Та "Internet explorer"-ийн сүүлийн хувилбар болох "Microsoft edge"-г ашиглана уу

Хэрэв "Microsoft edge"-г татах бол энд дарж татаж авна уу

ᠬᠡᠦᠬᠡᠳ᠂ ᠵᠠᠯᠠᠭᠤᠰ ᠲᠤ ᠡᠬᠡ ᠣᠷᠣᠨᠴᠢ ᠦᠵᠡᠯ᠂ ᠪᠡᠶ᠎ᠡ ᠪᠢᠯᠳᠠᠷ᠂ ᠶᠣᠰᠥ ᠵᠦᠢ ᠢᠢᠨ ᠥᠪ ᠲᠡᠭᠰᠢ ᠬᠦᠮᠦᠵᠢᠯ ᠣᠯᠭᠤᠬᠤ ᠦᠨᠳᠦᠰᠦᠨ ᠦ ᠬᠥᠲᠦᠯᠪᠦᠷᠢ ᠬᠡᠷᠡᠭᠵᠢᠭᠦᠯᠦᠨ᠎ᠡ

ᠮᠣᠩ᠋ᠭᠣᠯ ᠴᠡᠷᠢᠭ ᠦᠨ ᠨᠢᠭᠡᠳᠦᠭᠰᠡᠨ ᠬᠣᠯᠪᠣᠭᠠᠨ ᠤ 10 ᠵᠢᠯ ᠦᠨ ᠣᠢ ᠳᠤ ᠵᠣᠷᠢᠭᠤᠯᠤᠭᠰᠠᠨ 《ᠡᠬᠡ ᠣᠷᠣᠨ ᠤ ᠦᠨ᠎ᠡ ᠴᠡᠨ᠎ᠡ -ᠢᠷᠭᠡᠨ ᠦ ᠪᠠᠬᠠᠷᠬᠠᠯ》 ᠰᠡᠳᠦᠪᠲᠦ ᠦᠨᠳᠦᠰᠦᠨ ᠦ ᠴᠢᠭᠤᠯᠭᠠᠨ ᠲᠥᠷᠦ ᠢᠢᠨ ᠣᠷᠳᠣᠨ ᠳᠤ ᠪᠣᠯᠵᠤ ᠪᠠᠢᠢᠨ᠎ᠠ᠃

ᠦᠨᠳᠦᠰᠦᠨ ᠦ ᠴᠢᠭᠤᠯᠭᠠᠨ ᠢᠶᠠᠷ 《ᠡᠬᠡ ᠬᠡᠯᠡ-ᠪᠢᠴᠢᠭ᠌ ᠰᠤᠶᠤᠯ ᠤᠨ ᠦᠨ᠎ᠡ ᠴᠡᠨ᠎ᠡ》᠂ 《ᠤᠯᠠᠮᠵᠢᠯᠠᠯ ᠶᠣᠰᠣ᠂ ᠰᠤᠶᠤᠯ ᠤᠷᠠᠯᠢᠭ ᠤᠨ ᠦᠨ᠎ᠡ ᠴᠡᠨ᠎ᠡ》᠂ 《ᠬᠥᠳᠡᠯᠮᠦᠷᠢ ᠪᠦᠲᠦᠭᠡᠯ ᠦᠨ ᠦᠨ᠎ᠡ ᠴᠡᠨ᠎ᠡ》 ᠰᠡᠳᠦᠪ ᠢᠶᠡᠷ ᠢᠯᠡᠳᠬᠡᠯ ᠰᠣᠨᠣᠰᠴᠤ᠂ ᠬᠡᠯᠡᠯᠴᠡᠬᠦ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋ᠯᠠᠭᠴᠢ ᠤᠬᠤᠨ᠎ᠠ ᠢᠢᠨ ᠬᠦᠷᠡᠯᠰᠦ᠋ᠬᠡ ᠴᠢᠭᠤᠯᠭᠠᠨ ᠢ ᠨᠡᠭᠡᠭᠡᠵᠦ ᠦᠭᠡ ᠬᠡᠯᠡᠬᠦ ᠳᠡᠭᠡᠨ᠂ ᠡᠨᠡᠬᠦ ᠴᠢᠭᠤᠯᠭᠠᠨ ᠡᠬᠡ ᠣᠷᠣᠨ᠂ ᠲᠤᠰᠠᠭᠠᠷ ᠲᠣᠭᠲᠠᠨᠢᠯ ᠤᠨ ᠦᠨ᠎ᠡ ᠴᠡᠨ᠎ᠡ ᠂ ᠡᠬᠡ ᠲᠡᠦᠬᠡ᠂ ᠥᠪ ᠰᠣᠶᠣᠯ᠂ ᠦᠨᠳᠦᠰᠦᠨ ᠦ ᠪᠠᠬᠠᠷᠬᠠᠯ ᠢ ᠰᠤᠷᠲᠠᠯᠴᠢᠯᠠᠨ ᠲᠠᠨᠢᠭᠤᠯᠬᠤ᠂ ᠢᠷᠭᠡᠳ᠂ ᠬᠡᠦᠬᠡᠳ᠂ ᠵᠠᠯᠠᠭᠤᠰ ᠲᠤ ᠡᠬᠡ ᠣᠷᠣᠨᠴᠢ ᠦᠵᠡᠯ ᠢ ᠲᠥᠯᠦᠪᠰᠢᠭᠦᠯᠦᠨ ᠪᠡᠬᠢᠵᠢᠭᠦᠯᠬᠦ ᠳᠥ ᠴᠢᠬᠤᠯᠠ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯᠲᠡᠢ ᠪᠠᠢᠢᠭ᠎ᠠ ᠪᠠᠨ ᠬᠡᠯᠡᠪᠡ᠃

ᠮᠣᠩ᠋ᠭᠣᠯ ᠴᠡᠷᠢᠭ ᠡᠬᠡ ᠣᠷᠣᠨ᠂ ᠠᠷᠠᠳ ᠲᠦᠮᠡᠨ ᠦ ᠪᠡᠨ ᠠᠶᠤᠯ ᠦᠭᠡᠢ ᠪᠠᠢᠢᠳᠠᠯ ᠢ ᠪᠠᠲᠤᠯᠠᠨ ᠬᠠᠮᠠᠭᠠᠯᠠᠬᠤ ᠢᠢᠨ ᠵᠡᠷᠭᠡᠴᠡᠭᠡ ᠤᠯᠤᠰ ᠣᠷᠣᠨ ᠤ ᠪᠠᠨ ᠨᠡᠢᠢᠭᠡᠮ᠂ ᠡᠳ᠋ ᠍ ᠦᠨ ᠵᠠᠰᠠᠭ᠂ ᠰᠣᠶᠣᠯ ᠤᠷᠠᠯᠢᠭ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠣᠶᠣᠨ ᠭᠡᠭᠡᠷᠡᠭᠦᠯᠬᠦ᠂ ᠡᠷᠡᠭᠦᠯ ᠢ ᠬᠠᠮᠠᠭᠠᠯᠠᠬᠤ ᠭᠡᠳ ᠨᠡᠢᠢᠭᠡᠮ ᠦᠨ ᠪᠦᠬᠦᠢ ᠯᠠ ᠰᠠᠯᠪᠤᠷᠢ ᠳᠤ ᠬᠦᠴᠦᠨ ᠵᠢᠳᠬᠦᠵᠦ᠂ ᠰᠣᠷᠢᠯᠲᠠ᠂ ᠪᠡᠷᠬᠡᠰᠢᠶᠡᠯ ᠪᠦᠬᠦᠨ ᠢ ᠨᠢᠷᠤᠭᠤᠨ ᠳᠠᠭᠠᠨ ᠡᠭᠦᠷᠴᠢ᠂ ᠳᠠᠪᠠᠨ ᠲᠤᠭᠤᠯᠵᠤ ᠢᠷᠡᠭᠰᠡᠨ ᠢ ᠲᠡᠮᠳᠡᠭᠯᠡᠯ ᠡ᠃

ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ ᠦᠨᠳᠦᠰᠦᠨ ᠦ ᠬᠥᠳᠡᠯᠭᠡᠭᠡᠨ ᠨᠤᠭᠦᠳ᠂ 《ᠨᠠᠨᠳᠢᠩᠨᠠᠨ ᠳᠡᠭᠡᠳᠦᠯᠡᠬᠦ ᠦᠨᠳᠦᠰᠦᠨ ᠦ ᠥᠪ ᠰᠤᠶᠤᠯ᠂ ᠦᠨᠡᠲᠦ ᠵᠦᠢᠯ》᠂ 《ᠡᠷᠬᠢᠮᠯᠡᠨ ᠬᠠᠮᠠᠭᠠᠯᠠᠬᠤ ᠦᠨᠳᠦᠰᠦᠨ ᠦ ᠡᠪ ᠨᠢᠭᠡᠳᠦᠯ》᠂ 《ᠦᠨᠳᠦᠰᠦᠨ ᠦ ᠢᠵᠠᠭᠤᠷ ᠡᠷᠬᠡ ᠠᠰᠢᠭ-ᠠᠶᠤᠯ ᠦᠭᠡᠢ ᠪᠠᠢᠢᠳᠠᠯ》᠂ 《ᠮᠣᠩ᠋ᠭᠣᠯ ᠬᠦᠮᠦᠨ-ᠮᠣᠩ᠋ᠭᠣᠯ ᠤᠨ ᠪᠠᠶᠠᠯᠢᠭ》᠂ 《ᠨᠣᠭᠣᠭᠠᠨ ᠬᠥᠭ᠍ᠵᠢᠯ-ᠮᠣᠩ᠋ᠭᠣᠯ ᠤᠨ ᠢᠷᠡᠭᠡᠳᠦᠢ》 ᠵᠡᠷᠭᠡ ᠵᠣᠷᠢᠯᠲᠠ ᠢᠢ ᠬᠡᠷᠡᠭᠵᠢᠭᠦᠯᠬᠦ ᠳᠥ ᠲᠥᠷᠥ ᠢᠢᠨ ᠪᠣᠯᠤᠨ ᠲᠥᠷᠥ ᠢᠢᠨ ᠪᠤᠰᠤ ᠪᠠᠢᠢᠭᠤᠯᠤᠯᠭ᠎ᠠ᠂ ᠠᠷᠠᠳ ᠢᠷᠭᠡᠳ ᠡᠴᠡ ᠭᠠᠳᠠᠨ᠎ᠠ ᠮᠣᠩ᠋ᠭᠣᠯ ᠴᠡᠷᠢᠭ ᠦᠨ ᠨᠢᠭᠡᠳᠦᠭᠰᠡᠨ ᠬᠣᠯᠪᠣᠭ᠎ᠠ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠵᠤ ᠪᠠᠢᠢᠭ᠎ᠠ ᠳᠤ ᠲᠠᠯᠠᠷᠬᠠᠯ ᠢᠯᠡᠷᠬᠡᠢᠢᠯᠡᠪᠡ᠃

ᠴᠢᠨᠠᠭᠰᠢᠳᠠ ᠬᠡᠦᠬᠡᠳ᠂ ᠵᠠᠯᠠᠭᠤᠰ ᠲᠠᠭᠠᠨ ᠡᠬᠡ ᠣᠷᠣᠨᠴᠢ ᠦᠵᠡᠯ᠂ ᠪᠡᠶ᠎ᠡ ᠪᠢᠯᠳᠠᠷ᠂ ᠶᠣᠰᠣ ᠵᠦᠢ ᠢᠢᠨ ᠥᠪ ᠲᠡᠭᠰᠢ ᠬᠦᠮᠦᠵᠢᠯ ᠣᠯᠭᠣᠬᠤ ᠵᠣᠷᠢᠯᠭ᠎ᠠ ᠪᠠᠷ ᠦᠨᠳᠦᠰᠦᠨ ᠦ ᠬᠥᠲᠥᠯᠪᠦᠷᠢ ᠬᠡᠷᠡᠭᠵᠢᠭᠦᠯᠬᠦ ᠪᠡᠷ ᠲᠥᠯᠥᠪᠯᠡᠭᠰᠡᠨ ᠢᠶᠡᠨ ᠬᠡᠯᠡᠵᠦ᠂ ᠡᠭᠦᠨ ᠳᠥ ᠬᠣᠯᠪᠣᠭᠠᠨ ᠤ ᠤᠳᠤᠷᠢᠳᠤᠯᠭ᠎ᠠ᠂ ᠭᠡᠰᠢᠭᠦᠳ ᠦᠨ ᠮᠠᠩᠯᠠᠢᠢᠯᠠᠯ᠂ ᠡᠭᠦᠷᠭᠡ᠂ ᠣᠷᠣᠯᠴᠠᠭ᠎ᠠ᠂ ᠮᠡᠳᠡᠯᠭᠡ᠂ ᠲᠤᠷᠰᠢᠯᠭ᠎ᠠ ᠴᠢᠬᠤᠯᠠ ᠭᠡᠳᠡᠭ ᠢ ᠣᠨᠴᠠᠯᠠᠯ᠎ᠠ᠃

ᠮᠣᠩ᠋ᠭᠣᠯ ᠴᠡᠷᠢᠭ ᠦᠨ ᠨᠢᠭᠡᠳᠦᠭᠰᠡᠨ ᠬᠣᠯᠪᠣᠭ᠎ᠠ ᠢᠢ ᠮᠣᠩ᠋ᠭᠣᠯ ᠴᠡᠷᠢᠭ ᠦᠨ ᠳᠠᠢᠢᠴᠢᠨ ᠤᠯᠠᠮᠵᠢᠯᠠᠯ᠂ ᠠᠯᠳᠠᠷ ᠭᠠᠪᠢᠶ᠎ᠠ ᠢᠢ ᠠᠯᠳᠠᠷᠰᠢᠭᠤᠯᠤᠨ ᠮᠥᠩᠬᠡᠵᠢᠭᠦᠯᠬᠦ᠂ ᠴᠡᠷᠢᠭ ᠦᠨ ᠠᠯᠪᠠᠨ ᠤ ᠨᠡᠷ᠎ᠡ ᠬᠦᠨᠳᠦ᠂ ᠨᠡᠢᠢᠭᠡᠮ ᠳᠥ ᠦᠵᠡᠭᠦᠯᠬᠦ ᠡᠶᠡᠷᠭᠥ ᠨᠥᠯᠥᠭᠡ ᠢᠢ ᠪᠡᠬᠢᠵᠢᠭᠦᠯᠬᠦ᠂ ᠬᠡᠦᠬᠡᠳ᠂ ᠵᠠᠯᠠᠭᠤᠰ ᠲᠤ ᠡᠬᠡ ᠣᠷᠣᠨᠴᠢ ᠦᠵᠡᠯ ᠲᠥᠯᠦᠪᠰᠢᠭᠦᠯᠬᠦ ᠵᠡᠷᠭᠡ ᠵᠣᠷᠢᠯᠭ᠎ᠠ ᠪᠠᠷ ᠪᠠᠢᠢᠭᠤᠯᠤᠭᠰᠠᠨ᠃

31 ᠰᠠᠯᠪᠤᠷᠢ ᠬᠣᠯᠪᠣᠭ᠎ᠠ ᠲᠠᠢ᠂ 100 ᠮᠢᠩᠭ᠋᠎ᠠ ᠭᠠᠷᠤᠢ ᠭᠡᠰᠢᠭᠦᠨ᠂ ᠳᠡᠮᠵᠢᠭᠴᠢ ᠲᠡᠢ ᠲᠤᠰ ᠬᠣᠯᠪᠣᠭ᠎ᠠ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ ᠤᠨ ᠳᠠᠷᠬᠠᠯᠠᠭ᠎ᠠ᠂ ᠦᠨᠳᠦᠰᠦᠨ ᠦ ᠡᠪ ᠨᠢᠭᠡᠳᠦᠯ᠂ ᠦᠨᠡᠲᠦ ᠵᠦᠢᠯᠡᠰ ᠢ ᠬᠠᠮᠠᠭᠠᠯᠠᠨ ᠪᠡᠬᠢᠵᠢᠭᠦᠯᠬᠦ ᠳᠥ ᠬᠤᠪᠢ ᠨᠡᠮᠡᠷᠢ ᠪᠡᠨ ᠣᠷᠣᠭᠤᠯᠵᠤ ᠢᠷᠡᠭᠰᠡᠨ ᠪᠠᠢᠢᠨ᠎ᠠ᠃

ᠲᠤᠬᠠᠢᠢᠯᠠᠪᠠᠯ᠂ 《ᠬᠦᠮᠦᠨ ᠠᠮᠠ ᠢᠢᠨ ᠣᠶᠤᠨ ᠤ ᠳᠠᠷᠬᠠᠯᠠᠭ᠋ ᠠ ᠢᠢᠨ ᠠᠰᠠᠭᠤᠳᠠᠯ》᠂ 《ᠦᠨᠳᠦᠰᠦᠨ ᠦ ᠣᠢ ᠰᠠᠨᠠᠮᠵᠢ》᠂ 《ᠡᠬᠡ ᠣᠷᠣᠨᠴᠢ ᠦᠵᠡᠯ-ᠦᠨᠳᠦᠰᠦᠨ ᠦ ᠠᠶᠤᠯ ᠦᠭᠡᠢ ᠪᠠᠢᠢᠳᠠᠯ》 ᠰᠡᠳᠦᠪᠲᠦ ᠡᠷᠳᠡᠮ ᠰᠢᠨᠵᠢᠯᠡᠭᠡᠨ ᠦ ᠬᠤᠷᠠᠯ᠂ 《ᠪᠢᠳᠡᠨ ᠦ ᠪᠠᠬᠠᠷᠬᠠᠯ》 ᠲᠥᠰᠥᠯ᠂ 《ᠮᠢᠩᠭ᠋ᠠᠨ ᠮᠥᠷᠦᠳᠡᠰᠲᠡᠨ》᠂ 《ᠲᠤᠰᠠᠭᠠᠷ ᠲᠣᠭᠲᠠᠨᠢᠯ ᠢ ᠪᠡᠬᠢᠵᠢᠭᠦᠯᠬᠦ ᠳᠥ ᠣᠶᠤᠲᠠᠨ ᠵᠠᠯᠠᠭᠤᠰ ᠤᠨ ᠶᠣᠰᠣ ᠰᠤᠷᠲᠠᠬᠤᠨ ᠤ ᠮᠠᠩᠯᠠᠢᠢᠯᠠᠯ》 ᠵᠡᠷᠭᠡ ᠣᠯᠠᠨ ᠠᠵᠢᠯ ᠵᠣᠬᠢᠶᠠᠨ ᠪᠠᠢᠢᠭᠤᠯᠵᠠᠢ᠃

ᠮᠥᠨ ᠲᠥᠷᠦ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠠᠯᠪᠠ ᠬᠠᠭᠠᠭᠴᠢ᠂ ᠠᠬᠠᠮᠠᠳ ᠤᠳ ᠤᠨ ᠡᠷᠬᠡ ᠵᠦᠢ᠂ ᠨᠡᠢᠢᠭᠡᠮ ᠦᠨ ᠬᠠᠮᠠᠭᠠᠯᠠᠯ ᠤᠨ ᠪᠠᠲᠤᠯᠠᠭ᠎ᠠ ᠢᠢ ᠰᠠᠢᠢᠵᠢᠷᠠᠭᠤᠯᠬᠤ᠂ ᠬᠠᠤᠯᠢ ᠶᠣᠰᠣᠨ ᠤ ᠠᠰᠢᠭ ᠰᠣᠨᠢᠷᠬᠠᠯ ᠢ ᠬᠠᠮᠠᠭᠠᠯᠠᠬᠤ ᠴᠢᠭᠯᠡᠯ ᠢᠶᠡᠷ ᠢᠳᠡᠪᠬᠢᠲᠡᠢ ᠠᠵᠢᠯᠯᠠᠵᠤ ᠪᠠᠢᠢᠨ᠎ᠠ᠃