Та "Internet explorer"-ийн сүүлийн хувилбар болох "Microsoft edge"-г ашиглана уу

Хэрэв "Microsoft edge"-г татах бол энд дарж татаж авна уу

ᠡᠯᠴᠢᠨ ᠰᠠᠢᠢᠳ ᠨᠠᠷ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠫᠧᠷᠥ᠋ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠠᠷᠻᠣ ᠸᠢᠨᠢᠰᠢᠣ‍ ᠪᠠᠯᠠᠷᠧᠽᠣ‍ ᠯᠢᠽᠠᠷᠽᠠᠪᠥ᠋ᠷᠥ᠋᠂ ᠪᠣᠯᠢᠸᠠᠷᠢᠢ ᠠ ᠢᠢᠨ ᠪᠦᠭᠦᠳᠡ ᠨᠠᠢᠢᠷᠠᠮᠳᠠᠬᠤ ᠸᠧᠨᠧᠽᠥ᠋ᠸᠯᠡ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠢᠥ᠋ᠰᠧᠫᠫᠧ ᠠᠩ᠋ᠭᠧᠯᠤ‍ ᠻᠠᠷᠮᠧᠯᠤ‍ ᠶᠣᠹᠹᠷᠧᠳᠠ ᠶᠣᠷᠢᠤ‍᠂ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠠᠯᠵᠸᠷᠢᠢ ᠠ ᠠᠷᠠᠳ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠻᠠᠢᠢᠳ᠋ ᠰᠯᠢᠮᠠᠨ ᠯᠠᡁᠰᠢᠨ᠂ ᠢᠰᠸᠯᠠᠮ ᠤᠨ ᠪᠦᠭᠦᠳᠡ ᠨᠠᠢᠢᠷᠠᠮᠳᠠᠬᠤ ᠫᠠᠻᠢᠰᠲ᠋ᠠᠨ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠾᠠᠯᠢᠯ-ᠥᠷ-ᠷᠠᠾᠮᠠᠨ-ᠾᠠᠱᠮᠢ ᠨᠠᠷ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠥᠨ ᠪᠠᠷᠢᠪᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠡᠯᠴᠢᠨ ᠰᠠᠢᠢᠳ ᠨᠠᠷ ᠢ ᠡᠭᠦᠷᠭᠡᠳᠦ ᠠᠵᠢᠯ ᠳᠠᠭᠠᠨ ᠣᠷᠣᠵᠤ ᠪᠤᠢ ᠳᠤ ᠨᠢ ᠪᠠᠶᠠᠷ ᠬᠦᠷᠭᠡᠵᠦ᠂ ᠠᠮᠵᠢᠯᠲᠠ ᠬᠦᠰᠡᠪᠡ᠃ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠡᠯᠴᠢᠨ ᠰᠠᠢᠢᠳ ᠨᠠᠷ ᠬᠦᠴᠦᠨ ᠴᠢᠷᠮᠠᠢᠢᠯᠲᠠ ᠭᠠᠷᠭᠠᠨ᠎ᠠ ᠭᠡᠳᠡᠭ ᠲᠥ ᠢᠲᠡᠭᠡᠵᠦ ᠪᠠᠢᠢᠭ᠎ᠠ ᠪᠠᠨ ᠳᠤᠷᠠᠳᠴᠤ᠂ ᠲᠥᠷᠦ᠂ ᠵᠠᠰᠠᠭ ᠠᠴᠠ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠢᠢ ᠢᠯᠡᠷᠬᠡᠢᠢᠯᠡᠪᠡ᠃

ᠲᠡᠭᠦᠨᠴᠢᠯᠡᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠪᠤᠰᠤᠳ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠥᠭᠡ ᠪᠠᠢᠢᠭ᠎ᠠ ᠢᠢ ᠲᠡᠮᠳᠡᠭᠯᠡᠪᠡ᠃

ᠡᠯᠴᠢᠨ ᠰᠠᠢᠢᠳ ᠨᠠᠷ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠴᠢᠷᠮᠠᠢᠢᠨ ᠠᠵᠢᠯᠯᠠᠬᠤ ᠪᠠᠨ ᠢᠯᠡᠷᠬᠡᠢᠢᠯᠡᠪᠡ᠃

• ᠪᠦᠭᠦᠳᠡ ᠨᠠᠢᠢᠷᠠᠮᠳᠠᠬᠤ ᠫᠧᠷᠥ᠋ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠠᠷᠻᠣ ᠸᠢᠨᠢᠰᠢᠣ‍ ᠪᠠᠯᠠᠷᠧᠽᠣ‍ ᠯᠢᠽᠠᠷᠽᠠᠪᠥ᠋ᠷᠥ᠋

• ᠪᠣᠯᠢᠸᠠᠷᠢᠢ ᠠ ᠢᠢᠨ ᠪᠦᠭᠦᠳᠡ ᠨᠠᠢᠢᠷᠠᠮᠳᠠᠬᠤ ᠸᠧᠨᠧᠽᠥ᠋ᠸᠯᠡ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠢᠥ᠋ᠰᠧᠫᠫᠧ ᠠᠩ᠋ᠭᠧᠯᠤ‍ ᠻᠠᠷᠮᠧᠯᠤ‍ ᠶᠣᠹᠹᠷᠧᠳᠠ ᠶᠣᠷᠢᠤ‍

• ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠠᠯᠵᠸᠷᠢᠢ ᠠ ᠠᠷᠠᠳ ᠤᠯᠤᠰ ᠠᠴᠠ ᠮᠣᠩ᠋ᠭᠰᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠻᠠᠢᠢᠳ᠋ ᠰᠯᠢᠮᠠᠨ ᠯᠠᠾᠰᠢᠨ

• ᠢᠰᠸᠯᠠᠮ  ᠤᠨ ᠪᠦᠭᠦᠳᠡ ᠨᠠᠢᠢᠷᠠᠮᠳᠠᠬᠤ ᠫᠠᠻᠢᠰᠲ᠋ᠠᠨ ᠤᠯᠤᠰ ᠠᠴᠠ ᠮᠣᠩ᠋ᠭᠣᠯ ᠤᠯᠤᠰ ᠲᠤ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠾᠠᠯᠢᠯ-ᠥᠷ-ᠷᠠᠾᠮᠠᠨ-ᠾᠠᠱᠮᠢ