠳ᠋ᠷᠧ ᠾᠠᠰᠫᠧᠯᠰ


• ᠪᠧᠯᠭᠢ  ᠢᠢᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠷᠦ᠋ᠨᠤ‍ ᠠᠨ᠋ᠵᠧᠯᠧᠲ


• ᠯᠥᠻᠰᠧᠮᠪᠦ᠋ᠷᠡᠭ  ᠦᠨ ᠶᠡᠬᠡ ᠭᠦᠩᠲᠦ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠷᠣᠯᠠᠨ᠋ᠳ᠋ ᠷᠧᠢᠢᠯᠠᠨ᠋ᠳ᠋


• ᠷᠤᠮᠠᠨᠢᠢ ᠠ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳ᠋ᠠᠨ ᠣᠷᠢᠶᠠ ᠮᠠᠻᠰᠢᠮ