Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠮᠣᠩᠭᠣᠯ ᠤᠯᠤᠰ᠂ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠥᠷᠥ ᠶᠢᠨ ᠲᠡᠷᠢᠭᠦᠨ ᠨᠠᠷ ᠤᠨ ᠳᠥᠷᠪᠡ ᠳ᠋ᠡᠬᠢ ᠤᠳᠠᠭ᠎ᠠ ᠶᠢᠨ ᠳᠡᠭᠡᠳᠦ ᠬᠡᠮᠵᠢᠶᠡᠨ ᠦ ᠠᠭᠤᠯᠵᠠᠯᠲᠠ ᠳᠤ ᠣᠷᠣᠯᠴᠠᠵᠤ ᠦᠭᠡ ᠬᠡᠯᠡᠯ᠎ᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠬᠤ ᠪᠠᠷ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠢᠨ᠋ᠳᠠᠣ᠋ ᠬᠣᠲᠠᠨ᠎ᠠ ᠬᠦᠷᠦᠯᠴᠡᠨ ᠢᠷᠡᠭᠡᠳ ᠪᠠᠢᠢᠭ᠎ᠠ ᠪᠢᠯᠡ᠃ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩᠭ᠋ᠣᠯ ᠤᠯᠤᠰ᠂ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠥ ᠢᠢᠨ ᠲᠡᠷᠢᠭᠦᠨ ᠨᠠᠷ ᠤᠨ ᠳᠥᠷᠪᠡ ᠳ᠋ᠡᠬᠢ ᠤᠳᠠᠭ᠎ᠠ ᠢᠢᠨ ᠠᠭᠤᠯᠵᠠᠯᠲᠠ ᠳᠤ ᠥᠨᠥᠳᠥᠷ ᠣᠷᠣᠯᠴᠠᠯ᠎ᠠ᠃

 

ᠠᠭᠤᠯᠵᠠᠯᠲᠠ ᠢᠢᠨ ᠡᠬᠢᠨ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠠᠩᠬ᠎ᠠ ᠤᠳᠤᠭ᠎ᠠ ᠪᠠᠨ ᠡᠨᠡ ᠠᠭᠤᠯᠵᠠᠯᠲᠠ ᠳᠤ ᠣᠷᠣᠯᠴᠠᠵᠤ ᠪᠠᠢᠢᠭᠠᠳ ᠲᠠᠯᠠᠷᠬᠠᠯ ᠢᠶᠠᠨ ᠢᠯᠡᠷᠬᠡᠢᠢᠯᠡᠭᠰᠡᠨ ᠶᠤᠮ᠃ ᠤᠭ ᠠᠭᠤᠯᠵᠠᠯᠲᠠ ᠢᠢᠨ ᠦᠶ᠎ᠡ ᠪᠡᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠡᠯᠡᠭᠰᠡᠨ ᠦᠭᠡᠨ ᠳᠦ ᠪᠡᠨ᠄

 

《ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠡᠷᠬᠢᠮᠰᠦᠭ ᠨᠣᠶᠠᠨ ᠱᠢ ᠵᠢᠩ ᠫᠢᠩ ᠂

 

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠡᠷᠬᠢᠮᠰᠦᠭ ᠨᠣᠶᠠᠨ ᠸᠯᠠᠳᠢᠮᠢᠷ ᠸᠯᠠᠳᠢᠮᠢᠷᠣᠸᠢᠴ ᠫᠦᠲ᠋ᠢᠨ᠂

 

ᠬᠠᠲᠤᠭᠲᠠᠢ᠂ ᠨᠣᠶᠠᠳ ᠠ᠋᠂

 

ᠲᠠ ᠪᠦᠬᠦᠨ ᠳᠥ ᠡᠨᠡ ᠡᠳᠦᠷ ᠦᠨ ᠮᠡᠨᠳᠦ ᠳᠡᠪᠰᠢᠭᠦᠯᠬᠦ ᠢᠢᠨ ᠢᠯᠳᠠᠮ ᠳᠤ ᠮᠣᠩᠭ᠋ᠣᠯ ᠤᠯᠤᠰ᠂ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠥ ᠢᠢᠨ ᠲᠡᠷᠢᠭᠦᠨ ᠨᠠᠷ ᠳᠥᠷᠪᠡ ᠳ᠋ᠡᠬᠢ ᠤᠳᠤᠭ᠎ᠠ ᠪᠠᠨ ᠠᠭᠤᠯᠵᠠᠵᠤ ᠪᠠᠢᠢᠭᠠᠳ ᠪᠠᠶᠠᠷᠲᠠᠢ ᠪᠠᠢᠢᠨ᠎ᠠ᠃

 

ᠮᠥᠩᠬᠡ ᠢᠢᠨ ᠬᠣᠶᠠᠷ ᠬᠥᠷᠰᠢ ᠣᠷᠣᠰ ᠤᠨ ᠬᠣᠯᠪᠣᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠠᠢ ᠰᠠᠢᠢᠨ ᠬᠥᠷᠰᠢ ᠢᠢᠨ ᠨᠠᠢᠢᠷᠰᠠᠭ ᠬᠠᠷᠢᠯᠴᠠᠭ᠎ᠠ ᠢᠢ ᠪᠦᠬᠦ ᠰᠠᠯᠪᠤᠷᠢ ᠳᠤ ᠭᠦᠨᠵᠡᠭᠡᠢᠢᠷᠡᠭᠦᠯᠦᠨ ᠬᠥᠭ᠍ᠵᠢᠭᠦᠯᠬᠦ ᠨᠢ ᠮᠣᠩᠭ᠋ᠣᠯ ᠤᠯᠤᠰ ᠤᠨ ᠭᠠᠳᠠᠭᠠᠳᠤ ᠪᠣᠳᠣᠯᠭ᠎ᠠ ᠢᠢᠨ ᠲᠡᠷᠢᠭᠦᠯᠡᠬᠦ ᠴᠢᠭᠯᠡᠯ ᠪᠥᠭᠡᠳ ᠡᠨᠡ ᠪᠣᠳᠣᠯᠭ᠎ᠠ ᠠᠮᠵᠢᠯᠲᠠᠲᠠᠢ ᠬᠡᠷᠡᠭᠵᠢᠵᠦ᠂ ᠬᠥᠷᠰᠢ ᠨᠦᠭᠦᠳ ᠲᠡᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠦᠭᠰᠡᠨ ᠳᠥ ᠮᠣᠩᠭ᠋ᠣᠯ ᠤᠨ ᠲᠠᠯ᠎ᠠ ᠰᠡᠳᠬᠢᠯ ᠬᠠᠩᠭᠠᠯᠤᠭᠤᠨ ᠪᠠᠢᠢᠳᠠᠭ᠃

 

ᠮᠣᠩᠭ᠋ᠣᠯ᠂ ᠣᠷᠣᠰ᠂ ᠬᠢᠲᠠᠳ ᠤᠨ ᠭᠤᠷᠪᠠᠨ ᠲᠠᠯ᠎ᠠ ᠢᠢᠨ ᠬᠠᠮᠲᠤ ᠢᠢᠨ ᠠᠵᠢᠯᠯᠠᠭ᠎ᠠ ᠪᠠᠨ ᠰᠡᠭᠦᠯ ᠦᠨ ᠵᠢᠯ ᠦᠳ ᠲᠥ ᠢᠳᠡᠪᠬᠢᠵᠢᠵᠦ ᠪᠤᠢ ᠨᠢ ᠭᠤᠷᠪᠠᠨ ᠤᠯᠤᠰ ᠬᠣᠭᠣᠷᠣᠨᠳᠣ ᠢᠢᠨ ᠬᠠᠮᠲᠤ ᠢᠢᠨ ᠠᠵᠢᠯᠯᠠᠭᠠᠨ ᠤ ᠪᠣᠯᠤᠮᠵᠢ ᠢᠢ ᠨᠡᠮᠡᠭᠳᠡᠭᠦᠯᠵᠦ ᠪᠠᠢᠢᠨ᠎ᠠ ᠭᠡᠵᠦ ᠪᠢ ᠦᠵᠡᠳᠡᠭ᠃ ᠲᠡᠢᠢᠮᠦ ᠡᠴᠡ ᠴᠤ ᠭᠤᠷᠪᠠᠨ ᠤᠯᠤᠰ ᠤᠨ ᠲᠥᠷᠥ ᠢᠢᠨ ᠲᠡᠷᠢᠭᠦᠨ ᠨᠠᠷ ᠤᠨ ᠡᠭᠡᠯᠵᠢᠲᠦ ᠠᠭᠤᠯᠵᠠᠯᠲᠠ ᠳᠤ ᠣᠷᠣᠯᠴᠠᠵᠤ᠂ ᠭᠤᠷᠪᠠᠨ ᠲᠠᠯ᠎ᠠ ᠢᠢᠨ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠲᠠᠯ᠎ᠠ ᠪᠠᠷ ᠲᠠ ᠪᠦᠬᠦᠨ ᠲᠡᠢ ᠰᠠᠨᠠᠯ ᠰᠤᠯᠢᠯᠴᠠᠬᠤ ᠪᠣᠯᠤᠮᠵᠢ ᠲᠣᠬᠢᠶᠠᠵᠤ ᠪᠤᠢ ᠳᠤ ᠪᠠᠶᠠᠷᠲᠠᠢ ᠪᠠᠢᠢᠨ᠎ᠠ᠃

 

ᠥᠩᠭᠡᠷᠡᠭᠰᠡᠨ ᠬᠤᠭᠤᠴᠠᠭᠠᠨ ᠳᠤ ᠭᠤᠷᠪᠠᠨ ᠲᠠᠯ᠎ᠠ ᠠᠴᠠ ᠭᠠᠷᠭᠠᠭᠰᠠᠨ ᠬᠦᠴᠦ ᠴᠢᠷᠮᠠᠢᠢᠯᠲᠠ᠂ ᠰᠠᠨᠠᠭᠠᠴᠢᠯᠠᠭ᠎ᠠ ᠢᠢᠨ ᠳ᠋ᠦᠩ ᠳᠥ ᠭᠤᠷᠪᠠᠨ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠮᠧᠬᠠᠨᠢᠰᠮ ᠢ ᠪᠦᠷᠢᠳᠦᠭᠦᠯᠦᠭᠰᠡᠨ ᠪᠢᠯᠡ᠃ ᠭᠤᠷᠪᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠤᠯᠤᠰ ᠲᠥᠷᠥ᠂ ᠡᠳ᠋ ᠍ ᠦᠨ ᠵᠠᠰᠠᠭ᠂ ᠰᠤᠶᠤᠯ᠂ ᠬᠦᠮᠦᠨᠯᠢᠭ ᠦᠨ ᠪᠣᠯᠤᠨ ᠪᠥᠰᠡ ᠨᠤᠲᠤᠭ᠂ ᠣᠯᠠᠨ ᠤᠯᠤᠰ ᠤᠨ ᠬᠠᠷᠢᠯᠴᠠᠭᠠᠨ ᠤ ᠴᠢᠭ᠌ ᠬᠠᠨᠳᠤᠯᠭ᠎ᠠ ᠢᠢ ᠲᠣᠳᠣᠷᠬᠠᠢᠢᠯᠠᠭᠰᠠᠨ 《ᠳᠤᠮᠳᠠ ᠬᠤᠭᠤᠴᠠᠭᠠᠨ ᠤ ᠵᠠᠮ ᠤᠨ ᠵᠢᠷᠤᠭᠯᠠᠯ》 ᠪᠣᠯᠤᠨ ᠬᠠᠮᠲᠤ ᠢᠢᠨ ᠠᠵᠢᠯᠯᠠᠭᠠᠨ ᠤ ᠲᠣᠳᠣᠷᠬᠠᠢ ᠲᠥᠰᠥᠯ ᠦᠳ ᠢ ᠲᠣᠭᠲᠠᠭᠰᠠᠨ 《ᠡᠳ᠋ ᠍ ᠦᠨ ᠵᠠᠰᠠᠭ ᠤᠨ ᠺᠣᠷᠢᠳᠣᠷ ᠪᠠᠢᠢᠭᠤᠯᠬᠤ ᠬᠥᠲᠥᠯᠪᠦᠷᠢ》 ᠭᠡᠰᠡᠨ ᠬᠣᠶᠠᠷ ᠴᠢᠬᠤᠯᠠ ᠪᠠᠷᠢᠮᠲᠠ ᠪᠢᠴᠢᠭ᠌ ᠢ ᠪᠠᠢᠢᠭᠤᠯᠤᠭᠰᠠᠨ ᠨᠢ ᠲᠣᠮᠣ ᠠᠮᠵᠢᠯᠲᠠ ᠮᠥᠨ᠃

 

ᠡᠳᠡᠭᠡᠷ ᠴᠢᠬᠤᠯᠠ ᠪᠠᠷᠢᠮᠲᠠ ᠪᠢᠴᠢᠭ᠌ ᠢ ᠪᠠᠢᠢᠭᠤᠯᠤᠭᠰᠠᠨ ᠠᠴᠠ ᠬᠣᠢᠢᠰᠢ ᠬᠣᠶᠠᠷ ᠵᠢᠯ ᠦᠨ ᠬᠤᠭᠤᠴᠠᠭ᠎ᠠ ᠥᠩᠭᠡᠷᠡᠵᠡᠢ᠃ ᠣᠳᠣ ᠲᠡᠳᠡᠭᠡᠷ ᠢ ᠪᠣᠳᠠᠲᠠᠢ ᠪᠠᠷ ᠬᠡᠷᠡᠭᠵᠢᠭᠦᠯᠬᠦ ᠠᠵᠢᠯ ᠳᠤ ᠢᠯᠡᠭᠦᠦ ᠠᠩᠬᠠᠷᠤᠯ ᠬᠠᠨᠳᠤᠭᠤᠯᠬᠤ ᠴᠠᠭ ᠪᠣᠯᠤᠭᠰᠠᠨ ᠭᠡᠵᠦ ᠦᠵᠡᠵᠦ ᠪᠠᠢᠢᠨ᠎ᠠ᠃ ᠲᠡᠢᠢᠮᠦ ᠤᠴᠢᠷ ᠠᠴᠠ ᠡᠨᠡ ᠤᠳᠠᠭ᠎ᠠ ᠢᠢᠨ ᠠᠭᠤᠯᠵᠠᠯᠲᠠ ᠪᠠᠷ ᠳᠠᠷᠠᠭᠠᠬᠢ ᠠᠰᠠᠭᠤᠳᠠᠯ ᠢᠶᠠᠷ ᠰᠠᠨᠠᠯ ᠰᠣᠯᠢᠯᠴᠠᠵᠤ᠂ ᠲᠣᠬᠢᠷᠠᠯᠴᠠᠭᠠᠨ ᠳᠤ ᠬᠦᠷᠬᠦ ᠢᠢ ᠬᠦᠰᠡᠵᠦ ᠪᠠᠢᠢᠨ᠎ᠠ᠃ ᠥᠨᠥ ᠢᠢᠨ ᠬᠦᠷᠦᠭᠰᠡᠨ ᠲᠣᠬᠢᠷᠠᠯᠴᠠᠭᠠᠨ ᠠᠴᠠ ᠨᠢᠭᠡ ᠴᠤ ᠠᠯᠬᠤᠮ ᠤᠬᠤᠷᠢᠬᠤ ᠦᠭᠡᠢ ᠶᠤᠮ᠃

 

ᠨᠢᠭᠡᠳᠦᠭᠡᠷ ᠲᠥ᠂ ᠡᠳ᠋ ᠍ ᠦᠨ ᠵᠠᠰᠠᠭ ᠤᠨ ᠺᠣᠷᠢᠳᠣᠷ ᠤᠨ ᠬᠥᠲᠥᠯᠪᠦᠷᠢ ᠢᠢᠨ ᠬᠡᠷᠡᠭᠵᠢᠯᠲᠡ ᠢᠢ ᠡᠬᠢᠯᠡᠭᠦᠯᠬᠦ᠄

 

ᠭᠤᠷᠪᠠᠨ ᠲᠠᠯ᠎ᠠ ᠢᠢᠨ ᠦᠵᠦᠭᠯᠡᠭᠰᠡᠨ 《ᠡᠳ᠋ ᠍ ᠦᠨ ᠵᠠᠰᠠᠭ ᠤᠨ ᠺᠣᠷᠢᠳᠣᠷ ᠤᠨ ᠪᠦᠲᠦᠭᠡᠨ ᠪᠠᠢᠢᠭᠤᠯᠤᠯᠲᠠ ᠢᠢ ᠤᠷᠤᠭᠰᠢᠯᠠᠭᠤᠯᠬᠤ ᠬᠠᠮᠲᠤᠷᠠᠭᠰᠠᠨ ᠮᠧᠬᠠᠨᠢᠰᠮ ᠪᠠᠢᠢᠭᠤᠯᠬᠤ ᠲᠤᠬᠠᠢ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌》 ᠍ ᠲᠥ ᠣᠢᠢᠷ᠎ᠠ ᠢᠢᠨ ᠬᠤᠭᠤᠴᠠᠭᠠᠨ ᠳᠤ ᠭᠠᠷ ᠤᠨ ᠦᠰᠦᠭ ᠵᠢᠷᠤᠬᠤ ᠱᠠᠭᠠᠷᠳᠠᠯᠭ᠎ᠠ ᠲᠠᠢ᠃ ᠬᠠᠮᠲᠤᠷᠠᠭᠰᠠᠨ ᠮᠧᠬᠠᠨᠢᠰᠮ ᠪᠤᠢ ᠪᠣᠯᠵᠤ ᠪᠠᠢᠢᠵᠤ ᠭᠤᠷᠪᠠᠨ ᠲᠠᠯ᠎ᠠ ᠢᠢᠨ ᠬᠣᠭᠣᠷᠣᠨᠳᠣ ᠠᠭᠤᠯᠵᠠᠯᠲᠠ᠂ ᠮᠡᠳᠡᠭᠡᠯᠡᠯ ᠰᠣᠯᠢᠯᠴᠠᠭ᠎ᠠ ᠢᠳᠡᠪᠬᠢᠵᠢᠵᠦ᠂ ᠬᠡᠷᠡᠭᠵᠢᠬᠦ ᠶᠠᠪᠤᠴᠠ ᠢᠢ ᠲᠦᠷᠭᠡᠳᠭᠡᠬᠦ ᠶᠤᠮ᠃

 

ᠨᠡᠩ ᠲᠡᠷᠢᠭᠦᠨ ᠳᠥ ᠬᠡᠷᠡᠭᠵᠢᠭᠦᠯᠬᠦ ᠪᠡᠷ ᠲᠣᠬᠢᠷᠠᠯᠴᠠᠭᠰᠠᠨ ᠲᠥᠰᠥᠯ ᠦᠳ᠂ ᠲᠤᠬᠠᠢᠢᠯᠠᠪᠠᠯ ᠲᠡᠮᠦᠷ ᠵᠠᠮ ᠤᠨ ᠲᠥᠪ ᠺᠣᠷᠢᠳᠣᠷ ᠢ ᠰᠢᠨᠡᠴᠢᠯᠡᠨ ᠬᠥᠭ᠍ᠵᠢᠭᠦᠯᠬᠦ᠂ ᠬᠣᠣᠰ ᠵᠠᠮ ᠪᠠᠷᠢᠬᠤ᠂ ᠴᠠᠬᠢᠯᠭᠠᠨᠵᠢᠭᠤᠯᠬᠤ ᠲᠥᠰᠥᠯ᠂ ᠠᠽᠢᠶ᠎ᠠ ᠢᠢᠨ ᠠᠦ᠋ᠲ᠋ᠣ᠋ ᠵᠠᠮ ᠤᠨ ᠰᠦᠯᠵᠢᠶᠡᠨ ᠦ ᠠᠨ᠎ ᠊ 3  ᠴᠢᠭᠯᠡᠯ ᠢ ᠳᠠᠮᠵᠢᠨ ᠥᠩᠭᠡᠷᠡᠬᠦ ᠲᠡᠭᠡᠭᠡᠪᠦᠷᠢᠯᠡᠯᠲᠡ ᠳᠥ ᠢᠳᠡᠪᠬᠢᠲᠡᠢ ᠠᠰᠢᠭᠯᠠᠬᠤ᠂ ᠲᠤᠰ ᠴᠢᠭᠯᠡᠯ ᠳᠥ ᠬᠤᠷᠳᠤᠨ ᠤ ᠠᠦ᠋ᠲ᠋ᠣ᠋ ᠵᠠᠮ ᠪᠠᠷᠢᠬᠤ ᠲᠥᠰᠥᠯ ᠢ ᠠᠵᠢᠯ ᠬᠡᠷᠡᠭ ᠪᠣᠯᠭᠠᠬᠤ ᠢᠢᠨ ᠲᠥᠯᠥᠭᠡ ᠢᠯᠡᠭᠦᠦ ᠶᠡᠬᠡ ᠢᠳᠡᠪᠬᠢ ᠴᠢᠷᠮᠠᠢᠢᠯᠲᠠ ᠭᠠᠷᠭᠠᠬᠤ ᠢᠢ ᠤᠷᠢᠶᠠᠯᠠᠵᠤ ᠪᠠᠢᠢᠨ᠎ᠠ᠃ ᠲᠤᠬᠠᠢᠢᠯᠠᠪᠠᠯ᠂ ᠠᠽᠢᠶ᠎ᠠ ᠢᠢᠨ ᠠᠦ᠋ᠲ᠋ᠣ᠋ ᠵᠠᠮ ᠤᠨ ᠰᠦᠯᠵᠢᠶᠡᠨ ᠦ ᠠᠨ᠎ ᠊ 3  ᠴᠢᠭᠯᠡᠯ ᠳᠥ ᠬᠤᠷᠳᠤᠨ ᠤ ᠠᠦ᠋ᠲ᠋ᠣ᠋ ᠵᠠᠮ ᠪᠠᠷᠢᠬᠤ ᠳᠤ ᠭᠤᠷᠪᠠᠨ ᠤᠯᠤᠰ ᠤᠨ ᠵᠠᠰᠠᠭ ᠤᠨ ᠭᠠᠵᠠᠷ ᠤᠨ ᠣᠷᠣᠯᠴᠠᠭ᠎ᠠ ᠢᠢ ᠰᠢᠭᠤᠳ᠂ ᠲᠡᠭᠰᠢ ᠬᠡᠯᠪᠡᠷᠢ ᠪᠡᠷ ᠬᠠᠩᠭ᠋ᠠᠵᠤ᠂ ᠲᠥᠰᠥᠯ ᠦᠨ ᠰᠠᠩᠬᠦᠵᠢᠯᠲᠡ ᠢᠢᠨ ᠠᠰᠠᠭᠤᠳᠠᠯ ᠢ ᠬᠡᠯᠡᠯᠴᠡᠨ ᠰᠢᠢᠳᠪᠦᠷᠢᠯᠡᠵᠦ ᠪᠦᠲᠦᠭᠡᠨ ᠪᠠᠢᠢᠭᠤᠯᠤᠯᠲᠠ ᠢᠢ ᠣᠢᠢᠷ᠎ᠠ ᠢᠢᠨ ᠦᠶ᠎ᠡ ᠳᠥ ᠡᠬᠢᠯᠡᠭᠦᠯᠬᠦ ᠰᠠᠨᠠᠯ ᠢ ᠮᠢᠨᠦ ᠪᠡᠶ᠎ᠡ ᠳᠡᠪᠰᠢᠭᠦᠯᠵᠦ ᠪᠠᠢᠢᠨ᠎ᠠ᠃ ᠭᠤᠷᠪᠠᠨ ᠲᠠᠯ᠎ᠠ ᠢᠢᠨ ᠣᠷᠣᠯᠴᠠᠭᠠᠨ ᠤ ᠬᠤᠪᠢ᠂ ᠰᠠᠩᠬᠦᠵᠢᠯᠲᠡ ᠢᠢᠨ ᠬᠡᠯᠪᠡᠷᠢ ᠵᠡᠷᠭᠡ ᠢᠢ ᠭᠤᠷᠪᠠᠨ ᠤᠯᠤᠰ ᠤᠨ ᠵᠠᠮ᠂ ᠲᠡᠭᠡᠭᠡᠪᠦᠷᠢ ᠢᠢᠨ ᠶᠠᠮᠤᠳ ᠬᠡᠯᠡᠯᠴᠡᠨ ᠲᠣᠬᠢᠷᠠᠯᠴᠠᠬᠤ ᠪᠣᠯᠤᠮᠵᠢ ᠲᠠᠢ᠃

 

《ᠠᠽᠢᠶ᠎ᠠ ᠢᠢᠨ ᠠᠦ᠋ᠲ᠋ᠣ᠋ ᠵᠠᠮ ᠤᠨ ᠰᠦᠯᠵᠢᠶ᠎ᠡ ᠪᠡᠷ ᠣᠯᠠᠨ ᠤᠯᠤᠰ ᠤᠨ ᠠᠦ᠋ᠲ᠋ᠣ᠋ ᠵᠠᠮ ᠤᠨ ᠲᠡᠭᠡᠭᠡᠪᠦᠷᠢᠯᠡᠯᠲᠡ ᠭᠦᠢᠴᠡᠳᠭᠡᠬᠦ ᠲᠤᠬᠠᠢ ᠭᠤᠷᠪᠠᠨ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ》 ᠍ ᠢ ᠭᠤᠷᠪᠠᠨ ᠲᠠᠯ᠎ᠠ ᠰᠣᠶᠣᠷᠬᠠᠨ ᠪᠠᠲᠤᠯᠠᠵᠤ᠂ ᠤᠳᠠᠬᠤ ᠦᠭᠡᠢ ᠬᠦᠴᠦᠨ ᠲᠡᠭᠦᠯᠳᠡᠷ ᠪᠣᠯᠵᠤ ᠪᠠᠢᠢᠭ᠎ᠠ ᠨᠢ ᠤᠭ ᠵᠠᠮ ᠢ ᠣᠢᠢᠷ᠎ᠠ ᠢᠢᠨ ᠬᠤᠭᠤᠴᠠᠭᠠᠨ ᠳᠤ ᠪᠠᠷᠢᠬᠤ ᠲᠠᠭᠠᠲᠠᠢ ᠨᠥᠬᠥᠴᠡᠯ ᠪᠦᠷᠢᠳᠦᠭᠦᠯᠦᠨ᠎ᠡ ᠬᠡᠮᠡᠨ ᠢᠲᠡᠭᠡᠵᠦ ᠪᠠᠢᠢᠨ᠎ᠠ᠃

 

ᠴᠠᠭᠠᠰᠢᠳᠠ ᠡᠳ᠋ ᠍ ᠦᠨ ᠵᠠᠰᠠᠭ ᠤᠨ ᠺᠣᠷᠢᠳᠣᠷ ᠪᠠᠢᠢᠭᠤᠯᠬᠤ ᠬᠥᠲᠥᠯᠪᠦᠷᠢ ᠳᠥ ᠲᠤᠰᠬᠠᠭᠳᠠᠭᠰᠠᠨ ᠲᠥᠰᠥᠯ ᠦᠳ ᠦᠨ ᠨᠠᠷᠢᠪᠴᠢᠯᠠᠭᠰᠠᠨ ᠰᠤᠳᠤᠯᠭ᠎ᠠ ᠬᠢᠬᠦ᠂ ᠡᠳ᠋ ᠍ ᠦᠨ ᠵᠠᠰᠠᠭ ᠤᠨ ᠦᠨᠳᠦᠰᠦᠯᠡᠯ ᠢ ᠰᠠᠢᠢᠲᠤᠷ ᠪᠣᠯᠪᠠᠰᠤᠷᠠᠭᠤᠯᠬᠤ ᠡᠭᠦᠳᠡᠨ ᠡᠴᠡ ᠬᠥᠷᠥᠩᠭᠡ ᠣᠷᠣᠭᠤᠯᠤᠯᠲᠠ ᠢᠢᠨ ᠵᠢᠷᠤᠭ ᠲᠥᠰᠥᠯ ᠦᠨ ᠬᠠᠮᠲᠤᠷᠠᠭᠰᠠᠨ ᠲᠥᠪ ᠢ ᠪᠠᠢᠢᠭᠤᠯᠬᠤ ᠢᠢ ᠶᠠᠭᠠᠷᠠᠪᠴᠢᠯᠠᠬᠤ ᠨᠢ ᠵᠦᠢᠲᠡᠢ ᠭᠡᠵᠦ ᠦᠵᠡᠳᠡᠭ ᠢᠶᠡᠨ ᠳᠠᠰᠢᠷᠠᠮ ᠳᠤ ᠢᠯᠡᠷᠬᠡᠢᠢᠯᠡᠶ᠎ᠡ᠃

 

ᠬᠣᠶᠠᠳᠤᠭᠠᠷ ᠲᠤ᠂ᠭᠤᠷᠪᠠᠨ ᠲᠠᠯᠠᠲᠤ ᠬᠠᠮᠲᠤ ᠢᠢᠨ ᠠᠵᠢᠯᠯᠠᠭᠠᠨ ᠤ ᠪᠤᠰᠤᠳ ᠴᠢᠭᠯᠡᠯ᠂ ᠮᠧᠬᠠᠨᠢᠰᠮ ᠤᠨ ᠲᠤᠬᠠᠢ ᠳᠤ᠄

 

ᠴᠢᠨᠠᠭᠰᠢᠳᠠ ᠭᠤᠷᠪᠠᠨ ᠤᠯᠤᠰ ᠤᠨ ᠲᠥᠷᠥ ᠢᠢᠨ ᠲᠡᠷᠢᠭᠦᠨ ᠨᠠᠷ ᠤᠨ ᠠᠭᠤᠯᠵᠠᠯᠲᠠ ᠢᠢᠨ ᠪᠡᠯᠡᠳᠬᠡᠯ ᠢ ᠬᠠᠩᠭ᠋ᠠᠬᠤ ᠬᠦᠷᠢᠶᠡᠨ ᠳᠥ ᠭᠤᠷᠪᠠᠨ ᠤᠯᠤᠰ ᠤᠨ ᠲᠡᠭᠡᠭᠡᠪᠦᠷᠢ ᠢᠢᠨ ᠰᠠᠢᠢᠳ ᠨᠠᠷ ᠤᠨ ᠠᠭᠤᠯᠵᠠᠯᠲᠠ ᠢᠢ ᠵᠣᠬᠢᠶᠠᠨ ᠪᠠᠢᠢᠭᠤᠯᠵᠤ᠂ ᠳᠡᠳ᠋ ᠪᠦᠲᠦᠴᠡ ᠢᠢᠨ ᠲᠥᠰᠥᠯ ᠦᠳ ᠢ ᠪᠣᠳᠠᠲᠤ ᠪᠠᠷ ᠬᠡᠷᠡᠭᠵᠢᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠲᠤᠰ ᠮᠧᠬᠠᠨᠢᠰᠮ ᠢ ᠲᠣᠭᠲᠠᠮᠠᠯᠵᠢᠭᠤᠯᠬᠤ ᠰᠠᠨᠠᠯ ᠲᠠᠢ ᠪᠠᠢᠢᠨ᠎ᠠ᠃

 

ᠠᠶᠠᠯᠠᠯ ᠵᠢᠭᠤᠯᠴᠢᠯᠠᠯ ᠨᠢ ᠭᠤᠷᠪᠠᠨ ᠲᠠᠯ᠎ᠠ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠥᠷᠭᠡᠨ ᠪᠣᠯᠤᠮᠵᠢ ᠲᠠᠢ ᠰᠠᠯᠪᠤᠷᠢ ᠪᠥᠭᠡᠳ ᠴᠠᠢ ᠢᠢᠨ ᠵᠠᠮ ᠢ ᠰᠡᠷᠭᠦᠭᠡᠬᠦ ᠲᠠᠯ᠎ᠠ ᠳᠡᠭᠡᠷ᠎ᠡ ᠭᠤᠷᠪᠠᠨ ᠲᠠᠯ᠎ᠠ ᠠᠩᠬᠠᠷᠴᠤ ᠪᠠᠢᠢᠭ᠎ᠠ ᠳᠤ ᠪᠠᠶᠠᠷᠲᠠᠢ ᠪᠠᠢᠢᠨ᠎ᠠ᠃ 2019 ᠣᠨ ᠳᠤ ᠪᠣᠯᠬᠤ 《Silk Way》 ᠠᠦ᠋ᠲ᠋ᠣ᠋ ᠵᠠᠮ ᠤᠨ ᠤᠷᠤᠯᠳᠤᠭᠠᠨ ᠢ ᠮᠣᠩᠭ᠋ᠣᠯ ᠤᠨ ᠨᠤᠲᠤᠭ ᠢᠶᠠᠷ ᠳᠠᠭᠠᠷᠢᠭᠤᠯᠤᠨ ᠥᠩᠭᠡᠷᠡᠭᠦᠯᠬᠦ ᠠᠰᠠᠭᠤᠳᠠᠯ ᠳᠤ ᠬᠣᠶᠠᠷ ᠬᠥᠷᠰᠢ ᠢᠢᠨ ᠲᠡᠷᠢᠭᠦᠨ ᠠᠩᠬᠠᠷᠤᠯ ᠬᠠᠨᠳᠤᠭᠤᠯᠵᠤ ᠥᠭ᠍ᠭᠦᠨ᠎ᠡ ᠦᠦ ᠭᠡᠵᠦ ᠬᠦᠰᠡᠶ᠎ᠡ᠃

 

ᠮᠣᠩᠭ᠋ᠣᠯ ᠤᠨ ᠲᠠᠯ᠎ᠠ ᠠᠴᠠ ᠤᠳᠠᠭ᠎ᠠ ᠳᠠᠷᠠᠭ᠎ᠠ ᠲᠠᠯᠪᠢᠵᠤ ᠪᠤᠢ ᠣᠷᠣᠰ᠂ ᠬᠢᠲᠠᠳ ᠢ ᠬᠤᠯᠪᠤᠬᠤ ᠭᠠᠵᠠᠷ ᠤᠨ ᠲᠣᠰᠣ᠂ ᠪᠠᠢᠢᠭᠠᠯᠢ ᠢᠢᠨ ᠬᠡᠢ ᠢᠢᠨ ᠬᠣᠭᠣᠯᠠᠢ ᠢᠢ ᠮᠣᠩᠭ᠋ᠣᠯ ᠤᠯᠤᠰ ᠤᠨ ᠨᠤᠲᠤᠭ ᠳᠡᠪᠢᠰᠬᠡᠷ ᠢᠶᠡᠷ ᠳᠠᠮᠵᠢᠨ ᠥᠩᠭᠡᠷᠡᠭᠦᠯᠬᠦ ᠰᠠᠨᠠᠯ ᠢ ᠣᠷᠣᠰ᠂ ᠬᠢᠲᠠᠳ ᠤᠨ ᠲᠠᠯ᠎ᠠ ᠨᠤᠭᠤᠳ ᠬᠦᠯᠢᠶᠡᠨ ᠠᠪᠴᠤ᠂ ᠨᠠᠭᠠᠰᠢ ᠲᠠᠢ ᠬᠠᠨᠳᠤᠨ᠎ᠠ ᠭᠡᠵᠦ ᠨᠠᠢᠢᠳᠠᠵᠤ ᠪᠠᠢᠢᠨ᠎ᠠ᠃

 

ᠡᠷᠬᠢᠮ ᠨᠥᠬᠥᠳ ᠡ᠂

 

ᠬᠥᠷᠰᠢ ᠭᠤᠷᠪᠠᠨ ᠤᠯᠤᠰ ᠤᠨ ᠬᠠᠮᠲᠤ ᠢᠢᠨ ᠠᠵᠢᠯᠯᠠᠭ᠎ᠠ ᠢᠢ ᠪᠣᠳᠠᠲᠤ ᠬᠡᠷᠡᠭᠵᠢᠯᠲᠡ ᠳᠥ ᠠᠪᠠᠴᠢᠬᠤ ᠪᠣᠯᠤᠮᠵᠢ ᠪᠢᠳᠡᠨ ᠦ ᠡᠮᠦᠨ᠎ᠡ ᠨᠡᠭᠡᠭᠡᠯᠲᠡᠲᠡᠢ ᠪᠠᠢᠢᠨ᠎ᠠ᠃ ᠮᠣᠩᠭ᠋ᠣᠯ ᠤᠨ ᠠᠷᠠᠳ ᠲᠦᠮᠡᠨ ᠣᠯᠠᠨ ᠵᠢᠯ ᠶᠠᠷᠢᠶ᠎ᠠ ᠬᠡᠯᠡᠴᠡᠯ ᠦᠨ ᠲᠦᠪᠰᠢᠨ ᠳᠥ ᠥᠷᠨᠢᠭᠰᠡᠨ ᠭᠤᠷᠪᠠᠨ ᠤᠯᠤᠰ ᠤᠨ ᠬᠠᠮᠲᠤ ᠢᠢᠨ ᠠᠵᠢᠯᠯᠠᠭᠠᠨ ᠠᠴᠠ ᠪᠣᠳᠠᠲᠤ ᠦᠷ᠎ᠡ ᠳ᠋ᠦᠩ᠂ ᠬᠡᠷᠡᠭᠵᠢᠯᠲᠡ ᠢᠢ ᠬᠦᠯᠢᠶᠡᠵᠦ ᠪᠠᠢᠢᠭ᠎ᠠ᠃ ᠲᠡᠢᠢᠮᠦ ᠤᠴᠢᠷ ᠠᠴᠠ ᠪᠣᠳᠠᠲᠤ ᠬᠡᠷᠡᠭᠵᠢᠯᠲᠡ ᠢᠢᠨ ᠲᠥᠯᠥᠭᠡ ᠮᠢᠨᠦ ᠪᠡᠶ᠎ᠡ ᠡᠷᠬᠢᠮ ᠱᠢ ᠵᠢᠩ ᠫᠢᠩ ᠳᠠᠷᠤᠭ᠎ᠠ᠂ ᠡᠷᠬᠢᠮ ᠸ ∙ ᠸ ∙ ᠫᠦᠲ᠋ᠢᠨ ᠶᠡᠷᠦᠩᠬᠡᠢᠢᠯᠡᠭᠴᠢ ᠨᠠᠷ ᠲᠠᠢ ᠣᠢᠢᠷ᠎ᠠ ᠳᠣᠲᠣᠨᠣ᠂ ᠢᠳᠡᠪᠬᠢᠲᠡᠢ ᠬᠠᠮᠲᠤᠷᠠᠨ ᠠᠵᠢᠯᠯᠠᠬᠤ ᠡᠷᠡᠮᠡᠯᠵᠡᠯ ᠳᠦᠭᠦᠷᠡᠩ ᠪᠠᠢᠢᠨ᠎ᠠ᠃

 

ᠡᠨᠡ ᠵᠣᠷᠢᠯᠲᠠ ᠢᠢᠨ ᠲᠥᠯᠥᠭᠡ ᠪᠠᠢᠢᠩᠭ᠋ᠤ ᠢᠢᠨ ᠬᠣᠯᠪᠣᠭ᠎ᠠ ᠲᠠᠢ᠂ ᠬᠤᠭᠤᠴᠠᠭ᠎ᠠ ᠲᠠᠢ᠂ ᠤᠶᠠᠯᠳᠤᠭ᠎ᠠ ᠲᠠᠢ ᠠᠵᠢᠯᠯᠠᠬᠤ ᠬᠠᠲᠠᠭᠤ ᠡᠭᠦᠷᠭᠡ ᠢᠢ ᠭᠤᠷᠪᠠᠨ ᠤᠯᠤᠰ ᠤᠨ ᠬᠣᠯᠪᠣᠭᠣᠳᠠᠬᠤ ᠪᠠᠢᠢᠭᠤᠯᠭ᠎ᠠ ᠨᠤᠭᠤᠳ ᠲᠤ ᠥᠭᠴᠦ᠂ ᠰᠢᠭᠤᠷᠬᠠᠢ ᠬᠡᠷᠡᠭᠵᠢᠭᠦᠯᠬᠦ ᠳᠥ ᠬᠢᠨᠠᠯᠲᠠ ᠲᠠᠯᠪᠢᠵᠤ ᠠᠵᠢᠯᠯᠠᠬᠤ ᠢᠢ ᠰᠠᠨᠠᠯ ᠪᠣᠯᠭᠠᠵᠤ ᠪᠠᠢᠢᠨ᠎ᠠ᠃

 

ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠳᠤ ᠮᠣᠩᠭ᠋ᠣᠯ ᠤᠯᠤᠰ ᠱᠠᠲᠤ ᠠᠬᠢᠭᠤᠯᠤᠨ ᠤᠷᠤᠯᠴᠠᠬᠤ ᠪᠣᠯᠤᠯᠴᠠᠭ᠎ᠠ ᠢᠢ ᠰᠤᠳᠤᠯᠵᠤ ᠤᠯᠤᠰ ᠲᠥᠷᠥ ᠢᠢᠨ ᠬᠦᠷᠢᠶᠡᠨ ᠦ ᠬᠢᠨ ᠣᠯᠠᠨ ᠨᠡᠢᠢᠲᠡ ᠢᠢᠨ ᠢᠶᠡᠨ ᠰᠠᠨᠠᠭ᠎ᠠ ᠪᠣᠳᠣᠯ ᠢ ᠰᠣᠨᠣᠰᠴᠤ᠂ ᠬᠡᠯᠡᠯᠴᠡᠭᠦᠯᠭᠡ ᠡᠬᠢᠯᠡᠭᠡᠳ ᠪᠠᠢᠢᠨ᠎ᠠ᠃

 

ᠪᠥᠰᠡ ᠨᠤᠲᠤᠭ ᠤᠨ ᠣᠯᠠᠨ ᠲᠠᠯᠠᠲᠤ ᠬᠠᠮᠲᠤ ᠢᠢᠨ ᠠᠵᠢᠯᠯᠠᠭᠠᠨ ᠳᠤ ᠴᠢᠬᠤᠯᠠ ᠡᠭᠦᠷᠭᠡ ᠭᠦᠢᠴᠡᠳᠭᠡᠬᠦ ᠲᠤᠰ ᠪᠠᠢᠢᠭᠤᠯᠤᠯᠭ᠎ᠠ ᠢᠢᠨ ᠬᠦᠷᠢᠶᠡᠨ ᠳᠥ ᠴᠤ ᠮᠠᠨ ᠤ ᠭᠤᠷᠪᠠᠨ ᠤᠯᠤᠰ ᠤᠨ ᠬᠠᠮᠲᠤᠷᠠᠭᠰᠠᠨ ᠡᠳ᠋ ᠍ ᠦᠨ ᠵᠠᠰᠠᠭ ᠤᠨ ᠺᠣᠷᠢᠳᠣᠷ ᠬᠥᠲᠥᠯᠪᠦᠷᠢ ᠬᠡᠷᠡᠭᠵᠢᠨ᠎ᠡ ᠭᠡᠰᠡᠨ ᠢᠲᠡᠭᠡᠯ ᠨᠡᠢᠢᠲᠡ ᠮᠣᠩᠭ᠋ᠣᠯᠴᠤᠳ ᠨᠠᠢᠢᠳᠠᠵᠤ ᠪᠠᠢᠢᠨ᠎ᠠ᠃ 2015 ᠣᠨ ᠳᠤ ᠤᠢᠹᠠ ᠳᠤ᠂ 2016 ᠣᠨ ᠳᠤ ᠲᠠᠱᠺᠧᠨ᠋ᠲ ᠲᠥ ᠪᠣᠯᠤᠭᠰᠠᠨ ᠭᠤᠷᠪᠠᠨ ᠲᠠᠯ᠎ᠠ ᠢᠢᠨ ᠳᠡᠭᠡᠳᠦ ᠬᠡᠮᠵᠢᠶᠡᠨ ᠦ ᠠᠭᠤᠯᠵᠠᠯᠲᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠲᠠ 《ᠭᠤᠷᠪᠠᠨ ᠲᠠᠯ᠎ᠠ ᠢᠢᠨ ᠬᠠᠮᠲᠤ ᠢᠢᠨ ᠠᠵᠢᠯᠯᠠᠭ᠎ᠠ ᠢᠢ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠤᠨ ᠬᠦᠷᠢᠶᠡᠨ ᠳᠥ ᠥᠷᠭᠡᠵᠢᠭᠦᠯᠬᠦ》 ᠲᠠᠯ᠎ᠠ ᠪᠠᠷ ᠬᠡᠯᠡᠭᠰᠡᠨ ᠪᠠᠢᠢᠨ᠎ᠠ᠃ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠨᠣᠶᠠᠨ ᠸ ∙ ᠸ ∙ ᠫᠦᠲ᠋ᠢᠨ ᠮᠥᠨ ᠠᠳᠠᠯᠢ ᠳᠡᠮᠵᠢᠵᠦ ᠪᠠᠢᠢᠭ᠎ᠠ ᠭᠡᠳᠡᠭ ᠲᠥ ᠢᠲᠡᠭᠡᠵᠦ ᠪᠠᠢᠢᠨ᠎ᠠ᠃

 

ᠠᠩᠬᠠᠷᠤᠯ ᠲᠠᠯᠪᠢᠭᠰᠠᠨ ᠳᠤ ᠪᠠᠶᠠᠷᠯᠠᠯ᠎ᠠ᠃