Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠄ ᠰᠤᠷᠭᠠᠯᠲᠠ ᠢᠢᠨ ᠴᠢᠨᠠᠷ᠂ ᠬᠣᠲᠠ᠂ ᠬᠥᠳᠡᠭᠡ ᠢᠢᠨ ᠪᠣᠯᠪᠠᠰᠤᠷᠠᠯ ᠤᠨ ᠴᠢᠨᠠᠷ ᠤᠨ ᠢᠯᠭᠠᠭ᠎ᠠ᠂ ᠪᠠᠭᠰᠢ ᠨᠠᠷ ᠤᠨ ᠨᠡᠢᠢᠭᠡᠮ ᠤᠨ ᠠᠰᠠᠭᠤᠳᠠᠯ ᠳᠤ ᠠᠩᠬᠠᠷᠤᠯ ᠬᠠᠨᠳᠤᠭᠤᠯᠬᠤ ᠱᠠᠭᠠᠷᠳᠠᠯᠭ᠎ᠠ ᠲᠠᠢ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠮᠣᠩ᠋ᠭᠣᠯ ᠤᠨ ᠪᠠᠭᠰᠢ ᠨᠠᠷ ᠤᠨ VIII ᠶᠡᠬᠡ ᠬᠤᠷᠠᠯ ᠥᠨᠥᠳᠥᠷ 《ᠻᠣᠷᠫᠣᠷᠧᠢᠢᠲ᠋ ᠾᠣᠲ᠋ᠧᠯ ᠧᠨ᠋ᠳ᠋ ᠻᠣᠨ᠋ᠸᠧᠢᠢᠱᠨ ᠼᠧᠨ᠋ᠲ᠋ᠷ》 ᠍ ᠲᠥ ᠡᠬᠢᠯᠡᠯ᠎ᠡ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠬᠡ ᠬᠤᠷᠠᠯ ᠢ ᠨᠡᠭᠡᠭᠡᠵᠦ ᠦᠭᠡ ᠬᠡᠯᠡᠭᠰᠡᠨ ᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠭᠰᠡᠨ ᠥᠭᠡᠨ ᠳᠡᠭᠡᠨ᠄

《ᠡᠷᠬᠢᠮ ᠬᠦᠨᠳᠦᠳᠥ ᠡᠷᠳᠡᠮᠲᠡᠨ ᠪᠠᠭᠰᠢ ᠨᠠᠷ ᠠ᠂

ᠡᠷᠬᠢᠮ ᠬᠦᠨᠳᠦᠳᠥ ᠰᠤᠷᠭᠠᠨ ᠬᠦᠮᠦᠵᠢᠭᠦᠯᠦᠭᠴᠢᠳ᠂ ᠰᠣᠶᠣᠨ ᠭᠡᠭᠡᠷᠡᠭᠦᠯᠦᠭᠴᠢᠳ ᠡ᠂

ᠮᠣᠩ᠋ᠭᠣᠯ ᠤᠨ ᠪᠠᠭᠰᠢ ᠨᠠᠷ ᠤᠨ VIII ᠶᠡᠬᠡ ᠬᠤᠷᠠᠯ ᠤᠨ ᠡᠷᠬᠢᠮ ᠬᠦᠨᠳᠦᠳᠥ ᠵᠣᠴᠢᠳ ᠲᠥᠯᠥᠭᠡᠯᠡᠭᠴᠢᠳ ᠡ᠂

ᠡᠬᠡ ᠣᠷᠣᠨ ᠤ ᠪᠠᠨ ᠥᠨᠴᠥᠭ ᠪᠤᠯᠤᠨ ᠪᠦᠷᠢ ᠡᠴᠡ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠣ ᠳᠤ ᠬᠦᠷᠦᠯᠴᠡᠨ ᠢᠷᠡᠵᠦ᠂ ᠬᠤᠷᠠᠨ ᠴᠢᠭᠤᠯᠵᠤ ᠪᠠᠢᠢᠭ᠎ᠠ ᠲᠠ ᠪᠦᠬᠦᠨ ᠳᠥ ᠴᠢᠩ ᠰᠡᠳᠬᠢᠯ ᠦᠨ ᠬᠠᠯᠠᠭᠤᠨ ᠪᠠᠶᠠᠷ ᠬᠦᠷᠭᠡᠵᠦ᠂ ᠡᠨᠡ ᠰᠠᠢᠢᠬᠠᠨ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ᠎ᠡ᠃

ᠪᠣᠯᠪᠠᠰᠤᠷᠠᠯ ᠪᠣᠯ ᠤᠯᠤᠰ ᠣᠷᠣᠨ ᠤ ᠬᠥᠭ᠍ᠵᠢᠯ ᠳᠡᠪᠰᠢᠯ ᠦᠨ ᠦᠨᠳᠦᠰᠦ᠂ ᠬᠤᠪᠢ ᠬᠦᠮᠦᠨ ᠦ ᠬᠥᠭ᠍ᠵᠢᠯ ᠦᠨ ᠰᠠᠭᠤᠷᠢ᠂ ᠰᠠᠢᠢᠨ ᠰᠠᠢᠢᠬᠠᠨ ᠠᠮᠢᠳᠤᠷᠠᠯ ᠤᠨ ᠲᠦᠯᠬᠢᠭᠦᠷ ᠪᠢᠯᠡ᠃ ᠲᠡᠢᠢᠮᠦ ᠴᠤ ᠤᠴᠢᠷ ᠠᠴᠠ ᠠᠯᠢᠪᠠ ᠤᠯᠤᠰ ᠣᠷᠣᠨ ᠤ ᠬᠥᠭ᠍ᠵᠢᠯ ᠳᠡᠪᠰᠢᠯ ᠢ ᠠᠷᠠᠳ ᠢᠷᠭᠡᠳ ᠦᠨ ᠬᠢ ᠨᠢ ᠪᠣᠯᠪᠠᠰᠤᠷᠠᠯ ᠤᠨ ᠲᠦᠪᠰᠢᠨ᠂ ᠬᠤᠪᠢ ᠬᠦᠮᠦᠨ ᠦ ᠬᠥᠭ᠍ᠵᠢᠯ᠂ ᠠᠮᠢᠳᠤᠷᠠᠯ ᠤᠨ ᠴᠢᠨᠠᠷ ᠢᠶᠠᠷ ᠨᠢ ᠦᠨᠡᠯᠡᠳᠡᠭ ᠪᠢᠯᠡ᠃

XXI ᠵᠠᠭᠤᠨ ᠤ ᠮᠣᠩ᠋ᠭᠣᠯ ᠬᠦᠮᠦᠨ ᠬᠦᠮᠦᠨᠯᠢᠭ ᠶᠣᠰᠣ ᠢᠢ ᠳᠡᠭᠡᠳᠦᠯᠡᠨ ᠰᠠᠬᠢᠳᠠᠭ᠂ ᠦᠨᠳᠦᠰᠦᠨ ᠦ ᠨᠢᠭᠡᠳᠦᠮᠡᠯ ᠦᠨᠡᠲᠦ ᠵᠦᠢᠯᠡᠰ ᠢ ᠥᠪᠯᠡᠨ ᠤᠯᠠᠮᠵᠢᠯᠠᠭᠤᠯᠳᠠᠭ᠂ ᠨᠡᠢᠢᠭᠡᠮ ᠤᠨ ᠬᠥᠭ᠍ᠵᠢᠯ ᠳᠥ ᠬᠤᠪᠢ ᠨᠡᠮᠡᠷᠢ ᠪᠡᠨ ᠣᠷᠣᠭᠤᠯᠳᠠᠭ᠂ ᠨᠠᠰᠤᠨ ᠲᠤᠷᠰᠢᠳᠠ ᠪᠠᠨ ᠰᠤᠷᠤᠯᠴᠠᠬᠤ ᠴᠢᠳᠠᠪᠤᠷᠢ ᠲᠠᠢ᠂ ᠰᠠᠬᠢᠯᠭ᠎ᠠ ᠬᠠᠷᠢᠭᠤᠴᠠᠯᠭ᠎ᠠ ᠲᠠᠢ᠂ ᠶᠣᠰᠣ ᠰᠤᠷᠲᠠᠬᠤᠨ ᠲᠠᠢ᠂ ᠬᠦᠮᠦᠵᠢᠯ ᠲᠥᠯᠦᠪᠰᠢᠯ ᠲᠡᠢ ᠢᠷᠭᠡᠨ ᠪᠠᠢᠢᠬᠤ ᠤᠴᠢᠷᠲᠠᠢ᠃

ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠬᠥᠭ᠍ᠵᠢᠯ ᠳᠡᠪᠰᠢᠯ ᠦᠨ ᠪᠠᠲᠤᠯᠠᠭ᠎ᠠ ᠨᠢ ᠡᠬᠡ ᠬᠡᠯᠡ᠂ ᠲᠡᠦᠬᠡ ᠰᠤᠶᠤᠯ ᠢᠶᠠᠨ ᠡᠷᠬᠢᠮᠯᠡᠳᠡᠭ᠂ ᠡᠬᠡ ᠣᠷᠣᠨᠴᠢ᠂ ᠡᠷᠡᠭᠦᠯ ᠴᠢᠭᠢᠷᠠᠭ᠂ ᠡᠷᠳᠡᠮ ᠮᠡᠳᠡᠯᠭᠡ ᠲᠡᠢ ᠮᠣᠩ᠋ᠭᠣᠯ ᠬᠦᠮᠦᠨ᠂ ᠮᠣᠩ᠋ᠭᠣᠯ ᠤᠯᠤᠰ ᠤᠨ ᠢᠷᠭᠡᠨ ᠶᠤᠮ᠃

ᠮᠣᠩᠭ᠋ᠣᠯᠴᠤᠳ ᠪᠢᠳᠡ ᠪᠠᠭᠰᠢ᠂ ᠨᠣᠮ᠂ ᠡᠴᠢᠭᠡ ᠡᠬᠡ ᠭᠤᠷᠪᠠ ᠢᠢ ᠭᠤᠷᠪᠠᠨ ᠡᠷᠬᠢᠮ ᠬᠡᠮᠡᠨ ᠳᠡᠭᠡᠳᠦᠯᠡᠨ ᠰᠢᠲᠦᠵᠦ᠂ ᠡᠷᠬᠢᠮᠯᠡᠨ ᠬᠦᠨᠳᠦᠯᠡᠵᠦ ᠢᠷᠡᠭᠰᠡᠨ ᠰᠠᠢᠢᠬᠠᠨ ᠤᠯᠠᠮᠵᠢᠯᠠᠯ ᠲᠠᠢ ᠠᠷᠠᠳ ᠲᠦᠮᠡᠨ᠃

ᠰᠠᠢᠢᠨ ᠪᠠᠭᠰᠢ ᠠᠴᠠ ᠴᠢᠳᠠᠪᠤᠷᠢᠯᠢᠭ᠋᠋ ᠱᠠᠪᠢ ᠲᠥᠷᠦᠵᠥ᠂ ᠴᠢᠳᠠᠪᠤᠷᠢᠯᠢᠭ᠋᠋ ᠢᠷᠭᠡᠳ ᠡᠴᠡ ᠤᠯᠤᠰ ᠤᠨ ᠬᠥᠭ᠍ᠵᠢᠯ ᠬᠠᠮᠢᠶᠠᠷᠳᠠᠭ ᠵᠢᠮ᠎ᠠ ᠲᠠᠢ᠃

2023 ᠣᠨ ᠳᠤ ᠳᠡᠯᠡᠬᠡᠢ ᠢᠢᠨ ᠡᠳ᠋ ᠍ ᠦᠨ ᠵᠠᠰᠠᠭ ᠤᠨ ᠹᠣᠷᠥ᠋ᠮ ᠠᠴᠠ ᠭᠠᠷᠭᠠᠭᠰᠠᠨ 《ᠢᠷᠡᠭᠡᠳᠦᠢ ᠢᠢᠨ ᠠᠵᠢᠯ ᠮᠡᠷᠭᠡᠵᠢᠯ》 ᠲᠠᠢᠢᠯᠤᠨ ᠳᠤ ᠣᠢᠢᠷ᠎ᠠ ᠢᠢᠨ ᠵᠢᠯ ᠦᠳ ᠲᠥ ᠪᠦᠲᠦᠭᠡᠯᠴᠢ᠂ ᠵᠠᠳᠠᠯᠤᠨ ᠰᠢᠨᠵᠢᠯᠡᠬᠦ ᠰᠡᠳᠬᠢᠯᠭᠡ ᠲᠡᠢ᠂ ᠬᠢᠮᠡᠯ ᠣᠶᠤᠨ ᠤᠬᠠᠭᠠᠨ᠂ ᠶᠡᠬᠡ ᠥᠭ᠍ᠭᠥᠭ᠍ᠳᠡᠯ ᠲᠡᠢ ᠠᠵᠢᠯᠯᠠᠬᠤ ᠴᠢᠳᠠᠪᠤᠷᠢ ᠲᠠᠢ᠂ ᠨᠡᠢᠢᠭᠡᠮ ᠳᠡᠭᠡᠨ ᠮᠠᠩᠯᠠᠢᠢᠯᠠᠯ᠂ ᠨᠥᠯᠥᠭᠡᠯᠡᠯ ᠦᠵᠡᠭᠦᠯᠵᠦ ᠴᠢᠳᠠᠬᠤ ᠮᠡᠷᠭᠡᠵᠢᠯᠲᠡᠨ ᠴᠢᠬᠤᠯᠠ ᠪᠣᠯᠵᠤ ᠪᠠᠢᠢᠭ᠎ᠠ ᠢᠢ ᠳᠤᠷᠠᠳᠴᠠᠢ᠃

ᠡᠢᠢᠮᠦ ᠡᠴᠡ ᠢᠷᠡᠭᠡᠳᠦᠢ ᠬᠣᠢᠢᠴᠢ ᠦᠶ ᠡ ᠪᠡᠨ ᠬᠦᠮᠦᠨ ᠲᠥᠷᠥᠯᠬᠢᠲᠡᠨ ᠦ ᠬᠥᠭ᠍ᠵᠢᠯ ᠳᠡᠪᠰᠢᠯ ᠲᠡᠢ ᠬᠥᠯ ᠨᠡᠢᠢᠯᠡᠭᠦᠯᠦᠨ ᠠᠯᠬᠤᠵᠤ ᠴᠢᠳᠠᠬᠤᠢᠢᠴᠠ ᠡᠷᠳᠡᠮ ᠪᠣᠯᠪᠠᠰᠤᠷᠠᠯ ᠲᠠᠢ᠂ ᠡᠬᠡ ᠣᠷᠣᠨ ᠢᠶᠠᠨ ᠭᠡᠰᠡᠨ ᠵᠢᠷᠦᠬᠡ ᠰᠡᠳᠬᠢᠯ ᠲᠡᠢ ᠢᠷᠭᠡᠨ ᠪᠣᠯᠭᠠᠨ ᠲᠥᠯᠦᠪᠰᠢᠭᠦᠯᠬᠦ ᠳᠥ ᠪᠠᠭᠰᠢ ᠬᠦᠮᠦᠨ ᠦ ᠡᠭᠦᠷᠭᠡ᠂ ᠬᠠᠷᠢᠭᠤᠴᠠᠯᠭ᠎ᠠ ᠨᠡᠩ ᠴᠢᠬᠤᠯᠠ ᠪᠢᠯᠡ᠃

《ᠠᠯᠲᠠᠨ ᠳᠡᠯᠡᠬᠡᠢ ᠢᠢ ᠨᠠᠷᠠᠠ ᠭᠡᠢᠢᠭᠦᠯᠳᠡᠭ᠂ ᠠᠷᠠᠳ ᠲᠦᠮᠡᠨ ᠢ ᠡᠷᠳᠡᠮ ᠭᠡᠢᠢᠭᠦᠯᠳᠡᠭ》 ᠬᠡᠮᠡᠬᠦ ᠠᠷᠠᠳ ᠤᠨ ᠰᠠᠢᠢᠬᠠᠨ ᠦᠭᠡ ᠪᠠᠢᠢᠳᠠᠭ᠃

ᠮᠣᠩ᠋ᠭᠣᠯ ᠬᠦᠮᠥᠨ ᠢ ᠡᠷᠳᠡᠮ ᠨᠣᠮ ᠤᠨ ᠭᠡᠭᠡᠨ ᠵᠠᠮ ᠳᠤ ᠬᠥᠲᠥᠯᠵᠥ᠂ ᠡᠬᠡ ᠣᠷᠣᠨ ᠤ ᠪᠠᠨ ᠬᠥᠭ᠍ᠵᠢᠯ ᠳᠡᠪᠰᠢᠯ ᠳᠥ ᠦᠨᠡᠯᠡᠵᠦ ᠪᠠᠷᠠᠰᠢ ᠦᠭᠡᠢ ᠬᠤᠪᠢ ᠨᠡᠮᠡᠷᠢ ᠣᠷᠣᠭᠤᠯᠵᠤ ᠪᠠᠢᠢᠭ᠎ᠠ ᠡᠷᠬᠢᠮ ᠬᠦᠨᠳᠦᠳᠥ ᠡᠷᠳᠡᠮᠲᠡᠨ ᠪᠠᠭᠰᠢ ᠨᠠᠷ ᠲᠠᠭᠠᠨ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠵᠦ᠂ ᠰᠤᠷᠭᠠᠨ ᠬᠦᠮᠦᠵᠢᠭᠦᠯᠬᠦ᠂ ᠰᠣᠶᠣᠨ ᠭᠡᠭᠡᠷᠡᠭᠦᠯᠬᠦ ᠶᠡᠬᠡ ᠦᠢᠯᠡᠰ ᠲᠥ ᠨᠢ ᠥᠨᠳᠥᠷ ᠠᠮᠵᠢᠯᠲᠠ ᠬᠦᠰᠡᠶ᠎ᠡ᠃

ᠡᠷᠬᠢᠮ ᠬᠦᠨᠳᠦᠳᠥ ᠪᠠᠭᠰᠢ ᠨᠠᠷ ᠠ᠂

1996 ᠣᠨ ᠠᠴᠠ ᠬᠣᠢᠢᠰᠢ 23 ᠵᠢᠯ ᠲᠠᠰᠤᠯᠳᠠᠭᠠᠳ ᠪᠠᠢᠢᠭᠰᠠᠨ ᠮᠣᠩ᠋ᠭᠣᠯ ᠤᠨ ᠪᠠᠭᠰᠢ ᠨᠠᠷ ᠤᠨ VII ᠶᠡᠬᠡ ᠬᠤᠷᠠᠯ ᠢ ᠲᠠᠪᠤᠨ ᠵᠢᠯ ᠦᠨ ᠡᠮᠦᠨ᠎ᠡ ᠮᠣᠩ᠋ᠭᠣᠯ ᠤᠯᠤᠰ ᠤᠨ ᠶᠡᠷᠦᠩᠬᠡᠢ ᠰᠠᠢᠢᠳ ᠤᠨ ᠢᠪᠡᠭᠡᠯ ᠳᠣᠣᠷ᠎ᠠ ᠲᠥᠷᠥ ᠢᠢᠨ ᠣᠷᠳᠣᠨ ᠳᠤ ᠵᠣᠬᠢᠶᠠᠨ ᠪᠠᠢᠢᠭᠤᠯᠵᠤ ᠪᠠᠢᠢᠭᠰᠠᠨ ᠲᠡᠷᠠ ᠬᠥ ᠮᠥᠴᠡ ᠰᠠᠢᠢᠬᠠᠨ ᠮᠡᠲᠦ ᠲᠣᠳᠣᠬᠠᠨ ᠰᠠᠨᠠᠭᠳᠠᠵᠤ ᠪᠠᠢᠢᠨ᠎ᠠ᠃

ᠡᠨᠡᠬᠦ ᠶᠡᠬᠡ ᠬᠤᠷᠠᠯ ᠢᠶᠠᠷ ᠮᠣᠩ᠋ᠭᠣᠯ ᠤᠨ ᠮᠢᠩᠭ᠋᠎ᠠ ᠮᠢᠩᠭ᠋ᠠᠨ ᠪᠠᠭᠰᠢ ᠨᠠᠷ ᠤᠨ ᠲᠥᠯᠥᠭᠡᠯᠡᠯ ᠬᠤᠷᠠᠨ ᠴᠢᠭᠤᠯᠵᠤ᠂ ᠪᠣᠯᠪᠠᠰᠤᠷᠠᠯ ᠤᠨ ᠰᠠᠯᠪᠤᠷᠢ ᠢᠢᠨ ᠡᠷᠬᠡ ᠵᠦᠢ ᠢᠢᠨ ᠰᠢᠨᠡᠴᠢᠯᠡᠯ᠂ ᠪᠣᠳᠣᠯᠭ᠎ᠠ᠂ ᠰᠤᠷᠭᠠᠯᠲᠠ ᠢᠢᠨ ᠠᠭᠤᠯᠭ᠎ᠠ᠂ ᠪᠠᠭᠰᠢ ᠢᠢᠨ ᠬᠥᠭ᠍ᠵᠢᠯ᠂ ᠶᠣᠰᠣ ᠵᠦᠢ᠂ ᠠᠵᠢᠯ ᠤᠨ ᠦᠨᠡᠯᠡᠮᠵᠢ᠂ ᠨᠡᠢᠢᠭᠡᠮ ᠤᠨ ᠬᠠᠮᠠᠭᠠᠯᠠᠯ ᠤᠨ ᠠᠰᠠᠭᠤᠳᠠᠯ ᠢ ᠬᠡᠯᠡᠯᠴᠡᠨ ᠵᠥᠪᠰᠢᠯᠴᠡᠵᠦ᠂ ᠰᠠᠨᠠᠯ ᠪᠣᠳᠣᠯ ᠢᠶᠠᠨ ᠰᠣᠯᠢᠯᠴᠠᠨ᠂ ᠲᠣᠭᠲᠠᠭᠠᠯ ᠰᠢᠢᠳᠪᠦᠷᠢ ᠢᠢ ᠭᠠᠷᠭᠠᠭᠰᠠᠨ ᠪᠢᠯᠡ᠃

ᠡᠭᠦᠨ ᠢ ᠦᠨᠳᠦᠰᠦᠯᠡᠨ ᠪᠠᠭᠰᠢ ᠢᠢᠨ ᠬᠥᠭ᠍ᠵᠢᠯ ᠢ ᠳᠡᠮᠵᠢᠬᠦ ᠲᠠᠯ᠎ᠠ ᠪᠠᠷ ᠠᠪᠬᠤ ᠵᠠᠷᠢᠮ ᠠᠷᠭ᠎ᠠ ᠬᠡᠮᠵᠢᠶᠡᠨ ᠦ ᠲᠤᠬᠠᠢ ᠵᠠᠰᠠᠭ ᠤᠨ ᠭᠠᠵᠠᠷ ᠤᠨ ᠲᠣᠭᠲᠠᠭᠠᠯ ᠢ ᠰᠢᠭᠤᠷᠬᠠᠢ ᠭᠠᠷᠭᠠᠭᠰᠠᠨ ᠢᠶᠠᠷ ᠲᠤᠬᠠᠢ ᠢᠢᠨ ᠶᠡᠬᠡ ᠬᠤᠷᠠᠯ ᠤᠨ ᠰᠢᠢᠳᠪᠦᠷᠢ ᠪᠣᠳᠠᠲᠤ ᠠᠵᠢᠯ ᠬᠡᠷᠡᠭ ᠪᠣᠯᠵᠤ ᠡᠬᠢᠯᠡᠭᠰᠡᠨ ᠶᠤᠮ᠃

ᠥᠩ᠋ᠭᠡᠷᠡᠭᠰᠡᠨ ᠬᠤᠭᠤᠴᠠᠭᠠᠨ ᠳᠤ ᠪᠢᠳᠡᠨ ᠦ ᠬᠠᠮᠲᠤ ᠢᠢᠨ ᠠᠵᠢᠯᠯᠠᠭ᠎ᠠ᠂ ᠬᠠᠷᠢᠯᠴᠠᠨ ᠣᠢᠢᠯᠠᠭᠠᠯᠴᠠᠯ᠂ ᠬᠢᠴᠢᠶᠡᠯ ᠵᠢᠳᠬᠦᠯ ᠦᠨ ᠦᠷ᠎ᠡ ᠳ᠋ᠦᠩ ᠳᠥ ᠪᠠᠭᠰᠢ ᠨᠠᠷ ᠤᠨ VII ᠶᠡᠬᠡ ᠬᠤᠷᠠᠯ ᠠᠴᠠ ᠭᠠᠷᠤᠭᠰᠠᠨ ᠰᠢᠢᠳᠪᠦᠷᠢ ᠠᠮᠵᠢᠯᠲᠠᠲᠠᠢ ᠬᠡᠷᠡᠭᠵᠢᠵᠦ ᠪᠠᠢᠢᠭᠠᠳ ᠲᠥᠷᠥ ᠢᠢᠨ ᠲᠡᠷᠢᠭᠦᠨ ᠰᠡᠳᠬᠢᠯ ᠬᠠᠩᠭ᠋ᠠᠯᠤᠭᠤᠨ ᠪᠠᠢᠢᠨ᠎ᠠ᠃

ᠡᠨᠡ ᠤᠳᠠᠭ᠎ᠠ ᠢᠢᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠳᠠᠵᠤ ᠪᠠᠢᠢᠭ᠎ᠠ ᠮᠣᠩ᠋ᠭᠣᠯ ᠤᠨ ᠪᠠᠭᠰᠢ ᠨᠠᠷ ᠤᠨ VIII ᠶᠡᠬᠡ ᠬᠤᠷᠠᠯ ᠢᠶᠠᠷ ᠲᠠ ᠪᠦᠬᠦᠨ ᠠᠯᠳᠠᠭ᠎ᠠ ᠣᠨᠣᠭ᠎ᠠ ᠪᠠᠨ ᠬᠡᠯᠡᠯᠴᠡᠨ᠂ ᠠᠮᠵᠢᠯᠲᠠ ᠪᠦᠲᠦᠭᠡᠯ ᠢᠶᠡᠨ ᠳ᠋ᠦᠩᠨᠡᠨ᠂ ᠴᠢᠨᠠᠭᠰᠢᠳᠠ ᠢᠢᠨ ᠪᠣᠳᠣᠯᠭ᠎ᠠ ᠵᠣᠷᠢᠯᠲᠠ ᠪᠠᠨ ᠲᠣᠳᠣᠷᠬᠠᠢᠢᠯᠠᠵᠤ᠂ ᠪᠣᠯᠪᠠᠰᠤᠷᠠᠯ ᠤᠨ ᠰᠠᠯᠪᠤᠷᠢ ᠢᠢᠨ ᠬᠥᠭ᠍ᠵᠢᠯ ᠳᠥ ᠪᠣᠳᠠᠲᠤ ᠬᠤᠪᠢ ᠨᠡᠮᠡᠷᠢ ᠤᠷᠤᠭᠤᠯᠬᠤ ᠲᠡᠦᠬᠡᠨ ᠠᠴᠢ ᠬᠣᠯᠪᠣᠭᠳᠠᠯ ᠲᠠᠢ ᠬᠤᠷᠠᠯ ᠪᠣᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠮᠣᠩ᠋ᠭᠣᠯ ᠲᠥᠷᠥ ᠢᠢᠨ ᠪᠣᠳᠣᠯᠭ᠎ᠠ ᠢᠢᠨ ᠴᠥᠮ᠎ ᠳᠥ ᠮᠣᠩ᠋ᠭᠣᠯ ᠬᠦᠮᠦᠨ᠂ ᠮᠣᠩ᠋ᠭᠣᠯ ᠡᠷᠦᠬᠡ ᠪᠠᠢᠢᠭᠰᠠᠭᠠᠷ ᠢᠷᠡᠭᠰᠡᠨ᠂ ᠴᠢᠨᠠᠭᠰᠢᠳᠠ ᠴᠤ ᠪᠠᠢᠢᠬᠤ ᠤᠴᠢᠷᠲᠠᠢ᠃

ᠮᠣᠩ᠋ᠭᠣᠯ ᠤᠯᠤᠰ ᠤᠨ ᠤᠷᠲᠤ ᠬᠤᠭᠤᠴᠠᠭᠠᠨ ᠤ ᠬᠥᠭ᠍ᠵᠢᠯ ᠦᠨ ᠪᠣᠳᠣᠯᠭ᠎ᠠ 《ᠠᠯᠤᠰ ᠤᠨ ᠬᠠᠷᠠᠭ᠎ᠠ – 2050》 ᠍ ᠳᠤ ᠬᠦᠮᠦᠨ ᠪᠦᠷᠢ ᠳᠥ ᠴᠢᠨᠠᠷᠲᠠᠢ ᠪᠣᠯᠪᠠᠰᠤᠷᠠᠯ ᠡᠵᠡᠮᠰᠢᠬᠦ ᠲᠡᠭᠰᠢ ᠪᠣᠯᠤᠮᠵᠢ ᠪᠦᠷᠢᠳᠦᠭᠦᠯᠵᠦ᠂ ᠪᠣᠯᠪᠠᠰᠤᠷᠠᠯ ᠢ ᠬᠤᠪᠢ ᠬᠦᠮᠦᠨ ᠦ ᠬᠥᠭ᠍ᠵᠢᠯ᠂ ᠭᠡᠷ ᠪᠦᠯᠢ ᠢᠢᠨ ᠠᠮᠢᠳᠤᠷᠠᠯ ᠤᠨ ᠪᠠᠲᠤᠯᠠᠭ᠎ᠠ᠂ ᠤᠯᠤᠰ ᠣᠷᠣᠨ ᠤ ᠬᠥᠭ᠍ᠵᠢᠯ ᠦᠨ ᠰᠠᠭᠤᠷᠢ ᠪᠣᠯᠭᠠᠨ ᠨᠠᠰᠤᠨ ᠲᠤᠷᠰᠢ ᠢᠢᠨ ᠰᠤᠷᠤᠯᠴᠠᠬᠤᠢ ᠢᠢᠨ ᠲᠣᠭᠲᠠᠯᠴᠠᠭ᠎ᠠ ᠢᠢ ᠪᠡᠬᠢᠵᠢᠭᠦᠯᠬᠦ ᠵᠣᠷᠢᠯᠲᠠ ᠢᠢ ᠲᠤᠰᠬᠠᠨ ᠬᠡᠷᠡᠭᠵᠢᠭᠦᠯᠵᠦ ᠪᠠᠢᠢᠨ᠎ᠠ᠃

ᠥᠩ᠋ᠭᠡᠷᠡᠭᠰᠡᠨ ᠬᠤᠭᠤᠴᠠᠭᠠᠨ ᠳᠤ ᠮᠠᠨ ᠤ ᠤᠯᠤᠰ ᠳᠡᠯᠡᠬᠡᠢ ᠨᠡᠢᠢᠲᠡ ᠢᠢ ᠬᠠᠮᠤᠷᠤᠭᠰᠠᠨ ᠴᠠᠷ ᠲᠠᠬᠤᠯ ᠲᠠᠢ ᠲᠡᠮᠡᠴᠡᠵᠦ᠂ ᠲᠠᠩᠬᠢᠮ ᠤᠨ ᠰᠤᠷᠭᠠᠯᠲᠠ ᠬᠠᠭᠠᠭᠳᠠᠭᠰᠠᠨ ᠠᠮᠤᠷ ᠦᠭᠡᠢ ᠣᠨ ᠵᠢᠯ ᠦᠳ ᠲᠡᠢ ᠨᠢᠭᠤᠷ ᠲᠤᠯᠤᠭᠰᠠᠨ ᠬᠡᠳᠦᠢ ᠴᠤ ᠲᠥᠷᠥ ᠢᠢᠨ ᠣᠨᠣᠪᠴᠢᠲᠠᠢ ᠪᠣᠳᠣᠯᠭ᠎ᠠ ᠰᠢᠢᠳᠪᠦᠷᠢ᠂ ᠲᠦᠮᠡᠨ ᠣᠯᠠᠨ ᠤ ᠬᠠᠮᠲᠤ ᠢᠢᠨ ᠬᠢᠴᠢᠶᠡᠯ ᠵᠢᠳᠬᠦᠯ ᠢᠶᠡᠷ ᠬᠦᠨᠳᠦ ᠴᠠᠭ ᠦᠶ᠎ᠡ ᠢᠢ ᠬᠣᠬᠢᠷᠠᠯ ᠪᠠᠭ᠎ᠠ ᠲᠠᠢ ᠳᠠᠪᠠᠨ ᠲᠤᠭᠤᠯᠵᠤ ᠴᠢᠳᠠᠭᠰᠠᠨ᠃

ᠲᠤᠬᠠᠢᠢᠯᠠᠪᠠᠯ᠂ ᠲᠥᠷᠥ ᠵᠠᠰᠠᠭ ᠠᠴᠠ ᠬᠡᠷᠡᠭᠵᠢᠭᠦᠯᠦᠭᠰᠡᠨ ᠲᠧᠭᠨᠣᠯᠣᠭᠢ ᠢᠢᠨ ᠳᠡᠪᠰᠢᠯ ᠢ ᠪᠠᠭᠰᠢ᠂ ᠰᠤᠷᠭᠠᠨ ᠬᠦᠮᠦᠵᠢᠭᠦᠯᠦᠭᠴᠢ ᠲᠠ ᠪᠦᠬᠦᠨ ᠦ ᠨᠥᠷᠢ ᠶᠡᠬᠡ ᠬᠥᠳᠡᠯᠮᠦᠷᠢ᠂ ᠬᠢᠴᠢᠶᠡᠯ ᠵᠢᠳᠬᠦᠯ ᠦᠨ ᠦᠷ᠎ᠡ ᠳ᠋ᠦᠩ ᠳᠥ ᠰᠤᠷᠭᠠᠯᠲᠠ ᠢᠢᠨ ᠦᠢᠯᠡ ᠠᠵᠢᠯᠯᠠᠭᠠᠨ ᠳᠤ ᠰᠢᠭᠤᠷᠬᠠᠢ ᠨᠡᠪᠲᠡᠷᠡᠭᠦᠯᠵᠦ᠂ ᠬᠢᠴᠢᠶᠡᠯ ᠰᠤᠷᠭᠠᠯᠲᠠ ᠢᠢ ᠲᠠᠰᠤᠯᠳᠠᠭᠤᠯᠤᠯ ᠦᠭᠡᠢ ᠠᠮᠵᠢᠯᠲᠠᠲᠠᠢ ᠶᠠᠪᠤᠭᠤᠯᠵᠤ ᠴᠢᠳᠠᠭᠰᠠᠨ᠃

ᠮᠠᠨ ᠤ ᠤᠯᠤᠰ ᠴᠠᠷ᠎ ᠲᠠᠬᠤᠯ ᠤᠨ ᠦᠶ᠎ᠡ ᠳᠥ ᠤᠯᠤᠰ ᠤᠨ ᠬᠡᠮᠵᠢᠶᠡᠨ ᠳᠥ ᠲᠧᠯᠧ ᠬᠢᠴᠢᠶᠡᠯ ᠢ ᠰᠢᠭᠤᠷᠬᠠᠢ ᠡᠬᠢᠯᠡᠭᠦᠯᠦᠨ᠂ 《medle.mn》᠂ 《suraad.mn》 ᠵᠡᠷᠭᠡ ᠴᠠᠬᠢᠮ ᠫᠯᠠᠲ᠋ᠹᠣᠷᠮ ᠢ ᠠᠮᠵᠢᠯᠲᠠᠲᠠᠢ ᠨᠡᠪᠲᠡᠷᠡᠭᠦᠯᠵᠦ᠂ ᠪᠤᠰᠤᠳ ᠤᠯᠤᠰ ᠣᠷᠣᠨ ᠨᠤᠭᠤᠳ ᠢ ᠲᠦᠭᠦᠴᠢᠭᠡᠯᠡᠭᠰᠡᠨ ᠪᠢᠯᠡ᠃

ᠡᠨᠡᠬᠦ ᠣᠯᠤᠯᠲᠠ ᠠᠮᠵᠢᠯᠲᠠ ᠢᠢ ᠣᠯᠠᠨ ᠤᠯᠤᠰ ᠲᠤ ᠥᠨᠳᠥᠷ ᠢᠶᠡᠷ ᠦᠨᠡᠯᠡᠵᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠠᠰᠰᠠᠮᠪᠯᠧᠢ ᠢᠢᠨ 77 ᠳ᠋ᠤᠭᠠᠷ ᠴᠢᠭᠤᠯᠭᠠᠨ ᠤ ᠬᠦᠷᠢᠶᠡᠨ ᠳᠥ ᠵᠣᠬᠢᠶᠠᠨ ᠪᠠᠢᠢᠭᠤᠯᠤᠭᠳᠠᠭᠰᠠᠨ 《ᠬᠤᠪᠢᠰᠴᠤ ᠪᠤᠢ ᠪᠣᠯᠪᠠᠰᠤᠷᠠᠯ》 ᠳᠡᠭᠡᠳᠦ ᠲᠦᠪᠰᠢᠨ ᠦ ᠠᠭᠤᠯᠵᠠᠯᠲᠠ ᠳᠤ ᠮᠣᠩ᠋ᠭᠣᠯ ᠤᠯᠤᠰ ᠢ ᠪᠣᠯᠪᠠᠰᠤᠷᠠᠯ ᠤᠨ ᠴᠠᠬᠢᠮ ᠰᠢᠯᠵᠢᠯᠲᠡ ᠪᠡᠷ ᠲᠡᠷᠢᠭᠦᠯᠡᠭᠴᠢ ᠤᠯᠤᠰ ᠤᠨ ᠨᠢᠭᠡ ᠪᠡᠷ ᠵᠠᠷᠯᠠᠭᠰᠠᠨ᠃

ᠰᠠᠭᠤᠷᠢ ᠪᠣᠯᠪᠠᠰᠤᠷᠠᠯ ᠡᠵᠡᠮᠰᠢᠭᠰᠡᠨ 15 ᠨᠠᠰᠤᠲᠠᠢ ᠰᠤᠷᠤᠯᠴᠠᠭᠴᠢᠳ ᠤᠨ ᠮᠡᠳᠡᠯᠭᠡ᠂ ᠴᠢᠳᠠᠪᠤᠷᠢ ᠪᠠᠷ ᠲᠤᠬᠠᠢ ᠢᠢᠨ ᠤᠯᠤᠰ ᠤᠨ ᠪᠣᠯᠪᠠᠰᠤᠷᠠᠯ ᠤᠨ ᠲᠣᠭᠲᠠᠯᠴᠠᠭᠠᠨ ᠤ ᠲᠦᠪᠰᠢᠨ ᠢ ᠲᠠᠩᠳᠠᠨ ᠰᠤᠳᠤᠯᠳᠠᠭ ᠣᠯᠠᠨ ᠤᠯᠤᠰ ᠤᠨ PISA ᠦᠨᠡᠯᠡᠭᠡᠨ ᠳᠥ ᠮᠣᠩ᠋ᠭᠣᠯ ᠤᠯᠤᠰ 2022 ᠣᠨ ᠳᠤ ᠠᠩᠬ᠎ᠠ ᠤᠳᠠᠭ᠎ᠠ ᠬᠠᠮᠤᠷᠤᠭᠳᠠᠭᠰᠠᠨ᠃

ᠤᠭ ᠦᠨᠡᠯᠡᠭᠡᠨ ᠦ ᠦᠷ᠎ᠡ ᠳ᠋ᠦᠩ ᠡᠴᠡ ᠦᠵᠡᠪᠡᠯ ᠮᠠᠨ ᠤ ᠤᠯᠤᠰ ᠤᠨ ᠰᠤᠷᠤᠭᠴᠢᠳ ᠤᠨ ᠤᠩᠰᠢᠵᠤ ᠤᠢᠢᠯᠠᠭᠠᠬᠤ ᠴᠢᠳᠠᠪᠤᠷᠢ ᠢᠢ ᠰᠠᠢᠢᠵᠢᠷᠠᠭᠤᠯᠬᠤ ᠳᠤ ᠣᠨᠴᠠᠭᠠᠢᠢᠯᠠᠨ ᠠᠩᠬᠠᠷᠴᠤ᠂ ᠵᠣᠷᠢᠯᠲᠠᠲᠤ ᠠᠷᠭ᠎ᠠ ᠬᠡᠮᠵᠢᠶ᠎ᠡ ᠠᠪᠴᠤ ᠬᠡᠷᠡᠭᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠮᠥᠨ ᠲᠧᠭᠨᠢᠭ ᠲᠧᠭᠨᠣᠯᠣᠭᠢ ᠢᠢᠨ ᠬᠤᠷᠳᠤᠴᠠ ᠲᠠᠢ ᠬᠥᠭ᠍ᠵᠢᠯ ᠨᠢ ᠬᠦᠮᠦᠨ ᠦ ᠠᠮᠢᠳᠤᠷᠠᠯ ᠤᠨ ᠬᠡᠪ ᠮᠠᠶ᠋ᠢᠭ ᠲᠤ ᠣᠯᠠᠨ ᠡᠶᠡᠷᠭᠥ ᠨᠥᠯᠥᠭᠡ ᠦᠵᠡᠭᠦᠯᠵᠦ ᠪᠠᠢᠢᠭ᠎ᠠ ᠬᠡᠳᠦᠢ ᠴᠤ ᠬᠡᠦᠬᠡᠳ ᠪᠠᠭᠠᠴᠤᠳ ᠢ ᠳᠡᠯᠭᠡᠴᠡ ᠢᠢᠨ ᠬᠡᠲᠦ ᠬᠠᠮᠢᠶᠠᠷᠤᠯ ᠳᠤ ᠣᠷᠣᠭᠤᠯᠵᠤ᠂ ᠬᠥᠳᠡᠯᠭᠡᠭᠡᠨ ᠦ ᠳᠤᠲᠠᠭᠳᠠᠯ ᠡᠭᠦᠰᠬᠡᠨ᠂ ᠰᠡᠳᠬᠢᠴᠡ ᠪᠣᠯᠤᠨ ᠪᠡᠶ᠎ᠡ ᠢᠢᠨ ᠡᠷᠡᠭᠦᠯ ᠮᠡᠨᠳᠦ ᠳᠥ ᠰᠥᠷᠭᠥ ᠪᠡᠷ ᠨᠥᠯᠦᠭᠡᠯᠡᠵᠦ᠂ ᠠᠮᠢᠳᠤ ᠬᠠᠷᠢᠯᠴᠠᠭ᠎ᠠ᠂ ᠠᠮᠢᠳᠤ ᠪᠠᠢᠢᠭᠠᠯᠢ ᠠᠴᠠ ᠬᠣᠯᠠᠳᠠᠭᠤᠯᠬᠤ ᠪᠣᠯᠤᠯ᠎ᠠ᠃

ᠡᠢᠢᠮᠦ ᠡᠴᠡ ᠪᠢᠳᠡ ᠢᠷᠡᠭᠡᠳᠦᠢ ᠪᠣᠯᠤᠭᠰᠠᠨ ᠬᠡᠦᠬᠡᠳ ᠪᠠᠭᠠᠴᠤᠳ ᠢᠶᠠᠨ ᠡᠬᠡ ᠪᠠᠢᠢᠭᠠᠯᠢ ᠳᠤ ᠬᠠᠢᠢᠷᠠᠲᠠᠢ᠂ ᠡᠷᠡᠭᠦᠯ ᠠᠮᠢᠳᠤᠷᠠᠯ ᠤᠨ ᠵᠥᠪ ᠬᠡᠪᠰᠢᠯ ᠲᠡᠢ᠂ ᠨᠣᠮ ᠤᠨ ᠰᠠᠢᠢᠨ ᠨᠥᠬᠥᠷ ᠪᠣᠯᠭᠠᠨ ᠬᠦᠮᠦᠵᠢᠭᠦᠯᠬᠦ ᠳᠥ ᠣᠨᠴᠠᠭᠠᠢ ᠠᠩᠬᠠᠷᠬᠤ ᠱᠠᠭᠠᠷᠳᠠᠯᠭ᠎ᠠ ᠲᠠᠢ ᠪᠠᠢᠢᠨ᠎ᠠ᠃

ᠡᠷᠬᠢᠮ ᠬᠦᠨᠳᠦᠳᠥ ᠪᠠᠭᠰᠢ ᠨᠠᠷ ᠠ᠂

ᠲᠠ ᠪᠢᠳᠡ ᠮᠣᠩ᠋ᠭᠣᠯ ᠤᠨ ᠪᠠᠭᠰᠢ ᠨᠠᠷ ᠤᠨ VII ᠶᠡᠬᠡ ᠬᠤᠷᠠᠯ ᠢᠶᠠᠷ ᠪᠣᠯᠪᠠᠰᠤᠷᠠᠯ ᠤᠨ ᠰᠠᠯᠪᠤᠷᠢ ᠢᠢᠨ ᠡᠷᠬᠡ ᠵᠦᠢ ᠢᠢᠨ ᠣᠷᠴᠢᠨ ᠢ ᠪᠣᠯᠪᠠᠰᠤᠷᠠᠩᠭ᠋ᠤᠢ ᠪᠣᠯᠭᠠᠬᠤ ᠲᠠᠯ᠎ᠠ ᠪᠠᠷ ᠬᠡᠯᠡᠯᠴᠡᠵᠦ ᠪᠠᠢᠢᠭᠰᠠᠨ᠃

ᠲᠡᠭᠡᠪᠡᠯ 2023 ᠣᠨ ᠳᠤ ᠪᠣᠯᠪᠠᠰᠤᠷᠠᠯ ᠤᠨ ᠪᠠᠭᠴᠠ ᠬᠠᠤᠯᠢ ᠢᠢ ᠤᠯᠤᠰ ᠤᠨ ᠶᠡᠬᠡ ᠬᠤᠷᠠᠯ ᠪᠠᠲᠤᠯᠠᠵᠤ᠂ ᠴᠢᠨᠠᠷᠲᠠᠢ ᠪᠣᠯᠪᠠᠰᠤᠷᠠᠯ ᠡᠵᠡᠮᠰᠢᠬᠦ ᠲᠡᠭᠰᠢ ᠪᠣᠯᠤᠮᠵᠢ᠂ ᠨᠠᠰᠤᠨ ᠲᠤᠷᠰᠢ ᠢᠢᠨ ᠰᠤᠷᠤᠯᠴᠠᠬᠤᠢ᠂ ᠴᠠᠬᠢᠮ ᠪᠣᠯᠪᠠᠰᠤᠷᠠᠯ᠂ ᠪᠠᠭᠰᠢ ᠢᠢᠨ ᠬᠥᠭ᠍ᠵᠢᠯ᠂ ᠰᠠᠩᠬᠦᠵᠢᠯᠲᠡ᠂ ᠪᠣᠯᠪᠠᠰᠤᠷᠠᠯ ᠤᠨ ᠪᠠᠢᠢᠭᠤᠯᠤᠯᠭ᠎ᠠ ᠢᠢᠨ ᠤᠳᠤᠷᠢᠳᠤᠯᠭ᠎ᠠ ᠵᠣᠬᠢᠶᠠᠨ ᠪᠠᠢᠢᠭᠤᠯᠤᠯᠲᠠ᠂ ᠵᠠᠰᠠᠭᠯᠠᠯ ᠤᠨ ᠲᠣᠭᠲᠠᠯᠴᠠᠭᠠᠨ ᠤ ᠠᠰᠠᠭᠤᠳᠠᠯ ᠢᠶᠠᠷ ᠲᠣᠳᠣᠷᠬᠠᠢ ᠠᠬᠢᠴᠠ᠂ ᠳᠡᠪᠰᠢᠯ ᠭᠠᠷᠬᠤ ᠡᠷᠬᠡ ᠵᠦᠢ ᠢᠢᠨ ᠣᠷᠴᠢᠨ ᠢ ᠪᠦᠷᠢᠳᠦᠭᠦᠯᠵᠦ ᠴᠢᠳᠠᠯ ᠠ᠃

ᠮᠥᠨ ᠰᠠᠢᠢᠨ ᠪᠠᠭᠰᠢ ᠢᠢᠨ ᠭᠠᠷᠤᠭ᠋ ᠠ ᠠᠬᠠᠯᠠᠬᠤ ᠰᠤᠷᠭᠠᠭᠤᠯᠢ ᠢᠢᠨ ᠪᠠᠭᠰᠢ ᠢᠢᠨ ᠰᠣᠩᠭ᠋ᠣᠨ ᠠᠴᠠ ᠡᠬᠢᠯᠡᠬᠦ ᠪᠣᠯᠤᠮᠵᠢ ᠪᠥᠷᠢᠳᠴᠦ᠂ ᠴᠠᠨᠠᠭᠰᠢᠳᠠ ᠲᠥᠷᠥ ᠢᠢᠨ ᠳᠡᠮᠵᠢᠯᠭᠡ ᠲᠡᠢ ᠪᠡᠷ ᠮᠠᠭᠠᠳᠯᠠᠨ ᠢᠲᠡᠭᠡᠮᠵᠢᠯᠡᠭᠳᠡᠭᠰᠡᠨ ᠬᠥᠲᠥᠯᠪᠦᠷᠢ ᠪᠡᠷ ᠦᠷᠭᠦᠯᠵᠢᠯᠡᠭᠦᠯᠦᠨ ᠰᠤᠷᠤᠯᠴᠠᠵᠤ᠂ ᠪᠠᠭᠰᠢ ᠢᠢᠨ ᠮᠡᠷᠭᠡᠵᠢᠯ ᠡᠵᠡᠮᠰᠢᠬᠦ ᠡᠭᠦᠳᠡ ᠬᠠᠭᠠᠯᠭ᠎ᠠ ᠨᠡᠭᠡᠭᠡᠭ᠍ᠳᠡᠵᠦ ᠪᠠᠢᠢᠨ᠎ᠠ᠃

ᠲᠡᠭᠦᠨᠴᠢᠯᠡᠨ ᠲᠦᠮᠡᠨ ᠦ ᠬᠡᠦᠬᠡᠳ ᠦᠨ ᠲᠥᠯᠥᠭᠡ ᠵᠢᠷᠦᠬᠡ ᠰᠡᠳᠬᠢᠯ ᠢᠶᠡᠨ ᠵᠣᠷᠢᠭᠤᠯᠤᠨ ᠣᠯᠠᠨ ᠵᠢᠯ ᠬᠥᠳᠡᠯᠮᠦᠷᠢᠯᠡᠭᠰᠡᠨ ᠪᠠᠭᠰᠢ᠂ ᠠᠵᠢᠯᠲᠠᠨ ᠤ ᠬᠡᠦᠬᠡᠳ ᠢ ᠲᠡᠷᠢᠭᠦᠯᠡᠬᠦ᠂ ᠡᠷᠢᠯᠲᠡ ᠲᠡᠢ ᠮᠡᠷᠭᠡᠵᠢᠯ ᠢᠶᠡᠷ ᠲᠥᠷᠥ ᠢᠢᠨ ᠥᠮᠴᠢ ᠢᠢᠨ ᠳᠡᠭᠡᠳᠦ ᠪᠣᠯᠪᠠᠰᠤᠷᠠᠯ ᠤᠨ ᠰᠤᠷᠭᠠᠯᠲᠠ ᠢᠢᠨ ᠪᠠᠢᠢᠭᠤᠯᠤᠯᠭ᠎ᠠ ᠳᠤ ᠦᠨ᠎ᠡ ᠲᠥᠯᠦᠪᠦᠷᠢ ᠦᠭᠡᠢ᠂ ᠬᠥᠩ᠋ᠭᠡᠯᠡᠯᠲᠡ ᠲᠡᠢ ᠨᠥᠬᠥᠴᠡᠯ ᠢᠶᠡᠷ ᠰᠤᠷᠤᠯᠴᠠᠭᠤᠯᠬᠤ ᠡᠷᠬᠡ ᠵᠦᠢ ᠢᠢᠨ ᠣᠷᠴᠢᠨ ᠪᠦᠷᠢᠳᠦᠯ᠎ᠡ᠃

ᠪᠣᠯᠪᠠᠰᠤᠷᠠᠯ ᠤᠨ ᠪᠠᠭᠴᠠ ᠬᠠᠤᠯᠢ ᠢᠢᠨ ᠬᠡᠷᠡᠭᠵᠢᠯᠲᠡ ᠢᠢᠨ ᠬᠦᠷᠢᠶᠡᠨ ᠳᠥ ᠮᠣᠩ᠋ᠭᠣᠯ ᠤᠯᠤᠰ ᠤᠨ ᠵᠠᠰᠠᠭ ᠤᠨ ᠭᠠᠵᠠᠷ ᠪᠠᠭᠰᠢ ᠪᠡᠯᠡᠳᠬᠡᠬᠦ᠂ ᠪᠠᠭᠰᠢ ᠢᠢᠨ ᠲᠠᠰᠤᠷᠠᠯᠲᠠ ᠦᠭᠡᠢ ᠬᠥᠭ᠍ᠵᠢᠯ᠂ ᠨᠡᠢᠢᠭᠡᠮ ᠤᠨ ᠪᠠᠲᠤᠯᠠᠭ᠎ᠠ ᠢᠢ ᠬᠠᠩᠭ᠋ᠠᠬᠤ ᠴᠢᠬᠤᠯᠠ ᠰᠢᠢᠳᠪᠦᠷᠢ ᠢᠢ ᠰᠢᠭᠤᠷᠬᠠᠢ ᠭᠠᠷᠭᠠᠵᠤ᠂ ᠪᠣᠯᠪᠠᠰᠤᠷᠠᠯ ᠤᠨ ᠰᠢᠨ᠎ᠡ ᠰᠡᠷᠭᠦᠯᠲᠡ ᠢᠢᠨ ᠪᠣᠳᠣᠯᠭ᠎ᠠ ᠢᠢ ᠬᠡᠷᠡᠭᠵᠢᠭᠦᠯᠵᠦ ᠡᠬᠢᠯᠡᠭᠡᠳ ᠪᠠᠢᠢᠨ᠎ᠠ᠃

ᠴᠢᠨᠠᠭᠰᠢᠳᠠ ᠪᠢᠳᠡ ᠰᠤᠷᠭᠠᠯᠲᠠ ᠢᠢᠨ ᠴᠢᠨᠠᠷ᠂ ᠦᠷ᠎ᠡ ᠳ᠋ᠦᠩ᠂ ᠬᠣᠲᠠ ᠬᠥᠳᠡᠭᠡ ᠢᠢᠨ ᠪᠣᠯᠪᠠᠰᠤᠷᠠᠯ ᠤᠨ ᠴᠢᠨᠠᠷ ᠤᠨ ᠢᠯᠭᠠᠭ᠎ᠠ᠂ ᠲᠡᠭᠰᠢ ᠬᠠᠮᠤᠷᠤᠨ ᠰᠤᠷᠭᠠᠬᠤ ᠪᠣᠯᠤᠨ ᠪᠠᠭᠰᠢ ᠨᠠᠷ ᠤᠨ ᠠᠵᠢᠯᠯᠠᠬᠤ ᠣᠷᠴᠢᠨ᠂ ᠨᠡᠢᠢᠭᠡᠮ ᠤᠨ ᠠᠰᠠᠭᠤᠳᠠᠯ ᠢ ᠦᠶ᠎ᠡ ᠱᠠᠲᠤ ᠲᠠᠢ ᠪᠠᠷ ᠰᠢᠢᠳᠪᠦᠷᠢᠯᠡᠬᠦ ᠵᠡᠷᠭᠡ ᠣᠯᠠᠨ ᠠᠰᠠᠭᠤᠳᠠᠯ ᠳᠤ ᠠᠩᠬᠠᠷᠤᠯ ᠬᠠᠨᠳᠤᠭᠤᠯᠬᠤ ᠨᠢ ᠵᠦᠢᠲᠡᠢ᠃

ᠮᠥᠨ ᠰᠤᠷᠭᠠᠭᠤᠯᠢ ᠲᠡᠭᠦᠰᠦᠭᠴᠢᠳ ᠦᠨ ᠡᠷᠳᠡᠮ ᠮᠡᠳᠡᠯᠭᠡ᠂ ᠤᠷ᠎ᠠ ᠴᠢᠳᠠᠪᠤᠷᠢ ᠨᠢ ᠬᠥᠳᠡᠯᠮᠦᠷᠢ ᠢᠢᠨ ᠵᠠᠬ᠎ᠠ ᠵᠡᠭᠡᠯᠢ᠂ ᠠᠵᠢᠯ ᠣᠯᠭᠤᠭᠴᠢ ᠢᠢᠨ ᠱᠠᠭᠠᠷᠳᠠᠯᠭ᠎ᠠ ᠢᠢ ᠬᠠᠩᠭ᠋ᠠᠵᠤ ᠴᠢᠳᠠᠵᠤ ᠪᠠᠢᠢᠭ᠎ᠠ ᠡᠰᠡᠬᠦ ᠳᠥ ᠠᠩᠬᠠᠷᠬᠤ ᠱᠠᠭᠠᠷᠳᠠᠯᠭ᠎ᠠ ᠲᠠᠢ ᠪᠠᠢᠢᠨ᠎ᠠ᠃

ᠥᠨᠥᠳᠥᠷ ᠬᠢᠮᠡᠯ ᠣᠶᠤᠨ ᠤᠬᠠᠭᠠᠨ᠂ ᠶᠡᠬᠡ ᠥᠭ᠍ᠭᠥᠭ᠍ᠳᠡᠯ᠂ ᠴᠠᠬᠢᠮ ᠣᠷᠴᠢᠨ ᠵᠡᠷᠭᠡ ᠰᠢᠨᠵᠢᠯᠡᠬᠦ ᠤᠬᠠᠭᠠᠨ᠂ ᠲᠧᠭᠨᠣᠯᠣᠭᠢ ᠢᠢᠨ ᠬᠥᠭ᠍ᠵᠢᠯ ᠳᠡᠪᠰᠢᠯ ᠢ ᠳᠠᠭᠠᠭᠠᠳ ᠳᠡᠯᠡᠬᠡᠢ ᠨᠡᠢᠢᠲᠡ ᠪᠡᠷ ᠢᠶᠡᠨ ᠪᠣᠯᠪᠠᠰᠤᠷᠠᠯ ᠤᠨ ᠡᠷᠬᠡ ᠵᠦᠢ ᠢᠢᠨ ᠣᠷᠴᠢᠨ᠂ ᠲᠣᠭᠲᠠᠯᠴᠠᠭ᠎ᠠ᠂ ᠰᠤᠷᠭᠠᠯᠲᠠ ᠢᠢᠨ ᠠᠭᠤᠯᠭ᠎ᠠ᠂ ᠠᠷᠭ᠎ᠠ ᠵᠦᠢ ᠪᠡᠨ ᠢᠷᠡᠭᠡᠳᠦᠢ ᠢᠢᠨ ᠠᠵᠢᠯ ᠮᠡᠷᠭᠡᠵᠢᠯ ᠦᠨ ᠱᠠᠭᠠᠷᠳᠠᠯᠭ᠎ᠠ ᠳᠤ ᠨᠡᠢᠢᠴᠡᠭᠦᠯᠦᠨ ᠥᠭᠡᠷᠡᠴᠢᠯᠡᠬᠦ ᠢᠢ ᠵᠣᠷᠢᠵᠤ ᠪᠠᠢᠢᠨ᠎ᠠ᠃

ᠳᠡᠯᠡᠬᠡᠢ ᠢᠢᠨ ᠡᠳ᠋ ᠍ ᠦᠨ ᠵᠠᠰᠠᠭ ᠤᠨ ᠹᠣᠷᠥ᠋ᠮ ᠤᠨ 2023 ᠣᠨ ᠤ 《ᠢᠷᠡᠭᠡᠳᠦᠢ ᠢᠢᠨ ᠠᠵᠢᠯ ᠮᠡᠷᠭᠡᠵᠢᠯ》 ᠲᠠᠢᠢᠯᠤᠨ ᠳᠤ ᠳᠤᠷᠠᠳᠤᠭᠰᠠᠨ ᠢᠶᠠᠷ ᠳᠡᠯᠡᠬᠡᠢ ᠢᠢᠨ ᠲᠡᠷᠢᠭᠦᠯᠡᠬᠦ 800 ᠭᠠᠷᠤᠢ ᠪᠢᠽᠢᠨ᠋᠋ᠧᠰ ᠦᠨ ᠪᠠᠢᠢᠭᠤᠯᠤᠯᠭ᠎ᠠ ᠢᠢᠨ 85 ᠬᠤᠪᠢ ᠨᠢ ᠢᠷᠡᠬᠦ ᠲᠠᠪᠤᠨ ᠵᠢᠯ ᠳᠥ ᠲᠧᠭᠨᠣᠯᠣᠭᠢ ᠢᠢᠨ ᠳᠡᠪᠰᠢᠯ᠂ ᠴᠠᠬᠢᠮ ᠰᠢᠯᠵᠢᠯᠲᠡ ᠢᠢ ᠪᠢᠽᠢᠨ᠋᠋ᠧᠰ ᠦᠨ ᠦᠢᠯᠡ ᠠᠵᠢᠯᠯᠠᠭᠠᠨ ᠤ ᠪᠠᠨ ᠦᠨᠳᠦᠰᠦᠨ ᠴᠢᠭᠯᠡᠯ ᠪᠣᠯᠭᠠᠬᠤ ᠬᠠᠨᠳᠤᠯᠭ᠎ᠠ ᠲᠠᠢ ᠪᠠᠢᠢᠨ᠎ᠠ᠃

ᠡᠭᠦᠨ ᠦ ᠨᠥᠯᠥᠭᠡ ᠪᠡᠷ 2027 ᠣᠨ ᠭᠡᠬᠦ ᠳᠥ 26 ᠰᠠᠶ᠎ᠠ ᠠᠵᠢᠯ ᠤᠨ ᠪᠠᠢᠢᠷᠢ ᠪᠠᠢᠢᠬᠤ ᠦᠭᠡᠢ ᠪᠣᠯᠬᠤ ᠡᠷᠦᠰᠳᠡᠯ ᠲᠡᠢ ᠪᠠᠢᠢᠭ᠎ᠠ ᠢᠢ ᠤᠷᠢᠳᠴᠢᠯᠠᠨ ᠲᠠᠭᠠᠮᠠᠭᠯᠠᠭᠰᠠᠨ ᠪᠠᠢᠢᠨ᠎ᠠ᠃

ᠡᠢᠢᠮᠦ ᠳᠥ ᠮᠠᠨ ᠤ ᠤᠯᠤᠰ ᠢᠷᠡᠭᠡᠳᠦᠢ ᠢᠢᠨ ᠪᠣᠯᠪᠠᠰᠤᠨ ᠬᠦᠴᠦᠨ ᠢᠶᠡᠨ ᠳᠡᠯᠡᠬᠡᠢ ᠢᠢᠨ ᠬᠥᠭ᠍ᠵᠢᠯ ᠦᠨ ᠴᠢᠭ᠌ ᠬᠠᠨᠳᠤᠯᠭ᠎ᠠ᠂ ᠬᠥᠳᠡᠯᠮᠦᠷᠢ ᠢᠢᠨ ᠵᠠᠬ᠎ᠠ ᠵᠡᠭᠡᠯᠢ ᠢᠢᠨ ᠬᠡᠷᠡᠭᠴᠡᠭᠡ ᠱᠠᠭᠠᠷᠳᠠᠯᠭ᠎ᠠ ᠳᠤ ᠨᠡᠢᠢᠴᠡᠭᠦᠯᠦᠨ ᠪᠡᠯᠡᠳᠬᠡᠬᠦ ᠱᠠᠭᠠᠷᠳᠠᠯᠭ᠎ᠠ ᠵᠦᠢ ᠶᠣᠰᠣᠭᠠᠷ ᠲᠠᠯᠪᠢᠭᠳᠠᠵᠤ ᠪᠠᠢᠢᠨ᠎ᠠ᠃

ᠡᠭᠦᠨ ᠳᠥ ᠲᠥᠷᠥ ᠢᠢᠨ ᠪᠣᠯᠪᠠᠰᠤᠨ ᠬᠦᠴᠦᠨ᠂ ᠬᠦᠮᠦᠨ ᠦ ᠨᠥᠭᠡᠴᠡ ᠢᠢᠨ ᠪᠣᠳᠣᠯᠭ᠎ᠠ ᠢᠢ ᠴᠢᠭᠯᠡᠭᠦᠯᠬᠦ ᠤᠴᠢᠷᠲᠠᠢ᠃

ᠣᠷᠴᠢᠨ ᠴᠠᠭ ᠤᠨ ᠮᠡᠳᠡᠯᠭᠡ᠂ ᠪᠣᠯᠪᠠᠰᠤᠷᠠᠯ ᠲᠠᠢ᠂ ᠡᠬᠡ ᠣᠷᠣᠨ ᠢᠶᠠᠨ ᠭᠡᠰᠡᠨ ᠰᠡᠳᠬᠢᠯ ᠲᠡᠢ᠂ ᠵᠥᠪ ᠬᠦᠮᠦᠵᠢᠯ ᠲᠥᠯᠦᠪᠰᠢᠯ ᠲᠡᠢ᠂ ᠰᠢᠨ᠎ᠡ ᠨᠥᠬᠥᠴᠡᠯ ᠳᠥ ᠳᠠᠰᠤᠨ ᠵᠣᠬᠢᠴᠠᠬᠤ ᠴᠢᠳᠠᠪᠤᠷᠢ ᠲᠠᠢ᠂ ᠪᠦᠲᠦᠭᠡᠯᠴᠢ ᠰᠡᠳᠬᠢᠯᠭᠡ ᠲᠡᠢ᠂ ᠬᠠᠷᠢᠭᠤᠴᠠᠯᠭ᠎ᠠ ᠲᠠᠢ ᠢᠷᠭᠡᠨ ᠲᠥᠯᠦᠪᠰᠢᠭᠦᠯᠬᠦ ᠳᠥ ᠪᠠᠭᠰᠢ ᠢᠢᠨ ᠦᠯᠢᠭᠡᠷ ᠳᠠᠭᠤᠷᠢᠶᠠᠯ᠂ ᠵᠥᠪ ᠬᠠᠨᠳᠤᠯᠭ᠎ᠠ᠂ ᠤᠷ᠎ᠠ ᠴᠢᠳᠠᠪᠤᠷᠢ᠂ ᠶᠣᠰᠣ ᠵᠦᠢ ᠬᠠᠮᠤᠭ ᠠᠴᠠ ᠴᠢᠬᠤᠯᠠ ᠪᠢᠯᠡ᠃

ᠪᠣᠯᠪᠠᠰᠤᠷᠠᠯ ᠪᠣᠯ ᠪᠦᠬᠦ ᠨᠡᠢᠢᠲᠡ ᠢᠢᠨ ᠦᠢᠯᠡ ᠬᠡᠷᠡᠭ᠂ ᠨᠡᠢᠢᠲᠡ ᠢᠢᠨ ᠪᠠᠶᠠᠯᠢᠭ ᠮᠥᠨ᠃

ᠲᠡᠢᠢᠮᠦ ᠡᠴᠡ ᠡᠨᠡ ᠪᠠᠶᠠᠯᠢᠭ ᠢ ᠪᠦᠲᠦᠭᠡᠬᠦ ᠶᠡᠬᠡ ᠦᠢᠯᠡ ᠬᠡᠷᠡᠭ ᠲᠥ ᠪᠠᠭᠰᠢ᠂ ᠰᠤᠷᠭᠠᠨ ᠬᠦᠮᠦᠵᠢᠭᠦᠯᠦᠭᠴᠢ᠂ ᠰᠤᠷᠭᠠᠯᠲᠠ ᠢᠢᠨ ᠪᠠᠢᠢᠭᠤᠯᠤᠯᠭ᠎ᠠ ᠠᠴᠠ ᠭᠠᠳᠠᠨ᠎ᠠ ᠡᠴᠢᠭᠡ ᠡᠬᠡ᠂ ᠠᠰᠠᠷᠠᠨ ᠬᠠᠮᠠᠭᠠᠯᠠᠭᠴᠢ᠂ ᠬᠠᠷᠠᠭᠠᠯᠵᠠᠨ ᠳᠡᠮᠵᠢᠭᠴᠢ ᠢᠢᠨ ᠡᠭᠦᠷᠭᠡ ᠣᠷᠣᠯᠴᠠᠭ᠎ᠠ᠂ ᠲᠤᠰᠠ ᠳᠡᠮ᠂ ᠡᠶᠡᠷᠭᠥ ᠬᠠᠨᠳᠤᠯᠭ᠎ᠠ᠂ ᠭᠡᠷ ᠪᠦᠯᠢ ᠢᠢᠨ ᠬᠠᠯᠠᠭᠤᠨ ᠳᠤᠯᠠᠭᠠᠨ᠂ ᠡᠷᠡᠭᠦᠯ ᠵᠥᠪ ᠣᠷᠴᠢᠨ ᠨᠡᠩ ᠴᠢᠬᠤᠯᠠ ᠶᠤᠮ᠃

ᠡᠢᠢᠮᠦ ᠳᠥ ᠪᠢᠳᠡᠨ ᠦ ᠦᠷ᠎ᠡ ᠬᠡᠦᠬᠡᠳ ᠦᠨ ᠰᠠᠢᠢᠨ ᠰᠠᠢᠢᠬᠠᠨ ᠢᠷᠡᠭᠡᠳᠦᠢ ᠢᠢᠨ ᠲᠥᠯᠥᠭᠡ ᠬᠦᠴᠦᠨ ᠵᠢᠳᠬᠦᠵᠦ ᠪᠤᠢ ᠡᠷᠬᠢᠮ ᠬᠦᠨᠳᠦᠳᠥ ᠪᠠᠭᠰᠢ ᠨᠠᠷ ᠲᠠᠭᠠᠨ ᠨᠡᠩ ᠬᠦᠨᠳᠦᠳᠬᠡᠯ ᠲᠡᠢ ᠬᠠᠨᠳᠤᠵᠤ᠂ ᠰᠤᠷᠭᠠᠨ ᠬᠦᠮᠦᠵᠢᠭᠦᠯᠬᠦ᠂ ᠰᠣᠶᠣᠨ ᠭᠡᠭᠡᠷᠡᠭᠦᠯᠬᠦ ᠶᠡᠬᠡ ᠦᠢᠯᠡᠰ ᠲᠥ ᠨᠢ ᠬᠠᠮᠲᠤᠷᠠᠨ ᠠᠵᠢᠯᠯᠠᠬᠤ ᠢᠢ ᠨᠡᠢᠢᠲᠡ ᠡᠴᠢᠭᠡ ᠡᠬᠡ᠂ ᠠᠰᠠᠷᠠᠨ ᠬᠠᠮᠠᠭᠠᠯᠠᠭᠴᠢ᠂ ᠠᠷᠠᠳ ᠢᠷᠭᠡᠳ ᠲᠡᠭᠡᠨ ᠤᠷᠢᠶᠠᠯᠠᠵᠤ ᠪᠠᠢᠢᠨ᠎ᠠ᠃

ᠬᠡᠦᠬᠡᠳ᠂ ᠵᠠᠯᠠᠭᠤᠰ ᠤᠨ ᠬᠥᠭ᠍ᠵᠢᠯ ᠦᠨ ᠬᠥᠷᠦᠰᠦᠨ ᠳᠥ ᠲᠠ ᠪᠦᠬᠦᠨ ᠦ ᠲᠠᠷᠢᠭᠰᠠᠨ ᠡᠷᠳᠡᠮ ᠮᠡᠳᠡᠯᠭᠡ ᠢᠢᠨ ᠦᠷ᠎ᠡ ᠰᠢᠮ᠎ᠡ ᠬᠣᠵᠢᠮ ᠤᠨ ᠡᠳᠦᠷ ᠬᠥᠭ᠍ᠵᠢᠯ ᠳᠡᠪᠰᠢᠯ ᠦᠨ ᠬᠥᠳᠡᠯᠭᠡᠭ᠍ᠴᠢ ᠬᠦᠴᠦ ᠨᠢ ᠪᠣᠯᠵᠤ᠂ ᠬᠦᠴᠦᠷᠬᠡᠭ᠌ ᠮᠣᠩ᠋ᠭᠣᠯ ᠤᠯᠤᠰ ᠤᠨ ᠦᠨᠳᠦᠰᠦ ᠰᠠᠭᠤᠷᠢ ᠪᠣᠯᠬᠤ ᠤᠴᠢᠷᠲᠠᠢ᠃

ᠪᠠᠭᠰᠢ ᠲᠠᠨ ᠤ ᠮᠠᠩᠯᠠᠢᠢᠯᠠᠯ᠂ ᠪᠠᠭᠰᠢ ᠲᠠᠨ ᠤ ᠰᠡᠳᠬᠢᠯ ᠵᠢᠷᠦᠬᠡ᠂ ᠬᠦᠴᠦ ᠬᠥᠳᠡᠯᠮᠦᠷᠢ ᠢᠢᠨ ᠠᠴᠢ ᠪᠠᠷ ᠮᠣᠩ᠋ᠭᠣᠯ ᠤᠯᠤᠰ ᠮᠡᠳᠡᠯᠭᠡ ᠳᠥ ᠰᠠᠭᠤᠷᠢᠯᠠᠭᠰᠠᠨ ᠨᠡᠢᠢᠭᠡᠮ ᠢ ᠪᠦᠲᠦᠭᠡᠵᠦ᠂ ᠤᠯᠤᠰ ᠡᠬᠡ ᠣᠷᠣᠨ ᠮᠠᠨᠢ ᠬᠥᠭ᠍ᠵᠢᠨ ᠴᠡᠴᠡᠭᠯᠡᠵᠦ᠂ ᠬᠦᠴᠦᠷᠬᠡᠭ᠍ᠵᠢᠨ ᠮᠠᠨᠳᠤᠬᠤ ᠪᠣᠯᠤᠨ᠎ᠠ᠃

ᠮᠣᠩ᠋ᠭᠣᠯ ᠤᠨ ᠪᠠᠭᠰᠢ ᠨᠠᠷ ᠤᠨ VIII ᠶᠡᠬᠡ ᠬᠤᠷᠠᠯ ᠳᠤ ᠮᠢᠩᠭ᠋᠎ᠠ ᠮᠢᠩᠭ᠋ᠠᠨ ᠪᠠᠭᠰᠢ ᠨᠠᠷ ᠢᠶᠠᠨ ᠲᠥᠯᠥᠭᠡᠯᠡᠨ ᠣᠷᠣᠯᠴᠠᠵᠤ ᠪᠤᠢ ᠡᠷᠬᠢᠮ ᠬᠦᠨᠳᠦᠳᠥ ᠲᠠ ᠪᠦᠬᠦᠨ ᠳᠥ ᠪᠣᠯᠤᠨ ᠮᠣᠩ᠋ᠭᠣᠯ ᠤᠨ ᠨᠡᠢᠢᠲᠡ ᠡᠷᠳᠡᠮᠲᠡᠨ ᠪᠠᠭᠰᠢ᠂ ᠰᠤᠷᠭᠠᠨ ᠬᠦᠮᠦᠵᠢᠭᠦᠯᠦᠭᠴᠢ᠂ ᠰᠣᠶᠣᠨ ᠭᠡᠭᠡᠷᠡᠭᠦᠯᠦᠭᠴᠢ ᠨᠠᠷ ᠲᠠᠭᠠᠨ ᠡᠷᠡᠭᠦᠯ ᠡ᠊ᠩᠬᠡ᠂ ᠠᠵᠠ ᠵᠢᠷᠭᠠᠯ᠂ ᠠᠮᠵᠢᠯᠲᠠ ᠪᠦᠲᠦᠭᠡᠯ ᠦᠨ ᠳᠡᠭᠡᠳᠦ ᠢᠢ ᠬᠦᠰᠡᠨ ᠢᠷᠦᠭᠡᠶ᠎ᠡ᠃

ᠶᠡᠬᠡ ᠬᠤᠷᠠᠯ ᠤᠨ ᠦᠢᠯᠡ ᠠᠵᠢᠯᠯᠠᠭᠠᠨ ᠳᠤ ᠥᠨᠳᠥᠷ ᠠᠮᠵᠢᠯᠲᠠ ᠬᠦᠰᠡᠶ᠎ᠡ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ》 ᠭᠡᠯ᠎ᠡ᠃