Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ 3×3 ᠰᠠᠭᠰᠤᠨ ᠪᠥᠮᠪᠥᠭᠡ ᠢᠢᠨ ᠦᠨᠳᠦᠰᠦᠨ ᠦ ᠰᠢᠭᠰᠢᠭᠡ ᠪᠠᠭ ᠤᠨ ᠲᠠᠮᠢᠷᠴᠢᠳ ᠲᠤ ᠪᠠᠶᠠᠷ ᠬᠦᠷᠭᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠨ 3×3 ᠰᠠᠭᠰᠤᠨ ᠪᠥᠮᠪᠥᠭᠡ ᠢᠢᠨ ᠦᠨᠳᠦᠰᠦᠨ ᠦ ᠰᠢᠭ᠍ᠰᠢᠭᠡ ᠪᠠᠭ ᠤᠨ ᠲᠠᠮᠢᠷᠴᠢᠨ᠂ ᠪᠠᠭᠰᠢ᠂ ᠳᠠᠰᠬᠠᠯᠵᠢᠭᠤᠯᠤᠭᠴᠢᠳ ᠢ ᠬᠦᠯᠢᠶᠡᠨ ᠠᠪᠴᠤ ᠠᠭᠤᠯᠵᠠᠯ᠎ᠠ᠃

ᠰᠢᠩᠭ᠋ᠠᠫᠦᠷ ᠤᠯᠤᠰ ᠲᠤ ᠵᠣᠬᠢᠶᠠᠨ ᠪᠠᠢᠢᠭᠤᠯᠤᠭᠳᠠᠭᠰᠠᠨ FIBA 3×3ᠰᠠᠭᠰᠤᠨ ᠪᠥᠮᠪᠥᠭᠡ ᠢᠢᠨ 2024 ᠣᠨ ᠤ ᠠᠽᠢ ᠲᠢᠢᠪ ᠦᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠥ ᠮᠣᠩ᠋ᠭᠣᠯ ᠤᠯᠤᠰ ᠤᠨ ᠦᠨᠳᠦᠰᠦᠨ ᠦ ᠰᠢᠭ᠍ᠰᠢᠭᠡ ᠡᠷᠡᠭᠲᠡᠢ᠂ ᠡᠮᠡᠭᠲᠡᠢ ᠪᠠᠭ ᠬᠣᠣᠰ ᠬᠦᠷᠡᠯ ᠮᠧᠳᠠᠯᠢ ᠬᠦᠷᠲᠡᠭᠰᠡᠨ ᠶᠤᠮ᠃

ᠮᠣᠩ᠋ᠭᠣᠯ ᠤᠯᠤᠰ ᠤᠨ ᠪᠠᠭ᠂ ᠲᠠᠮᠢᠷᠴᠢᠳ ᠠᠽᠢ ᠲᠢᠢᠪ ᠦᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠬᠣᠣᠰ ᠮᠧᠳᠠᠯᠢ ᠬᠦᠷᠲᠡᠵᠦ᠂ ᠣᠯᠠᠨ ᠤᠯᠤᠰ ᠤᠨ ᠲᠠᠪᠴᠠᠩ ᠳᠤ ᠮᠣᠩ᠋ᠭᠣᠯ ᠤᠯᠤᠰ ᠤᠨ ᠢᠶᠠᠨ ᠨᠡᠷ᠎ᠡ ᠢᠢ ᠥᠨᠳᠥᠷ ᠲᠥ ᠡᠷᠭᠦᠭ᠍ᠰᠡᠨ ᠳᠥ ᠪᠠᠶᠠᠷ ᠬᠦᠷᠭᠡᠵᠦ᠂ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠯᠠᠷᠬᠠᠯ ᠢᠯᠡᠷᠬᠡᠢᠢᠯᠡᠪᠡ᠃

ᠦᠨᠳᠦᠰᠦᠨ ᠦ ᠰᠢᠭ᠍ᠰᠢᠭᠡ ᠪᠠᠭ ᠤᠨ ᠲᠠᠮᠢᠷᠴᠢᠨ᠂ ᠳᠠᠰᠬᠠᠯᠵᠢᠭᠤᠯᠤᠭᠴᠢᠳ ᠡᠪ ᠨᠢᠭᠡᠳᠦᠯ ᠲᠡᠢ᠂ ᠬᠥᠳᠡᠯᠮᠦᠷᠢᠴᠢ᠂ ᠰᠠᠬᠢᠯᠭ᠎ᠠ ᠪᠠᠲᠤᠲᠠᠢ ᠪᠠᠢᠢᠵᠤ ᠴᠢᠳᠠᠪᠠᠯ ᠣᠯᠠᠨ ᠪᠣᠯᠤᠮᠵᠢ ᠨᠤᠭᠤᠳ ᠪᠠᠢᠢᠭ᠎ᠠ ᠢᠢ ᠣᠨᠴᠠᠯᠠᠵᠤ᠂ ᠴᠢᠨᠠᠭᠰᠢᠳᠠ ᠢᠢᠨ ᠲᠡᠮᠡᠴᠡᠭᠡᠨ᠂ ᠤᠷᠤᠯᠳᠤᠭᠠᠨ ᠳᠤ ᠨᠢ ᠠᠮᠵᠢᠯᠲᠠ ᠬᠦᠰᠡᠯ᠎ᠡ᠃

ᠮᠣᠩ᠋ᠭᠣᠯ ᠤᠨ ᠰᠠᠭᠰᠤᠨ ᠪᠥᠮᠪᠥᠭᠡ ᠢᠢᠨ ᠬᠣᠯᠪᠣᠭᠠᠨ ᠤ ᠶᠡᠷᠦᠩᠬᠡᠢᠢᠯᠡᠭᠴᠢ ᠭ ∙ ᠪᠠᠲᠤᠴᠡᠩ᠋ᠭᠡᠯ ᠮᠣᠩ᠋ᠭᠣᠯ ᠤᠯᠤᠰ ᠤᠨ ᠰᠢᠭ᠍ᠰᠢᠭᠡ ᠪᠠᠭ 3×3 ᠰᠠᠭᠰᠤᠨ ᠪᠥᠮᠪᠥᠭᠡ ᠢᠢᠨ ᠲᠥᠷᠥᠯ ᠢᠶᠡᠷ ᠠᠽᠢ ᠲᠢᠢᠪ ᠲᠡᠭᠡᠨ ᠵᠢᠱᠢᠭ ᠲᠣᠭᠲᠠᠭᠠᠵᠤ᠂ ᠬᠦᠯᠢᠶᠡᠨ ᠵᠥᠪᠰᠢᠶᠡᠷᠡᠭᠳᠡᠵᠦ ᠴᠢᠳᠠᠭᠰᠠᠨ ᠢ ᠣᠨᠴᠠᠯᠠᠪᠠ᠃

ᠦᠨᠳᠦᠰᠦᠨ ᠦ ᠰᠢᠭ᠍ᠰᠢᠭᠡ ᠪᠠᠭ ᠤᠨ ᠲᠠᠮᠢᠷᠴᠢᠳ 04 ᠳ᠋ᠤᠭᠡᠷ ᠰᠠᠷ᠎ᠠ ᠢᠢᠨ 12-14 ᠍ ᠦ ᠡᠳᠦᠷ ᠦᠳ ᠲᠥ ᠣᠯᠢᠮᠫ ᠤᠨ ᠡᠷᠬᠡ ᠠᠪᠬᠤ ᠡᠬᠢᠨ ᠦ ᠲᠡᠮᠡᠴᠡᠭᠡᠨ ᠳᠡᠭᠡᠨ ᠣᠷᠣᠯᠴᠠᠬᠤ ᠪᠠᠷ ᠾᠣᠩ ᠻᠣᠩ ᠢ ᠵᠣᠷᠢᠨ᠎ᠠ ᠭᠡᠳᠡᠭ ᠢ ᠳᠤᠭᠤᠯᠠᠭᠠᠯ᠎ᠠ᠃

ᠮᠥᠨ ᠮᠣᠩ᠋ᠭᠣᠯ ᠤᠨ ᠰᠠᠭᠰᠤᠨ ᠪᠥᠮᠪᠥᠭᠡ ᠢᠢᠨ ᠬᠣᠯᠪᠣᠭᠠᠨ ᠠᠴᠠ 2024 ᠣᠨ ᠳᠤ 3×3 ᠰᠠᠭᠰᠤᠨ ᠪᠥᠮᠪᠥᠭᠡ ᠢᠢᠨ ᠵᠠᠯᠠᠭᠤᠴᠤᠳ ᠤᠨ ᠳᠡᠯᠡᠬᠡᠢ ᠢᠢᠨ ᠠᠪᠤᠷᠭᠤ ᠰᠢᠯᠭᠠᠷᠠᠭᠤᠯᠬᠤ ᠲᠡᠮᠡᠴᠡᠭᠡᠨ᠂ 2025 ᠣᠨ ᠳᠤ 3×3 ᠰᠠᠭᠰᠤᠨ ᠪᠥᠮᠪᠥᠭᠡ ᠢᠢᠨ ᠨᠠᠰᠤᠨ ᠳᠤ ᠬᠦᠷᠡᠭᠴᠢᠳ ᠦᠨ ᠳᠡᠯᠡᠬᠡᠢ ᠢᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠲᠤᠰ ᠲᠤᠰ ᠡᠬᠡ ᠣᠷᠣᠨ ᠳᠠᠭᠠᠨ ᠵᠣᠬᠢᠶᠠᠨ ᠪᠠᠢᠢᠭᠤᠯᠬᠤ ᠪᠠᠷ ᠲᠥᠯᠥᠪᠯᠡᠨ ᠠᠵᠢᠯᠯᠠᠵᠤ ᠪᠠᠢᠢᠭ᠎ᠠ ᠢᠢ ᠲᠠᠨᠢᠯᠴᠠᠭᠤᠯᠪᠠ᠃