Та "Internet explorer"-ийн сүүлийн хувилбар болох "Microsoft edge"-г ашиглана уу

Хэрэв "Microsoft edge"-г татах бол энд дарж татаж авна уу

《ᠲᠡᠷᠪᠤᠮ ᠮᠣᠳᠤ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ 42 ᠰᠠᠶ᠎ᠠ ᠮᠣᠳᠤ ᠲᠠᠷᠢᠵᠤ ᠤᠷᠭᠤᠭᠤᠯᠵᠤ᠂ 63 ᠰᠠᠶ᠎ᠠ ᠲᠠᠷᠢᠴᠠ᠂ ᠰᠠᠭᠤᠯᠭᠠᠴᠠ ᠢᠢᠨ ᠨᠥᠭᠡᠴᠡ ᠪᠦᠷᠢᠳᠦᠭᠦᠯᠵᠡᠢ

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠡᠷᠡᠭᠵᠢᠯᠲᠡ᠂ ᠪᠦᠬᠦ ᠨᠡᠢᠢᠲᠡ ᠪᠡᠷ ᠮᠣᠳᠣ ᠲᠠᠷᠢᠬᠤ ᠡᠳᠦᠷ᠂ ᠴᠢᠨᠠᠭᠰᠢᠳᠠ ᠬᠢᠬᠦ ᠠᠵᠢᠯ ᠤᠨ ᠲᠠᠯ᠎ᠠ ᠪᠠᠷ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤ᠂ ᠣᠢ ᠢᠢᠨ ᠭᠠᠵᠠᠷ ᠬᠠᠮᠲᠤᠷᠠᠨ ᠮᠡᠳᠡᠭᠡᠯᠡᠯ ᠬᠢᠪᠡ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠬᠡᠷᠡᠭᠵᠢᠭᠦᠯᠵᠦ ᠡᠬᠢᠯᠡᠭᠰᠡᠨ ᠡᠴᠡ ᠬᠣᠢᠢᠰᠢᠬᠢ ᠬᠣᠶᠠᠷ ᠵᠢᠯ ᠦᠨ ᠬᠤᠭᠤᠴᠠᠭᠠᠨ ᠳᠤ 42 ᠰᠠᠶ᠎ᠠ ᠮᠣᠳᠣ ᠲᠠᠷᠢᠵᠤ᠂ ᠠᠷᠠᠴᠢᠯᠠᠵᠤ᠂ ᠬᠠᠮᠠᠭᠠᠯᠠᠵᠤ ᠪᠠᠢᠢᠨ᠎ᠠ᠃ ᠮᠥᠨ 63 ᠰᠠᠶ᠎ᠠ ᠲᠠᠷᠢᠴᠠ᠂ ᠰᠠᠭᠤᠯᠭᠠᠴᠠ ᠢᠢᠨ ᠨᠥᠭᠡᠴᠡ ᠪᠦᠷᠢᠳᠦᠭᠦᠯᠵᠡᠢ᠃ ᠠᠢᠢᠮᠠᠭ᠂ ᠨᠡᠢᠢᠰᠯᠡᠯ᠂ ᠪᠠᠢᠢᠭᠤᠯᠤᠯᠭ᠎ᠠ᠂ ᠠᠵᠤ ᠠᠬᠤᠢ ᠢᠢᠨ ᠨᠢᠭᠡᠴᠡ ᠨᠤᠭᠦᠳ᠂ ᠲᠡᠭᠦᠨ ᠦ ᠳᠣᠲᠣᠷ᠎ᠠ ᠠᠭᠤᠯᠠ ᠠᠭᠤᠷᠬᠠᠢ ᠢᠢᠨ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ ᠲᠣᠮᠣᠬᠠᠨ 21 ᠪᠠᠢᠢᠭᠤᠯᠤᠯᠭ᠎ᠠ ᠦᠨᠳᠦᠰᠦᠨ ᠦ ᠬᠥᠳᠡᠯᠭᠡᠭᠡᠨ ᠢ ᠳᠡᠮᠵᠢᠨ᠂ 2030 ᠣᠨ ᠬᠦᠷᠲᠡᠯ᠎ᠡ ᠨᠡᠢᠢᠲᠡ 608 ᠰᠠᠶ᠎ᠠ ᠮᠣᠳᠣ ᠲᠠᠷᠢᠵᠤ ᠤᠷᠭᠤᠭᠤᠯᠬᠤ ᠪᠠᠨ ᠪᠠᠲᠤᠯᠠᠮᠵᠢᠯᠠᠭᠰᠠᠨ᠃

ᠡᠨᠡ ᠲᠠᠯ᠎ᠠ ᠪᠠᠷ ᠶᠡᠷᠦᠩᠬᠡᠢᠢᠯᠡᠭᠴᠢ ᠢᠢᠨ ᠬᠡᠪᠯᠡᠯ ᠦᠨ ᠲᠥᠯᠥᠭᠡᠯᠡᠭᠴᠢ ᠥ᠊᠂ ᠵᠣᠯᠪᠠᠶᠠᠷ ᠲᠠᠨᠢᠯᠴᠠᠭᠤᠯᠤᠯ᠎ᠠ᠃

ᠠᠵᠤ ᠠᠬᠤᠢ ᠢᠢᠨ ᠨᠢᠭᠡᠴᠡ ᠨᠤᠭᠦᠳ ᠣᠳᠣ ᠪᠠᠷ 6.2 ᠰᠠᠶ᠎ᠠ ᠮᠣᠳᠣ ᠲᠠᠷᠢᠵᠤ᠂ 6.6 ᠰᠠᠶ᠎ᠠ ᠲᠠᠷᠢᠴᠠ᠂ ᠰᠠᠭᠤᠯᠭᠠᠴᠠ ᠢᠢᠨ ᠨᠥᠭᠡᠴᠡ ᠪᠦᠷᠢᠳᠦᠭᠦᠯᠦᠨ᠂ ᠵᠢᠯ ᠳᠥ 17 ᠰᠠᠶ᠎ᠠ ᠲᠠᠷᠢᠴᠠ ᠦᠷᠡᠵᠢᠭᠦᠯᠦᠨ ᠪᠣᠢᠢᠵᠢᠭᠤᠯᠬᠤ ᠮᠣᠳᠣ ᠦᠷᠡᠵᠢᠭᠦᠯᠭᠡ ᠢᠢᠨ ᠭᠠᠵᠠᠷ ᠪᠠᠢᠢᠭᠤᠯᠵᠠᠢ᠂ 《ᠡᠷᠳᠡᠨᠢᠲᠦ ᠦᠢᠯᠡᠳᠪᠦᠷᠢ》 ᠲᠥᠷᠦ ᠢᠢᠨ ᠥᠮᠴᠢᠲᠤ ᠦᠢᠯᠡᠳᠪᠦᠷᠢ ᠢᠢᠨ ᠭᠠᠵᠠᠷ᠂ 《ᠦᠰᠬᠦ ᠵᠣᠭᠣᠰ》᠂ 《ᠪᠣᠷᠣᠭ᠎ᠠ ᠭᠤᠥ᠋ᠯᠳ᠋》 ᠬᠠ᠊᠂ ᠬᠤ᠊᠂ ᠻᠥ᠂ 《ᠮᠣᠩᠭ᠋ᠣᠯᠷᠤᠰᠼᠸᠧᠲ᠋ᠮᠧᠲ᠋》 ᠲᠥᠷᠦ ᠢᠢᠨ ᠥᠮᠴᠢᠲᠤ ᠦᠢᠯᠡᠳᠪᠦᠷᠢ ᠢᠢᠨ ᠭᠠᠵᠠᠷ ᠲᠠᠷᠢᠵᠤ᠂ ᠤᠷᠭᠤᠭᠤᠯᠵᠤ ᠪᠠᠢᠢᠭ᠎ᠠ ᠮᠣᠳᠣᠨ ᠤ ᠪᠠᠨ ᠲᠣᠭ᠎ᠠ ᠪᠠᠷ ᠪᠤᠰᠤᠳ ᠢ ᠪᠠᠨ ᠲᠡᠷᠢᠭᠦᠯᠡᠵᠦ ᠪᠠᠢᠢᠨ᠎ᠠ᠃

ᠠᠵᠤ ᠠᠬᠤᠢ ᠢᠢᠨ ᠨᠢᠭᠡᠴᠡ ᠨᠤᠭᠦᠳ ᠡᠴᠡ᠄

• 《ᠡᠷᠳᠡᠨᠢᠰ ᠲᠠᠪᠤᠨ ᠲᠣᠯᠣᠭᠠᠢ》ᠬᠤ᠊᠂ ᠻᠥ᠂ 8 ᠰᠠᠶ᠎ᠠ᠂

• 《ᠦᠰᠬᠦ ᠵᠣᠭᠣᠰ》ᠬᠢ᠊᠂ ᠬᠠ᠊᠂ ᠻᠥ᠂ 1.5 ᠰᠠᠶ᠎ᠠ᠂
• 《ᠣᠭ᠍ᠶᠤ ᠲᠣᠯᠣᠭᠠᠢ》ᠬᠢ᠊᠂ ᠬᠠ᠊᠂ ᠻᠥ᠂ 928 ᠮᠢᠩᠭ᠋᠎ᠠ᠂

• 《ᠡᠷᠳᠡᠨᠢᠲᠦ ᠦᠢᠯᠡᠳᠪᠦᠷᠢ》 ᠲᠥᠷᠦ ᠢᠢᠨ ᠥᠮᠴᠢᠲᠤ ᠦᠢᠯᠡᠳᠪᠦᠷᠢ ᠢᠢᠨ ᠭᠠᠵᠠᠷ 590 ᠮᠢᠩᠭ᠋ᠠᠨ ᠰᠢᠷᠬᠡᠭ᠌ ᠲᠠᠷᠢᠴᠠ᠂ ᠰᠠᠭᠤᠯᠭᠠᠴᠠ ᠢᠢᠨ ᠨᠥᠭᠡᠴᠡ ᠪᠦᠷᠢᠳᠦᠭᠦᠯᠦᠭᠰᠡᠨ ᠨᠢ ᠬᠠᠮᠤᠭ ᠤᠨ ᠥᠨᠳᠦᠷ ᠦᠵᠡᠭᠦᠯᠦᠯᠲᠡ ᠶᠤᠮ᠃

ᠠᠵᠤ ᠠᠬᠤᠢ ᠢᠢᠨ ᠨᠢᠭᠡᠴᠡ ᠨᠤᠭᠦᠳ 2030 ᠣᠨ ᠬᠦᠷᠲᠡᠯ᠎ᠡ ᠦᠶ᠎ᠡ ᠱᠠᠲᠤ ᠲᠠᠢ ᠬᠢᠬᠦ ᠠᠵᠢᠯ ᠤᠨ ᠲᠥᠯᠦᠪᠯᠡᠭᠡᠨ ᠦ ᠪᠡᠨ ᠳᠠᠭᠠᠭᠤ ᠲᠥᠰᠦᠪ ᠬᠥᠷᠦᠩᠭᠡ᠂ ᠦᠷ᠎ᠡ᠂ ᠲᠠᠷᠢᠴᠠ᠂ ᠰᠠᠭᠤᠯᠭᠠᠴᠠ᠂ ᠬᠦᠮᠦᠨ ᠦ ᠨᠥᠭᠡᠴᠡ ᠵᠡᠷᠭᠡ ᠪᠡᠨ ᠪᠦᠷᠢᠳᠦᠭᠦᠯᠦᠨ᠂ ᠲᠧᠭᠨᠢᠭ᠂ ᠲᠧᠭᠨᠣᠯᠣᠭᠢ ᠨᠡᠪᠲᠡᠷᠡᠭᠦᠯᠵᠦ ᠪᠠᠢᠢᠨ᠎ᠠ᠃

21 ᠠᠵᠤ ᠠᠬᠤᠢ ᠢᠢᠨ ᠨᠢᠭᠡᠴᠡ ᠢᠢᠨ 16 ᠨᠢ ᠪᠠᠢᠢᠭᠠᠯᠢ ᠣᠷᠴᠢᠨ ᠤ ᠮᠡᠷᠭᠡᠵᠢᠯ ᠲᠡᠢ 167 ᠬᠦᠮᠦᠨ ᠠᠵᠢᠯᠯᠠᠭᠤᠯᠵᠤ ᠪᠠᠢᠢᠭ᠎ᠠ ᠨᠢ ᠨᠢᠭᠡ ᠨᠢᠭᠡᠴᠡ ᠳᠥ ᠳᠤᠮᠳᠠᠵᠢ ᠪᠠᠷ 10 ᠬᠦᠮᠦᠨ ᠣᠨᠣᠭᠳᠠᠵᠤ ᠪᠠᠢᠢᠨ᠎ᠠ ᠭᠡᠰᠡᠨ ᠦᠭᠡ ᠶᠤᠮ᠃

ᠠᠵᠢᠯ ᠢᠶᠠᠨ ᠣᠨᠣᠪᠴᠢᠲᠠᠢ ᠲᠥᠯᠥᠪᠯᠡᠨ᠂ ᠦᠷ᠎ᠡ ᠳ᠋ᠦᠩ ᠲᠡᠢ ᠬᠡᠷᠡᠭᠵᠢᠭᠦᠯᠬᠦ ᠳᠥ ᠨᠢ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ᠂ ᠰᠠᠢᠢᠨ ᠲᠤᠷᠰᠢᠯᠭ᠎ᠠ ᠨᠡᠪᠲᠡᠷᠡᠭᠦᠯᠬᠦ᠂ ᠮᠡᠳᠡᠭᠡᠯᠡᠯ ᠦᠨ ᠰᠠᠩ ᠡᠭᠦᠰᠭᠡᠬᠦ᠂ ᠮᠡᠷᠭᠡᠵᠢᠯ ᠦᠨ ᠵᠥᠪᠯᠡᠬᠦ ᠲᠡᠢ ᠪᠣᠯᠭᠠᠬᠤ ᠵᠡᠷᠭᠡ ᠠᠵᠢᠯ ᠢᠶᠠᠨ ᠤᠯᠠᠮ ᠡᠷᠴᠢᠮᠵᠢᠭᠦᠯᠦᠨ᠎ᠡ᠃

ᠡᠨᠡ ᠳᠠᠭᠠᠭᠤ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊᠂ ᠰᠣᠳᠤᠪᠠᠭᠠᠲᠤᠷ ᠤᠨ ᠵᠠᠬᠢᠷᠤᠮᠵᠢ ᠪᠠᠷ ᠪᠠᠢᠢᠭᠤᠯᠤᠭᠳᠠᠭᠰᠠᠨ ᠠᠵᠢᠯ ᠤᠨ ᠬᠡᠰᠡᠭ 2024 ᠣᠨ ᠤ 05 ᠳ᠋ᠤᠭᠠᠷ ᠰᠠᠷ᠎ᠠ ᠢᠢᠨ 02 ᠍ ᠤ ᠡᠳᠦᠷ ᠡᠴᠡ ᠠᠢᠢᠮᠠᠭ᠂ ᠣᠷᠣᠨ ᠨᠤᠲᠤᠭ ᠲᠤ ᠠᠵᠢᠯᠯᠠᠵᠤ ᠡᠬᠢᠯᠡᠬᠦ ᠶᠤᠮ᠃