Та "Internet explorer"-ийн сүүлийн хувилбар болох "Microsoft edge"-г ашиглана уу

Хэрэв "Microsoft edge"-г татах бол энд дарж татаж авна уу

ᠡᠮᠦᠨᠡᠭ᠋ᠣᠪᠢ ᠠᠢᠢᠮᠠᠭ ᠨᠢᠭᠡ ᠰᠠᠶ᠎ᠠ ᠮᠣᠳᠥ ᠲᠠᠷᠢᠵᠤ ᠤᠷᠭᠤᠭᠤᠯᠤᠭᠠᠳ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠡᠷᠡᠭᠵᠢᠯᠲᠡ ᠲᠡᠢ ᠲᠠᠨᠢᠯᠴᠠᠬᠤ᠂ ᠡᠷᠴᠢᠮᠵᠢᠭᠦᠯᠬᠦ ᠠᠵᠢᠯ ᠤᠨ ᠬᠡᠰᠡᠭ ᠦᠨ ᠭᠡᠰᠢᠭᠦᠳ ᠥᠨᠥᠳᠥᠷ ᠡᠮᠦᠨᠡᠭᠣᠪᠢ ᠠᠢᠢᠮᠠᠭ ᠤᠨ ᠳᠠᠯᠠᠨᠵᠠᠳᠠᠭᠠᠳ ᠰᠤᠮᠤᠨ ᠳᠤ ᠠᠵᠢᠯᠯᠠᠯ᠎ᠠ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠡᠮᠦᠨᠡᠭᠣᠪᠢ ᠠᠢᠢᠮᠠᠭ 70 ᠰᠠᠶ᠎ᠠ ᠮᠣᠳᠣ ᠲᠠᠷᠢᠵᠤ ᠤᠷᠭᠤᠭᠤᠯᠬᠤ ᠠᠮᠠᠯᠠᠯᠲᠠ ᠥᠭ᠍ᠭᠦᠭ᠍ᠰᠡᠨ ᠶᠤᠮ᠃

ᠡᠨᠡ ᠬᠦᠷᠢᠶᠡᠨ ᠳᠥ 《ᠣᠢ ᠢᠢᠨ ᠮᠧᠨᠧᠵᠮᠧᠨ᠋ᠲ ᠦᠨ ᠮᠠᠰᠲ᠋ᠸᠷ ᠲᠥᠯᠥᠪᠯᠡᠭᠡ-2030》 ᠍ ᠢ ᠪᠣᠯᠪᠠᠰᠤᠷᠠᠭᠤᠯᠤᠨ ᠪᠠᠲᠤᠯᠠᠵᠤ᠂ 2022-2024 ᠣᠨ ᠳᠤ ᠪᠡᠯᠡᠳᠬᠡᠯ ᠠᠵᠢᠯ ᠢ ᠡᠬᠢᠯᠡᠭᠦᠯᠵᠦ᠂ 2025-2028 ᠣᠨ ᠳᠤ ᠮᠣᠳᠣ ᠲᠠᠷᠢᠵᠤ ᠤᠷᠭᠤᠭᠤᠯᠬᠤ᠂ ᠣᠢᠢᠵᠢᠭᠤᠯᠬᠤ ᠠᠵᠢᠯ ᠢ ᠡᠷᠴᠢᠮᠵᠢᠭᠦᠯᠦᠨ᠂ 2029-2030 ᠣᠨ ᠳᠤ ᠤᠷᠭᠤᠯᠲᠠ᠂ ᠥᠰᠦᠯᠲᠡ ᠢᠢ ᠳᠡᠮᠵᠢᠬᠦ᠂ ᠠᠷᠠᠴᠢᠯᠠᠬᠤ ᠠᠵᠢᠯ ᠤᠳ ᠢ ᠦᠶ᠎ᠡ ᠱᠠᠲᠤ ᠲᠠᠢ ᠪᠠᠷ ᠬᠡᠷᠡᠭᠵᠢᠭᠦᠯᠬᠦ ᠪᠡᠷ ᠲᠥᠯᠥᠪᠯᠡᠭᠰᠡᠨ ᠪᠠᠢᠢᠨ᠎ᠠ᠃

ᠲᠤᠬᠠᠢᠢᠯᠠᠪᠠᠯ᠄

• ᠲᠥᠪ ᠰᠠᠭᠤᠷᠢᠨ ᠭᠠᠵᠠᠷ ᠤᠨ ᠨᠣᠭᠣᠭᠠᠨ ᠪᠠᠢᠢᠭᠤᠯᠤᠮᠵᠢ᠂ ᠴᠡᠴᠡᠷᠯᠢᠭ ᠲᠥ ᠬᠦᠷᠢᠶᠡᠯᠡᠩ ᠪᠠᠢᠢᠭᠤᠯᠬᠤ᠂

• ᠠᠷᠴᠠ ᠪᠣᠭᠳᠠ ᠢᠢᠨ ᠥᠪᠥᠷ ᠬᠣᠭᠣᠯᠠᠢ ᠢᠢᠨ ᠰᠠᠯᠬᠢ ᠢᠢ ᠰᠠᠭᠠᠷᠠᠭᠤᠯᠬᠤ ᠵᠣᠷᠢᠯᠭ᠎ᠠ ᠪᠠᠷ ᠳᠠᠯᠠᠨᠵᠠᠳᠠᠭᠠᠳ᠂ ᠬᠠᠩᠬᠣᠩ᠋ᠭᠣᠷ᠂ ᠪᠤᠯᠠᠭᠠᠨ ᠰᠤᠮᠤ ᠢᠢᠨ ᠨᠤᠲᠤᠭ ᠲᠤ ᠲᠤᠰ ᠪᠦᠷᠢ ᠨᠢ 50 ᠭᠠ ᠲᠠᠯᠠᠪᠠᠢ ᠪᠦᠬᠦᠢ 100 ᠰᠢᠷᠬᠡᠭ᠌ ᠣᠢ ᠢᠢᠨ ᠬᠠᠮᠠᠭᠠᠯᠠᠯᠲᠠ ᠢᠢᠨ ᠵᠤᠷᠪᠤᠰ ᠪᠠᠢᠢᠭᠤᠯᠬᠤ᠂

• ᠡᠮᠦᠨᠡᠭᠣᠪᠢ ᠠᠢᠢᠮᠠᠭ ᠤᠨ ᠵᠠᠭ ᠤᠨ ᠣᠢ ᠢᠢᠨ ᠰᠠᠩ ᠢ ᠲᠡᠯᠡᠬᠦ ᠵᠣᠷᠢᠯᠭ᠎ᠠ ᠪᠠᠷ 240 ᠮᠢᠩ᠋ᠭᠠᠨ ᠭᠠ ᠲᠠᠯᠠᠪᠠᠢ ᠳᠤ ᠪᠣᠷᠲᠣᠭ᠋ ᠠ ᠲᠠᠢ ᠵᠠᠭ ᠢᠶᠠᠷ ᠣᠢᠢᠵᠢᠭᠤᠯᠬᠤ᠂ 700 ᠮᠢᠩ᠋ᠭᠠᠨ ᠭᠠ ᠲᠠᠯᠠᠪᠠᠢ ᠳᠤ ᠵᠠᠭ ᠤᠨ ᠣᠢ ᠢᠢᠨ ᠪᠠᠢᠢᠭᠠᠯᠢ ᠢᠢᠨ ᠤᠷᠭᠤᠯᠲᠠ ᠢᠢ ᠳᠡᠮᠵᠢᠬᠦ᠂

• ᠣᠩ᠋ᠭᠢ ᠭᠣᠣᠯ᠂ ᠤᠯᠠᠭᠠᠨ ᠨᠠᠭᠤᠷ ᠢ ᠲᠦᠰᠢᠭᠯᠡᠨ 35 ᠮᠢᠩ᠋ᠭᠠᠨ ᠭᠠ ᠲᠠᠯᠠᠪᠠᠢ ᠳᠤ ᠲᠡᠵᠢᠭᠡᠯ ᠦᠨ ᠤᠷᠭᠤᠮᠠᠯ᠂ ᠣᠢ ᠬᠣᠣᠰᠯᠠᠭᠰᠠᠨ ᠠᠭᠷᠣᠫᠠᠷᠻ ᠢ ᠪᠠᠢᠢᠭᠤᠯᠬᠤ ᠵᠡᠷᠭᠡ ᠳᠥᠷᠪᠡᠨ ᠴᠢᠭᠯᠡᠯ ᠳᠥ ᠠᠵᠢᠯᠯᠠᠵᠤ ᠪᠠᠢᠢᠭ᠎ᠠ ᠢᠢ ᠲᠠᠨᠢᠯᠴᠠᠭᠤᠯᠤᠯ᠎ᠠ᠃

ᠲᠡᠭᠦᠨᠴᠢᠯᠡᠨ 《ᠮᠣᠳᠣ ᠲᠠᠷᠢᠵᠤ ᠤᠷᠭᠤᠭᠤᠯᠤᠭᠰᠠᠨ ᠢᠷᠭᠡᠨ᠂ ᠠᠵᠤ ᠠᠬᠤᠢ ᠢᠢᠨ ᠨᠢᠭᠡᠴᠡ᠂ ᠪᠠᠢᠢᠭᠤᠯᠤᠯᠭ᠎ᠠ ᠳᠤ ᠤᠷᠮᠠᠰᠢᠭᠤᠯᠤᠯ ᠣᠯᠭᠣᠬᠤ ᠵᠢᠷᠤᠮ》 ᠍ ᠪᠠᠷ ᠮᠥᠷᠳᠡᠵᠦ ᠪᠠᠢᠢᠭᠰᠠᠨ ᠮᠥᠩ᠋ᠭᠥᠨ ᠳ᠋ᠦᠩ᠋ ᠢ ᠨᠡᠮᠡᠭᠳᠡᠭᠦᠯᠦᠨ ᠪᠠᠲᠤᠯᠠᠵᠠᠢ᠃ ᠢᠩ᠋ᠭᠢᠭᠰᠡᠨ ᠢᠶᠡᠷ ᠡᠮᠦᠨᠡᠭᠣᠪᠢ ᠠᠢᠢᠮᠠᠭ ᠲᠤ ᠢᠷᠭᠡᠨ ᠶᠢᠰᠦᠨ ᠮᠣᠳᠣ᠂ ᠠᠵᠤ ᠠᠬᠤᠢ ᠢᠢᠨ ᠨᠢᠭᠡᠴᠡ 90 ᠍ ᠡᠴᠡ ᠳᠡᠭᠡᠭ᠍ᠰᠢ ᠮᠣᠳᠣ ᠲᠠᠷᠢᠵᠤ ᠤᠷᠭᠤᠭᠤᠯᠪᠠᠯ ᠭᠤᠷᠪᠠᠨ ᠵᠢᠯ ᠳᠥ ᠨᠢᠭᠡ ᠮᠣᠳᠣᠨ ᠳᠤ 13.500 ᠲᠥᠭᠥᠷᠢᠭ᠌ ᠦᠨ ᠤᠰᠤᠯᠠᠭ᠎ᠠ᠂ ᠠᠷᠠᠴᠢᠯᠠᠭᠠᠨ ᠤ ᠤᠷᠮᠠᠰᠢᠭᠤᠯᠤᠯ ᠢ ᠣᠯᠭᠤᠵᠤ ᠪᠠᠢᠢᠨ᠎ᠠ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠲᠠᠷᠢᠭᠰᠠᠨ ᠮᠣᠳᠣᠨ ᠳᠤ ᠣᠯᠭᠤᠬᠤ ᠤᠷᠮᠠᠰᠢᠭᠤᠯᠤᠯ ᠢ ᠨᠡᠮᠡᠭᠳᠡᠭᠦᠯᠦᠭᠰᠡᠨ ᠢᠶᠡᠷ ᠮᠣᠳᠣ ᠲᠠᠷᠢᠬᠤ ᠠᠵᠢᠯ ᠡᠷᠴᠢᠮᠵᠢᠵᠦ᠂ ᠥᠩ᠋ᠭᠡᠷᠡᠭᠰᠡᠨ ᠣᠨ ᠳᠤ ᠨᠡᠢᠢᠲᠡ 73 ᠮᠢᠩ᠋ᠭᠠᠨ ᠮᠣᠳᠣᠨ ᠳᠤ 160 ᠭᠠᠷᠤᠢ ᠰᠠᠶ᠎ᠠ ᠲᠥᠭᠦᠷᠢᠭ᠌ ᠦᠨ ᠤᠷᠮᠠᠰᠢᠭᠤᠯᠤᠯ ᠣᠯᠭᠤᠭᠰᠠᠨ ᠭᠡᠳᠡᠭ ᠢ ᠡᠮᠦᠨᠡᠭᠣᠪᠢ ᠠᠢᠢᠮᠠᠭ ᠤᠨ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠭᠠᠵᠠᠷ ᠤᠨ ᠳᠠᠷᠤᠭ᠎ᠠ ᠬ᠂ ᠣᠳᠬᠠᠨᠮᠥ᠋ᠩᠬᠡ ᠡᠨᠡ ᠦᠶ᠎ᠡ ᠪᠡᠷ ᠣᠨᠴᠠᠯᠠᠵᠤ ᠪᠠᠢᠢᠪᠠ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠬᠡᠷᠡᠭᠵᠢᠵᠦ ᠡᠬᠢᠯᠡᠭᠰᠡᠨ ᠡᠴᠡ ᠬᠣᠢᠢᠰᠢ ᠡᠮᠦᠨᠡᠭᠣᠪᠢ ᠠᠢᠢᠮᠠᠭ 2021 ᠣᠨ ᠳᠤ 115 ᠮᠢᠩ᠋ᠭᠠᠨ ᠮᠣᠳᠣ᠂ 2022 ᠣᠨ ᠳᠤ 343 ᠮᠢᠩ᠋ᠭᠠᠨ ᠮᠣᠳᠣ᠂ 2023 ᠣᠨ ᠳᠤ 546 ᠮᠢᠩ᠋ᠭ᠎ᠠ ᠪᠤᠶᠤ ᠨᠡᠢᠢᠲᠡ ᠨᠢᠭᠡ ᠰᠠᠶ᠎ᠠ ᠣᠷᠴᠢᠮ ᠮᠣᠳᠣ ᠲᠠᠷᠢᠭᠠᠳ ᠪᠠᠢᠢᠨ᠎ᠠ᠃

ᠡᠮᠦᠨᠡᠭᠣᠪᠢ ᠠᠢᠢᠮᠠᠭ ᠲᠤ ᠲᠠᠷᠢᠴᠠ᠂ ᠰᠠᠭᠤᠯᠭᠠᠴᠠ ᠢᠢᠨ ᠨᠥᠭᠡᠴᠡ ᠢᠢ ᠪᠦᠷᠢᠳᠦᠭᠦᠯᠬᠦ ᠳᠥ ᠠᠩᠬᠠᠷᠤᠯ ᠬᠠᠨᠳᠤᠭᠤᠯᠵᠤ᠂ ᠰᠤᠮᠤ ᠳᠤᠮᠳᠠ ᠢᠢᠨ ᠣᠢ ᠢᠢᠨ ᠠᠩ᠋ᠭᠢ ᠢᠢ 2022 ᠣᠨ ᠳᠤ ᠰᠡᠪᠡᠷᠡᠢ ᠰᠤᠮᠤᠨ ᠳᠤ᠂ 2023 ᠣᠨ ᠳᠤ ᠴᠣᠭᠲᠤ-ᠣᠪᠣᠭ᠎ᠠ ᠰᠤᠮᠤᠨ ᠳᠤ ᠰᠢᠨ᠎ᠡ ᠪᠡᠷ ᠪᠠᠢᠢᠭᠤᠯᠤᠭᠰᠠᠨ ᠪᠠᠢᠢᠨ᠎ᠠ᠃

ᠲᠤᠰ ᠠᠢᠢᠮᠠᠭ ᠲᠤ 16 ᠮᠣᠳᠣ ᠦᠷᠡᠵᠢᠭᠦᠯᠭᠡ ᠢᠢᠨ ᠭᠠᠵᠠᠷ ᠦᠢᠯᠡ ᠠᠵᠢᠯᠯᠠᠭ᠎ᠠ ᠶᠠᠪᠤᠭᠤᠯᠵᠤ᠂ 2023 ᠣᠨ ᠳᠤ 2.9 ᠰᠠᠶ᠎ᠠ ᠲᠠᠷᠢᠴᠠ᠂ ᠰᠠᠭᠤᠯᠭᠠᠴᠠ ᠢᠢᠨ ᠨᠥᠭᠡᠴᠡ ᠢᠢ ᠪᠦᠷᠢᠳᠦᠭᠦᠯᠵᠡᠢ᠃

ᠴᠢᠨᠠᠭᠰᠢᠳᠠ ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠲᠠᠯᠪᠢᠭᠰᠠᠨ ᠵᠣᠷᠢᠯᠲᠠ ᠪᠠᠨ ᠬᠡᠷᠡᠭᠵᠢᠭᠦᠯᠬᠦ ᠳᠥ ᠭᠣᠪᠢ ᠢᠢᠨ ᠪᠦᠰᠡ ᠢᠢᠨ ᠤᠰᠤᠨ ᠤ ᠨᠥᠭᠡᠴᠡ᠂ ᠠᠵᠢᠯᠯᠠᠬᠤ ᠬᠦᠴᠦᠨ ᠦ ᠠᠰᠠᠭᠤᠳᠠᠯ ᠲᠤᠯᠭᠠᠮᠳᠠᠵᠤ ᠪᠠᠢᠢᠭ᠎ᠠ ᠢᠢ ᠮᠡᠷᠭᠡᠵᠢᠯᠲᠡᠨ ᠨᠤᠭᠦᠳ ᠡᠨᠡ ᠦᠶ᠎ᠡ ᠪᠡᠷ ᠬᠡᠯᠡᠵᠦ ᠪᠠᠢᠢᠪᠠ᠃