Та "Internet explorer"-ийн сүүлийн хувилбар болох "Microsoft edge"-г ашиглана уу

Хэрэв "Microsoft edge"-г татах бол энд дарж татаж авна уу

ᠴᠡᠷᠢᠭ ᠦᠨ ᠠᠯᠪᠠ ᠬᠠᠭᠠᠭᠴᠢ ᠶᠢᠨ ᠲᠡᠳᠬᠦᠪᠦᠷᠢ᠂ ᠲᠡᠳᠬᠦᠮᠵᠢ ᠶᠢᠨ ᠲᠤᠬᠠᠢ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ ᠬᠠᠤᠯᠢ ᠶᠢᠨ ᠲᠥᠰᠦᠯ ᠡᠷᠭᠦᠨ ᠪᠠᠷᠢᠪᠠ

ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠰᠠᠨᠠᠭᠠᠴᠢᠯᠠᠨ ᠪᠣᠯᠪᠠᠰᠤᠷᠠᠭᠤᠯᠤᠭᠰᠠᠨ ᠴᠡᠷᠢᠭ ᠦᠨ ᠠᠯᠪᠠ ᠬᠠᠭᠠᠭᠴᠢ ᠢᠢᠨ ᠲᠡᠳᠬᠦᠪᠦᠷᠢ᠂ ᠲᠡᠳᠬᠦᠮᠵᠢ ᠢᠢᠨ ᠲᠤᠬᠠᠢ ᠬᠠᠤᠯᠢ ᠳᠤ ᠨᠡᠮᠡᠯᠲᠡ᠂ ᠥᠭᠡᠷᠡᠴᠢᠯᠡᠯᠲᠡ ᠣᠷᠣᠭᠤᠯᠬᠤ ᠲᠤᠬᠠᠢ ᠬᠠᠤᠯᠢ ᠢᠢᠨ ᠲᠥᠰᠦᠯ ᠢ ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ᠂ ᠰᠣᠳᠤᠪᠠᠭᠠᠲᠤᠷ ᠤᠯᠤᠰ ᠤᠨ ᠶᠡᠬᠡ ᠬᠤᠷᠠᠯ ᠤᠨ ᠳᠠᠷᠤᠭ᠎ᠠ ᠭᠤ‍᠂ ᠽᠠᠨᠳᠠᠨᠰᠢᠲᠠᠷ᠎ᠠ ᠳᠤ ᠡᠷᠭᠦᠨ ᠪᠠᠷᠢᠪᠠ᠃

ᠡᠭᠦᠨ ᠲᠡᠢ ᠬᠣᠯᠪᠣᠭᠳᠠᠭᠤᠯᠤᠨ ᠮᠣᠩ᠋᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ᠂ ᠰᠣᠳᠤᠪᠠᠭᠠᠲᠤᠷ ᠨᠠᠷ ᠮᠡᠳᠡᠭᠡᠯᠡᠯ ᠦᠭ᠍ᠪᠡ᠃

ᠲᠥᠰᠥᠯ ᠳᠥ ᠪᠠᠢᠢᠯᠳᠤᠭᠠᠨ ᠤ ᠲᠠᠯᠠᠪᠤᠷ᠂ ᠡ᠊ᠩᠬᠡ ᠢᠢ ᠳᠡᠮᠵᠢᠬᠦ ᠠᠵᠢᠯᠯᠠᠭᠠᠨ ᠳᠤ ᠡᠭᠦᠷᠭᠡ ᠭᠦᠢᠴᠡᠳᠭᠡᠬᠦ᠂ ᠲᠧᠷᠷᠣᠷᠢᠰᠲ ᠦᠢᠯᠡᠳᠦᠯ ᠦᠨ ᠰᠥᠷᠭᠦ ᠲᠤᠰᠬᠠᠢ ᠠᠵᠢᠯᠯᠠᠭᠠᠨ ᠳᠤ ᠤᠷᠤᠯᠴᠠᠬᠤ᠂ ᠪᠠᠢᠢᠯᠳᠤᠭᠠᠨ ᠤ ᠭᠠᠯᠳᠤ ᠬᠡᠷᠡᠭᠰᠡᠯ ᠢᠶᠡᠷ ᠪᠤᠤᠳᠠᠯᠭ᠎ᠠ ᠬᠢᠬᠦ᠂ ᠳᠡᠯᠪᠡᠷᠡᠬᠦ ᠪᠣᠳᠠᠰ᠂ ᠲᠡᠰᠦᠯᠦᠭᠡᠨ ᠦ ᠬᠡᠷᠡᠭᠰᠡᠯ᠂ ᠠᠶᠤᠯᠲᠠᠢ ᠬᠣᠣᠷᠠᠲᠤ ᠪᠣᠳᠠᠰ ᠲᠠᠢ ᠡᠭᠦᠷᠭᠡ ᠢᠢᠨ ᠢᠶᠡᠨ ᠳᠠᠭᠠᠭᠤ ᠬᠠᠷᠢᠴᠠᠬᠤ᠂ ᠬᠠᠤᠯᠢ ᠳᠤ ᠵᠢᠭᠠᠭᠰᠠᠨ ᠴᠢᠭ᠌ ᠡᠭᠦᠷᠭᠡ ᠪᠡᠨ ᠭᠦᠢᠴᠡᠳᠭᠡᠵᠦ ᠶᠠᠪᠤᠭᠠᠳ ᠭᠡᠮᠲᠦ ᠬᠠᠯᠳᠠᠯᠭ᠎ᠠ ᠳᠤ ᠥᠷᠲᠥᠬᠦ᠂ ᠭᠡᠮᠲᠦ ᠬᠡᠷᠡᠭ ᠢ ᠲᠠᠰᠤᠯᠤᠨ ᠵᠣᠭᠰᠣᠭᠠᠬᠤ᠂ ᠣᠨᠴᠠ ᠪᠠᠢᠢᠳᠠᠯ᠂ ᠭᠠᠮᠰᠢᠭ᠂ ᠣᠨᠴᠠᠭᠠᠢ ᠨᠥᠬᠥᠴᠡᠯ ᠦᠨ ᠪᠠᠢᠢᠳᠠᠯ ᠳᠤ ᠠᠵᠢᠯᠯᠠᠬᠤ᠂ ᠤᠯᠤᠰ ᠤᠨ ᠬᠢᠯᠢ᠂ ᠣᠨᠴᠠ ᠴᠢᠬᠤᠯᠠ ᠣᠪᠶᠧᠻᠲ ᠢ ᠬᠠᠮᠠᠭᠠᠯᠠᠬᠤ ᠳᠠᠭᠠᠨ ᠣᠨᠴᠠᠭᠠᠢ ᠭᠠᠪᠢᠶ᠎ᠠ ᠪᠠᠢᠢᠭᠤᠯᠤᠨ ᠠᠮᠢ ᠨᠠᠰᠤ ᠪᠠᠨ ᠠᠯᠳᠠᠭᠰᠠᠨ ᠴᠡᠷᠢᠭ ᠦᠨ ᠠᠯᠪᠠ ᠬᠠᠭᠠᠭᠴᠢ ᠢᠢᠨ ᠭᠡᠷ ᠪᠦᠯᠢ ᠳᠥ ᠣᠯᠭᠣᠬᠤ ᠨᠡᠢᠢᠭᠡᠮ ᠤᠨ ᠬᠠᠮᠠᠭᠠᠯᠠᠯ ᠤᠨ ᠳᠡᠮᠵᠢᠯᠭᠡ ᠢᠢ ᠰᠠᠢᠢᠵᠢᠷᠠᠭᠤᠯᠬᠤ ᠲᠠᠢ ᠬᠣᠯᠪᠣᠭᠳᠠᠭᠰᠠᠨ ᠵᠣᠬᠢᠴᠠᠭᠤᠯᠤᠯᠲᠠ ᠢᠢ ᠲᠤᠰᠬᠠᠭᠰᠠᠨ ᠪᠠᠢᠢᠨ᠎ᠠ᠃

• ᠲᠤᠬᠠᠢ ᠢᠢᠨ ᠴᠡᠷᠢᠭ ᠦᠨ ᠠᠯᠪᠠ ᠬᠠᠭᠠᠭᠴᠢ ᠢᠢᠨ ᠭᠡᠷ ᠪᠦᠯᠢ ᠳᠥ 80 ᠮᠸ᠊᠂ ᠻᠸᠠᠳ᠋ᠷᠠᠲ᠋ ᠍ ᠠᠴᠠ ᠳᠣᠭᠣᠭᠰᠢ ᠦᠭᠡᠢ ᠲᠠᠯᠠᠪᠠᠢ ᠪᠦᠬᠦᠢ ᠣᠷᠣᠨ ᠰᠠᠭᠤᠴᠠ ᠢᠢ ᠨᠢᠭᠡ ᠤᠳᠠᠭ᠎ᠠ ᠣᠯᠭᠣᠬᠤ᠂ /ᠣᠷᠣᠨ ᠰᠠᠭᠤᠴᠨ ᠢᠢᠨ ᠥᠷᠲᠡᠭ ᠨᠢ ᠬᠥᠳᠡᠯᠮᠦᠷᠢ ᠢᠢᠨ ᠳᠤᠤᠷᠡᠳᠤ ᠬᠡᠮᠵᠢᠶ᠎ᠡ ᠢᠢ 500 ᠳᠠᠬᠢᠨ ᠨᠡᠮᠡᠭᠳᠡᠭᠦᠯᠦᠭᠰᠡᠨ ᠲᠡᠢ ᠲᠡᠩᠴᠡᠭᠦᠦ ᠪᠤᠶᠤ ᠥᠨᠥ ᠢᠢᠨ ᠬᠠᠩᠰᠢ ᠪᠠᠷ 330 ᠰᠠᠶ᠎ᠠ ᠲᠥᠭᠥᠷᠢᠭ᠌ ᠪᠠᠢᠢᠨ᠎ᠠ/

ᠲᠤᠬᠠᠢᠢᠯᠠᠪᠠᠯ ᠄

• ᠲᠤᠬᠠᠢ ᠢᠢᠨ ᠴᠡᠷᠢᠭ ᠦᠨ ᠠᠯᠪᠠ ᠬᠠᠭᠠᠭᠴᠢ ᠢᠢᠨ ᠭᠡᠷ ᠪᠦᠯᠢ ᠳᠥ 80 ᠮᠸ᠊᠂ ᠻᠸᠠᠳ᠋ᠷᠠᠲ᠋ ᠍ ᠠᠴᠠ ᠳᠣᠭᠣᠭᠰᠢ ᠦᠭᠡᠢ ᠲᠠᠯᠠᠪᠠᠢ ᠪᠦᠬᠦᠢ ᠣᠷᠣᠨ ᠰᠠᠭᠤᠴᠠ ᠢᠢ ᠨᠢᠭᠡ ᠤᠳᠠᠭ᠎ᠠ ᠣᠯᠭᠣᠬᠤ᠂ /ᠣᠷᠣᠨ ᠰᠠᠭᠤᠴᠨ ᠢᠢᠨ ᠥᠷᠲᠡᠭ ᠨᠢ ᠬᠥᠳᠡᠯᠮᠦᠷᠢ ᠢᠢᠨ ᠳᠤᠤᠷᠡᠳᠤ ᠬᠡᠮᠵᠢᠶ᠎ᠡ ᠢᠢ 500 ᠳᠠᠬᠢᠨ ᠨᠡᠮᠡᠭᠳᠡᠭᠦᠯᠦᠭᠰᠡᠨ ᠲᠡᠢ ᠲᠡᠩᠴᠡᠭᠦᠦ ᠪᠤᠶᠤ ᠥᠨᠥ ᠢᠢᠨ ᠬᠠᠩᠰᠢ ᠪᠠᠷ 330 ᠰᠠᠶ᠎ᠠ ᠲᠥᠭᠥᠷᠢᠭ᠌ ᠪᠠᠢᠢᠨ᠎ᠠ/

• ᠬᠠᠮᠤᠭ ᠤᠨ ᠪᠠᠭ᠎ᠠ ᠨᠠᠰᠤᠨ ᠤ ᠬᠡᠦᠬᠡᠳ ᠢ ᠨᠢ 18 ᠨᠠᠰᠤ ᠬᠦᠷᠲᠡᠯ᠎ᠡ ᠬᠤᠭᠤᠴᠠᠭᠠᠨ ᠳᠤ ᠲᠤᠬᠠᠢ ᠢᠢᠨ ᠴᠡᠷᠢᠭ ᠦᠨ ᠠᠯᠪᠠ ᠬᠠᠭᠠᠭᠴᠢ ᠢᠢᠨ ᠰᠠᠷ᠎ᠠ ᠢᠢᠨ ᠦᠨᠳᠦᠰᠦᠨ ᠴᠠᠯᠢᠩ ᠢ ᠨᠢ 100 ᠬᠤᠪᠢ ᠣᠯᠭᠤᠳᠠᠭ ᠪᠠᠢᠢᠬᠤ ᠪᠠᠷ ᠲᠤᠰᠬᠠᠵᠠᠢ᠃