Та "Internet explorer"-ийн сүүлийн хувилбар болох "Microsoft edge"-г ашиглана уу

Хэрэв "Microsoft edge"-г татах бол энд дарж татаж авна уу

《ᠲᠡᠷᠪᠤᠮ ᠮᠣᠳᠥ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ 《ᠡᠨᠧᠷᠵᠢ ᠷᠧᠰᠥ᠋ᠷᠰ》ᠬᠢ᠊᠂ ᠬᠠ᠊᠂ ᠻᠤᠮᠫᠠᠨᠢ 150 ᠮᠢᠩᠭᠠᠨ ᠮᠣᠳᠥ ᠲᠠᠷᠢᠭᠠᠳ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ  ‍ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠡᠷᠡᠭᠵᠢᠯᠲᠡ ᠲᠡᠢ ᠲᠠᠨᠢᠯᠴᠠᠬᠤ᠂ ᠡᠷᠴᠢᠮᠵᠢᠭᠦᠯᠬᠦ ᠵᠣᠷᠢᠯᠭ᠎ᠠ ᠪᠠᠷ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠢᠢᠨ ᠵᠠᠬᠢᠷᠤᠮᠵᠢ ᠪᠠᠷ ᠪᠠᠢᠢᠭᠤᠯᠤᠭᠳᠠᠭᠰᠠᠨ ᠠᠵᠢᠯ ᠤᠨ ᠬᠡᠰᠡᠭ ᠡᠮᠦᠨᠡᠭᠣᠪᠢ ᠠᠢᠢᠮᠠᠭ ᠤᠨ ᠴᠣᠭᠲᠤᠴᠡᠴᠡᠢ ᠰᠤᠮᠤᠨ ᠳᠤ ᠪᠠᠢᠢᠷᠢᠯᠠᠬᠤ 《ᠡᠨᠧᠷᠵᠢ ᠷᠧᠰᠥ᠋ᠷᠰ》ᠬᠢ᠊᠂ ᠬᠠ᠊᠂ ᠻᠤᠮᠫᠠᠨᠢ᠍ ᠳᠤ ᠠᠵᠢᠯᠯᠠᠯ᠎ᠠ᠃

《ᠡᠨᠧᠷᠵᠢ ᠷᠧᠰᠥ᠋ᠷᠰ》ᠬᠢ᠊᠂ ᠬᠠ᠊᠂ ᠻᠤᠮᠫᠠᠨᠢ ᠨᠢ 《ᠲᠡᠷᠪᠤᠮ ᠮᠣᠳᠣ》ᠦᠨᠳᠦᠰᠦᠨ ᠦ ᠬᠥᠳᠡᠯᠭᠡᠭᠡᠨ ᠢ ᠳᠡᠮᠵᠢᠨ 40 ᠰᠠᠶ᠎ᠠ ᠮᠣᠳᠣ ᠲᠠᠷᠢᠵᠤ᠂ ᠤᠷᠭᠤᠭᠤᠯᠬᠤ ᠠᠮᠠᠯᠠᠯᠲᠠ ᠥᠭ᠍ᠭᠦᠭ᠍ᠰᠡᠨ ᠶᠤᠮ᠃

ᠡᠨᠡ ᠬᠦᠷᠢᠶᠡᠨ ᠳᠥ 《ᠮᠣᠩ᠋ᠭᠣᠯ ᠤᠨ ᠣᠢ ᠢᠢᠨ ᠰᠠᠯᠪᠤᠷᠢ ᠢᠢᠨ ᠮᠡᠷᠭᠡᠵᠢᠯ ᠦᠨ ᠬᠣᠯᠪᠣᠭᠠᠳ ᠤᠨ ᠨᠢᠭᠡᠳᠦᠯ》 ᠲᠥᠷᠥ ᠢᠢᠨ ᠪᠤᠰᠤ ᠪᠠᠢᠢᠭᠤᠯᠤᠯᠭ᠎ᠠ ᠲᠠᠢ ᠬᠠᠮᠲᠤᠷᠠᠨ ᠤᠷᠢᠳᠴᠢᠯᠠᠭᠰᠠᠨ ᠲᠧᠭᠨᠢᠭ᠂ ᠡᠳ᠋ ᠍ ᠦᠨ ᠵᠠᠰᠠᠭ ᠤᠨ ᠦᠨᠳᠦᠰᠦᠯᠡᠯ ᠢ ᠪᠣᠯᠪᠠᠰᠤᠷᠠᠭᠤᠯᠵᠠᠢ᠃ ᠡᠭᠦᠨ ᠳᠥ 36.5 ᠰᠠᠶ᠎ᠠ ᠮᠣᠳᠣ ᠢᠢ ᠣᠢ ᠢᠢᠨ ᠬᠣᠮᠰᠠᠳᠠᠯ᠂ ᠳᠣᠷᠣᠢᠢᠲᠠᠯ ᠢ ᠪᠠᠭᠤᠷᠠᠭᠤᠯᠤᠨ᠂ ᠣᠢ ᠪᠠᠷ ᠪᠦᠷᠬᠦᠭ᠍ᠳᠡᠭᠰᠡᠨ ᠲᠠᠯᠠᠪᠠᠢ ᠢᠢ ᠨᠡᠮᠡᠭᠳᠡᠭᠦᠯᠬᠦ ᠵᠣᠷᠢᠯᠭ᠎ᠠ ᠪᠠᠷ ᠡᠮᠦᠨᠡᠭᠣᠪᠢ᠂ ᠬᠡᠨᠲᠡᠢ ᠠᠢᠢᠮᠠᠭ ᠤᠨ ᠨᠤᠲᠤᠭ᠂ ᠪᠣᠭᠳᠠ ᠬᠠᠨ ᠠᠭᠤᠯᠠ ᠢᠢᠨ ᠪᠥᠰᠡ ᠳᠥ᠂ ᠭᠤᠷᠪᠠᠨ ᠰᠠᠶ᠎ᠠ ᠮᠣᠳᠣ ᠢᠢ ᠴᠥᠯᠵᠢᠯᠲᠡ᠂ ᠭᠠᠵᠠᠷ ᠤᠨ ᠳᠣᠷᠣᠢᠢᠲᠠᠯ᠂ ᠰᠢᠷᠤᠢ ᠢᠢᠨ ᠰᠢᠭᠤᠷᠭᠠᠨ ᠤ ᠡᠬᠢ ᠡᠭᠦᠰᠪᠦᠷᠢ ᠢᠢ ᠪᠠᠭᠤᠷᠠᠭᠤᠯᠬᠤ᠂ ᠡᠯᠡᠰᠦᠨ ᠦ ᠨᠡᠭᠥᠳᠡᠯ ᠢ ᠰᠠᠭᠠᠷᠠᠭᠤᠯᠬᠤ ᠵᠣᠷᠢᠯᠭ᠎ᠠ ᠪᠠᠷ᠂ 0.5 ᠰᠠᠶ᠎ᠠ ᠮᠣᠳᠣ ᠢᠢ ᠰᠠᠭᠤᠷᠢᠨ ᠭᠠᠵᠠᠷ ᠤᠨ ᠡᠻᠣᠯᠣᠭᠢ ᠢᠢᠨ ᠲᠡᠩᠴᠡᠪᠦᠷᠢᠲᠦ ᠪᠠᠢᠢᠳᠠᠯ ᠢ ᠬᠠᠳᠠᠭᠠᠯᠠᠬᠤ᠂ ᠨᠡᠮᠡᠭᠳᠡᠭᠦᠯᠬᠦ᠂ 《ᠬᠣᠲᠠ ᠢᠢᠨ ᠣᠢ》 ᠬᠥᠭ᠍ᠵᠢᠭᠦᠯᠬᠦ ᠵᠣᠷᠢᠯᠭ᠎ᠠ ᠪᠠᠷ ᠲᠠᠷᠢᠬᠤ ᠪᠠᠷ ᠲᠥᠯᠥᠪᠯᠡᠵᠡᠢ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠬᠡᠷᠡᠭᠵᠢᠵᠦ ᠡᠬᠢᠯᠡᠭᠰᠡᠨ ᠡᠴᠡ ᠬᠣᠢᠢᠰᠢ ᠲᠤᠰ ᠻᠣᠮᠫᠠᠨᠢ 150 ᠮᠢᠩ᠋ᠭᠠᠨ ᠮᠣᠳᠣ ᠲᠠᠷᠢᠵᠤ ᠤᠷᠭᠤᠭᠤᠯᠤᠭᠠᠳ ᠪᠠᠢᠢᠨ᠎ᠠ᠃ ᠡᠭᠦᠨ ᠳᠥ᠄

• 2022 ᠣᠨ ᠳᠤ ᠡᠮᠦᠨᠡᠭᠣᠪᠢ ᠠᠢᠢᠮᠠᠭ ᠤᠨ ᠴᠣᠭᠲᠤᠴᠡᠴᠡᠢ ᠰᠤᠮᠤ ᠠᠴᠠ ᠬᠣᠢᠢᠰᠢ 7 ᠻᠢᠯᠣᠮᠧᠲ᠋ᠷ ᠲᠤ ᠪᠠᠢᠢᠭᠤᠯᠵᠤ ᠪᠤᠢ ᠬᠠᠮᠠᠭᠠᠯᠠᠯᠲᠠ ᠢᠢᠨ ᠣᠢ ᠢᠢᠨ ᠵᠤᠷᠪᠤᠰ ᠲᠤ ᠲᠠᠷᠢᠭᠰᠠᠨ 90 ᠮᠢᠩ᠋ᠭᠠᠨ ᠬᠠᠢᠢᠯᠠᠰᠤ᠂

• 2023 ᠣᠨ ᠳᠤ ᠡᠮᠦᠨᠡᠭᠣᠪᠢ ᠠᠢᠢᠮᠠᠭ ᠤᠨ ᠪᠠᠶᠠᠨᠳᠠᠯᠠᠢ ᠰᠤᠮᠤ ᠢᠢᠨ ᠨᠤᠲᠤᠭ ᠲᠤ ᠵᠠᠭ ᠤᠨ ᠣᠢᠢᠵᠢᠭᠤᠯᠤᠯᠲᠠ ᠬᠢᠬᠦ ᠵᠣᠷᠢᠯᠭ᠎ᠠ ᠪᠠᠷ ᠲᠠᠷᠢᠭᠰᠠᠨ 10 ᠮᠢᠩ᠋ᠭᠠᠨ ᠵᠠᠭ᠂

• ᠡᠮᠦᠨᠡᠭᠣᠪᠢ ᠠᠢᠢᠮᠠᠭ ᠤᠨ ᠴᠣᠭᠲᠤᠴᠡᠴᠡᠢ ᠰᠤᠮᠤᠨ ᠳᠤ ᠨᠡᠢᠢᠲᠡ ᠢᠢᠨ ᠨᠣᠭᠣᠭᠠᠨ ᠪᠠᠢᠢᠭᠤᠯᠤᠮᠵᠢ ᠪᠠᠢᠢᠭᠤᠯᠬᠤ ᠵᠣᠷᠢᠯᠭ᠎ᠠ ᠪᠠᠷ ᠲᠠᠷᠢᠭᠰᠠᠨ 30 ᠮᠢᠩ᠋ᠭᠠᠨ ᠬᠠᠢᠢᠯᠠᠰᠤ᠂ ᠤᠯᠢᠶᠠᠰᠤ᠂ ᠵᠢᠭᠳᠡ᠂ ᠰᠤᠬᠠᠢ᠂

• ᠪᠣᠭᠳᠠ ᠬᠠᠨ ᠠᠭᠤᠯᠠ ᠢᠢᠨ ᠬᠦᠷᠬᠢᠷ ᠡ ᠢᠢᠨ ᠠᠮᠠᠨ ᠳᠤ ᠨᠣᠭᠣᠭᠠᠨ ᠪᠠᠢᠢᠭᠤᠯᠤᠮᠵᠢ ᠪᠠᠢᠢᠭᠤᠯᠬᠤ ᠵᠣᠷᠢᠯᠭ᠎ᠠ ᠪᠠᠷ ᠲᠠᠷᠢᠭᠰᠠᠨ 2.517 ᠰᠢᠯᠮᠦᠦᠰᠦᠲᠦ ᠪᠣᠯᠤᠨ ᠨᠠᠪᠴᠢᠲᠤ ᠮᠣᠳᠣ᠂

• ᠬᠡᠨᠲᠡᠢ ᠠᠢᠢᠮᠠᠭ ᠤᠨ ᠴᠢᠨᠳᠠᠭ᠋ ᠠ ᠢᠢᠨ ᠲᠠᠯ᠎ᠠ ᠳᠤ ᠲᠠᠷᠢᠶᠠᠯᠠᠩ ᠤᠨ ᠲᠠᠯᠠᠪᠠᠢ ᠢᠢᠨ ᠬᠠᠮᠠᠭᠠᠯᠠᠯᠲᠠ ᠢᠢᠨ ᠵᠤᠷᠪᠤᠰ ᠲᠤ ᠲᠠᠷᠢᠭᠰᠠᠨ 17 ᠮᠢᠩ᠋ᠭᠠᠨ ᠤᠯᠢᠶᠠᠰᠤ᠂ ᠬᠠᠢᠢᠯᠠᠰᠤ ᠪᠠᠭᠳᠠᠵᠤ ᠪᠠᠢᠢᠭ᠎ᠠ ᠶᠤᠮ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ《ᠡᠨᠧᠷᠵᠢ ᠷᠧᠰᠥ᠋ᠷᠰ》ᠬᠢ᠊᠂ ᠬᠠ᠊᠂ ᠻᠤᠮᠫᠠᠨᠢ ᠨᠢ ᠴᠥᠯᠵᠢᠯᠲᠡ᠂ ᠰᠢᠷ᠎ᠠ ᠰᠢᠷᠤᠢ ᠢᠢᠨ ᠰᠢᠭᠤᠷᠭᠠᠨ ᠤ ᠰᠥᠷᠭᠦ ᠨᠥᠯᠥᠭᠡᠯᠡᠯ ᠢ ᠪᠠᠭᠤᠷᠠᠭᠤᠯᠬᠤ ᠳᠤ ᠢᠷᠭᠡᠳ ᠦᠨ ᠣᠷᠣᠯᠴᠠᠭ᠎ᠠ ᠢᠢ ᠨᠡᠮᠡᠭᠳᠡᠭᠦᠯᠬᠦ ᠵᠣᠷᠢᠯᠭ᠎ᠠ ᠪᠠᠷ ᠴᠣᠭᠲᠤᠴᠡᠴᠡᠢ ᠰᠤᠮᠤ ᠢᠢᠨ ᠠᠢᠢᠯ ᠡᠷᠦᠬᠡ ᠪᠦᠷᠢ ᠬᠠᠰᠢᠶᠠᠨ ᠳᠠᠭᠠᠨ ᠲᠤᠰ ᠪᠦᠷᠢ 10 ᠮᠣᠳᠣ ᠲᠠᠷᠢᠵᠤ ᠤᠷᠭᠤᠭᠤᠯᠬᠤ ᠵᠣᠷᠢᠯᠲᠠ ᠪᠦᠬᠦᠢ 《ᠮᠣᠳᠣ ᠲᠠᠢ ᠬᠠᠰᠢᠶ᠎ᠠ》 ᠲᠥᠰᠥᠯ ᠢ ᠰᠠᠨᠠᠭᠠᠴᠢᠯᠠᠭᠰᠠᠨ ᠪᠠᠢᠢᠨ᠎ᠠ᠃

ᠥᠨᠥᠳᠥᠷ ᠦᠨ ᠪᠠᠢᠢᠳᠠᠯ ᠢᠶᠠᠷ 384 ᠡᠷᠥᠬᠡ ᠳᠥ 2.500 ᠭᠠᠷᠤᠢ ᠲᠠᠷᠢᠴᠠ᠂ ᠰᠠᠭᠤᠯᠭᠠᠴᠠ ᠢᠢ ᠲᠠᠷᠠᠭᠠᠵᠤ᠂ ᠮᠣᠳᠣ ᠲᠠᠷᠢᠬᠤ᠂ ᠠᠷᠠᠴᠢᠯᠠᠬᠤ ᠠᠷᠭ᠎ᠠ ᠵᠦᠢ ᠢᠢᠨ ᠵᠥᠪᠯᠡᠭᠡ᠂ ᠳᠡᠮᠵᠢᠯᠭᠡ ᠦᠵᠡᠭᠦᠯᠦᠭᠰᠡᠨ ᠲᠠᠯ᠎ᠠ ᠪᠠᠷ ᠲᠠᠨᠢᠯᠴᠠᠭᠤᠯᠤᠯ᠎ᠠ᠃

ᠬᠠᠰᠢᠶᠠᠨ ᠳᠠᠭᠠᠨ ᠮᠣᠳᠣ ᠲᠠᠷᠢᠭᠰᠠᠨ ᠢᠶᠠᠷ ᠠᠮᠢᠳᠤᠷᠠᠬᠤ ᠣᠷᠴᠢᠨ᠂ ᠠᠭᠠᠷ ᠤᠨ ᠴᠢᠨᠠᠷ ᠰᠠᠢᠢᠵᠢᠷᠠᠬᠤ ᠠᠴᠠ ᠭᠠᠳᠠᠨ᠎ᠠ ᠵᠢᠮᠢᠰ᠂ ᠵᠢᠮᠢᠰᠬᠡᠨ᠌ ᠡ ᠢᠢᠨ ᠮᠣᠳᠣ ᠲᠠᠷᠢᠵᠤ ᠣᠷᠣᠯᠭ᠎ᠠ ᠢᠢᠨ ᠡᠬᠢ ᠡᠭᠦᠰᠪᠦᠷᠢ ᠪᠡᠨ ᠨᠡᠮᠡᠭᠳᠡᠭᠦᠯᠬᠦ ᠪᠣᠯᠤᠮᠵᠢ ᠪᠦᠷᠢᠳᠦᠭᠰᠡᠨ ᠢ ᠴᠣᠭᠲᠤᠴᠡᠴᠡᠢ ᠰᠤᠮᠤ ᠢᠢᠨ ᠢᠷᠭᠡᠨ ᠪ᠊᠂ ᠪᠠᠶᠠᠨᠮᠥ᠋ᠩᠬᠡ ᠡᠨᠡ ᠦᠶ᠎ᠡ ᠪᠡᠷ ᠬᠡᠯᠡᠪᠡ᠃

ᠠᠵᠢᠯ ᠤᠨ ᠬᠡᠰᠡᠭ ᠦᠨ ᠭᠡᠰᠢᠭᠦᠳ ᠮᠥᠨ ᠡᠳᠦᠷ 《ᠡᠨᠧᠷᠵᠢ ᠷᠧᠰᠥ᠋ᠷᠰ》ᠬᠢ᠊᠂ ᠬᠠ᠊᠂ ᠻᠤᠮᠫᠠᠨᠢ ᠍ ᠦᠨ ᠪᠠᠢᠢᠭᠤᠯᠤᠭᠰᠠᠨ ᠣᠢ ᠢᠢᠨ ᠵᠤᠷᠪᠤᠰ ᠲᠤ ᠠᠵᠢᠯᠯᠠᠵᠤ᠂ ᠲᠤᠰ ᠲᠠᠯᠠᠪᠠᠢ ᠳᠤ ᠣᠢ᠂ ᠭᠠᠵᠠᠷ ᠲᠠᠷᠢᠶᠠᠯᠠᠩ ᠬᠣᠣᠰᠯᠠᠭᠰᠠᠨ ᠦᠢᠯᠡ ᠠᠵᠢᠯᠯᠠᠭ᠎ᠠ ᠶᠠᠪᠤᠭᠤᠯᠵᠤ ᠪᠤᠢ 《ᠰᠥᠩ ᠳᠦᠭᠦᠷᠡᠩ》 ᠬᠣᠷᠰᠢᠶᠠᠨ ᠤ ᠲᠥᠯᠥᠭᠡᠯᠡᠯ ᠲᠡᠢ ᠠᠭᠤᠯᠵᠠᠪᠠ᠃

ᠲᠤᠰ ᠣᠢ ᠢᠢᠨ ᠵᠤᠷᠪᠤᠰ ᠤᠨ ᠤᠰᠤᠯᠠᠭ᠎ᠠ᠂ ᠡᠷᠴᠢᠮ ᠬᠦᠴᠦᠨ ᠦ ᠬᠠᠩ᠋ᠭᠠᠮᠵᠢ ᠢᠢ ᠻᠣᠮᠫᠠᠨᠢ ᠠᠴᠠ ᠪᠦᠷᠢᠳᠦᠭᠦᠯᠦᠨ ᠴᠣᠭᠲᠤᠴᠡᠴᠡᠢ ᠰᠤᠮᠤ ᠢᠢᠨ ᠠᠢᠢᠯ ᠡᠷᠦᠬᠡ ᠨᠤᠭᠦᠳ ᠥᠪᠡᠷᠰᠡᠳ ᠦᠨ ᠬᠡᠷᠡᠭᠴᠡᠭᠡᠨ ᠦ ᠵᠢᠮᠢᠰ᠂ ᠬᠦᠨᠡᠰᠦᠨ ᠦ ᠨᠣᠭᠣᠭ᠎ᠠ ᠢᠢ ᠲᠠᠷᠢᠶᠠᠯᠠᠬᠤ ᠪᠣᠯᠤᠮᠵᠢ ᠢᠢ ᠪᠤᠢ ᠪᠣᠯᠭᠠᠵᠠᠢ᠃ ᠬᠠᠷᠢᠨ ᠠᠢᠢᠯ ᠡᠷᠦᠬᠡ ᠨᠤᠭᠦᠳ ᠨᠢᠭᠡᠳᠦᠨ ᠬᠣᠷᠰᠢᠶ᠎ᠠ ᠪᠠᠢᠢᠭᠤᠯᠵᠤ᠂ ᠪᠦᠲᠦᠭᠡᠭ᠍ᠳᠡᠬᠦᠨ ᠢᠶᠡᠨ ᠣᠷᠣᠨ ᠨᠤᠲᠤᠭ ᠲᠤ ᠨᠡᠢᠢᠯᠡᠭᠦᠯᠦᠭᠰᠡᠨ ᠢᠶᠡᠷ ᠨᠢᠭᠡ ᠡᠷᠦᠬᠡ ᠵᠢᠯ ᠳᠥ 3-9 ᠰᠠᠶ᠎ᠠ ᠲᠥᠭᠦᠷᠢᠭ᠌ ᠦᠨ ᠣᠷᠣᠯᠭ᠎ᠠ ᠣᠯᠵᠤ ᠪᠠᠢᠢᠨ᠎ᠠ᠃

《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠬᠡᠷᠡᠭᠵᠢᠵᠦ ᠡᠬᠢᠯᠡᠭᠰᠡᠨ ᠢᠶᠡᠷ ᠲᠤᠰ ᠣᠢ ᠢᠢᠨ ᠵᠤᠷᠪᠤᠰ ᠲᠤ ᠮᠣᠳᠣ ᠲᠠᠷᠢᠬᠤ ᠨᠢ ᠨᠡᠮᠡᠭᠳᠡᠵᠦ᠂ ᠮᠣᠳᠣᠨ ᠤ ᠲᠠᠷᠢᠴᠠ᠂ ᠰᠠᠭᠤᠯᠭᠠᠴᠠ ᠢᠢᠨ ᠡᠷᠢᠯᠲᠡ ᠥᠰᠦᠭᠰᠡᠨ ᠭᠡᠳᠡᠭ ᠢ ᠻᠣᠮᠫᠠᠨᠢ ᠢᠢᠨ ᠮᠡᠷᠭᠡᠵᠢᠯᠲᠡᠨ ᠨᠤᠭᠦᠳ ᠡᠨᠡ ᠦᠶ᠎ᠡ ᠪᠡᠷ ᠣᠨᠴᠠᠯᠠᠵᠤ ᠪᠠᠢᠢᠪᠠ᠃

《ᠡᠨᠧᠷᠵᠢ ᠷᠧᠰᠥ᠋ᠷᠰ》ᠬᠢ᠊᠂ ᠬᠠ᠊᠂ ᠻᠤᠮᠫᠠᠨᠢ ᠨᠢ 2024 ᠣᠨ ᠳᠤ ᠪᠣᠭᠳᠠ ᠬᠠᠨ ᠠᠭᠤᠯᠠ ᠢᠢᠨ ᠬᠦᠷᠬᠢᠷ᠎ᠡ ᠢᠢᠨ ᠠᠮᠠᠨ ᠳᠤ ᠣᠢᠢᠵᠢᠭᠤᠯᠤᠯᠲᠠ ᠬᠢᠬᠦ ᠵᠣᠷᠢᠯᠭ᠎ᠠ ᠪᠠᠷ 20 ᠮᠢᠩ᠋ᠭᠠᠨ ᠰᠢᠨᠡᠰᠦ᠂ ᠡᠮᠦᠨᠡᠭᠣᠪᠢ ᠠᠢᠢᠮᠠᠭ ᠤᠨ ᠪᠠᠶᠠᠨᠳᠠᠯᠠᠢ ᠰᠤᠮᠤ ᠢᠢᠨ ᠨᠤᠲᠤᠭ ᠲᠤ 10 ᠮᠢᠩ᠋ᠭᠠᠨ ᠵᠠᠭ ᠮᠣᠳᠣ ᠲᠠᠷᠢᠬᠤ ᠪᠠᠷ ᠲᠥᠯᠥᠪᠯᠡᠵᠦ ᠪᠠᠢᠢᠨ᠎ᠠ᠃

ᠲᠤᠰ ᠻᠣᠮᠫᠠᠨᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠮᠣᠩ᠋ᠭᠣᠯ ᠤᠯᠤᠰ ᠤᠨ ᠤᠯᠠᠭᠠᠨ ᠨᠣᠮ ᠳᠤ ᠣᠷᠣᠭᠰᠠᠨ ᠨᠡᠩ ᠬᠣᠪᠣᠷ ᠲᠣᠣᠷᠠᠢ ᠮᠣᠳᠣ ᠢᠢ ᠦᠷ᠎ᠡ ᠪᠡᠷ ᠲᠠᠷᠢᠵᠤ᠂ ᠲᠣᠣᠷᠠᠢ ᠢᠢᠨ ᠲᠥᠭᠡᠯ ᠪᠠᠢᠢᠭᠤᠯᠬᠤ ᠠᠵᠢᠯ ᠢ ᠬᠡᠷᠡᠭᠵᠢᠭᠦᠯᠵᠦ ᠪᠤᠢ ᠪᠠᠷ ᠢᠶᠠᠨ ᠣᠨᠴᠠᠯᠢᠭ ᠲᠠᠢ᠃

ᠴᠢᠨᠠᠭᠰᠢᠳᠠ ᠭᠣᠪᠢ ᠢᠢᠨ ᠮᠣᠳᠣ ᠰᠠᠭᠤᠯᠭᠠᠴᠠ ᠢᠢᠨ ᠨᠥᠭᠡᠴᠡ ᠢᠢ ᠪᠦᠷᠢᠳᠦᠭᠦᠯᠬᠦ᠂ ᠨᠥᠭᠡᠴᠡ ᠢᠢᠨ ᠪᠡᠯᠡᠨ ᠪᠠᠢᠢᠳᠠᠯ ᠢ ᠬᠠᠩ᠋ᠭᠠᠬᠤ ᠵᠣᠷᠢᠯᠭ᠎ᠠ ᠪᠠᠷ ᠡᠮᠦᠨᠡᠭᠣᠪᠢ ᠠᠢᠢᠮᠠᠭ ᠤᠨ ᠴᠣᠭᠲᠤᠴᠡᠴᠡᠢ ᠰᠤᠮᠤᠨ ᠳᠤ ᠪᠠᠢᠢᠷᠢᠯᠠᠬᠤ ᠻᠣᠮᠫᠠᠨᠢ ᠢᠢᠨ ᠮᠣᠳᠣ ᠦᠷᠡᠵᠢᠭᠦᠯᠭᠡ ᠢᠢᠨ ᠲᠠᠯᠠᠪᠠᠢ ᠢᠢᠨ ᠦᠢᠯᠡ ᠠᠵᠢᠯᠯᠠᠭ᠎ᠠ ᠢᠢ ᠥᠷᠭᠡᠵᠢᠭᠦᠯᠵᠦ᠂ ᠵᠢᠯ ᠳᠥ ᠭᠠᠷᠬᠤ ᠮᠣᠳᠣᠨ ᠤ ᠰᠠᠭᠤᠯᠭᠠᠴᠠ ᠤ ᠲᠣᠭ᠎ᠠ ᠢᠢ 50 ᠮᠢᠩ᠋ᠭ᠎ᠠ ᠳᠤ ᠬᠦᠷᠭᠡᠬᠦ ᠪᠡᠷ ᠪᠡᠯᠡᠳᠬᠡᠯ ᠠᠵᠢᠯ ᠢ ᠬᠠᠩ᠋ᠭᠠᠵᠤ ᠪᠠᠢᠢᠨ᠎ᠠ᠃