Та "Internet explorer"-ийн сүүлийн хувилбар болох "Microsoft edge"-г ашиглана уу

Хэрэв "Microsoft edge"-г татах бол энд дарж татаж авна уу

ᠮᠣᠷᠢᠨ ᠬᠤᠭᠤᠷ ᠢᠶᠠᠨ ᠲᠦᠭᠡᠭᠡᠨ ᠳᠡᠯᠭᠡᠷᠡᠭᠦᠯᠵᠦ᠂ ᠰᠤᠷᠲᠠᠯᠴᠢᠯᠠᠨ ᠲᠠᠨᠢᠭᠤᠯᠵᠤ᠂ ᠵᠢᠭᠠᠵᠤ ᠰᠤᠷᠭᠠᠬᠤ ᠢᠢ ᠪᠦᠬᠦ ᠲᠠᠯ᠎ᠠ ᠪᠠᠷ ᠳᠡᠮᠵᠢᠨ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠤᠢ 《ᠮᠣᠷᠢᠨ ᠬᠤᠭᠤᠷ》 ᠦᠨᠳᠦᠰᠦᠨ ᠦ ᠠᠩᠬᠠᠳᠤᠭᠠᠷ ᠴᠢᠭᠤᠯᠭᠠᠨ ᠲᠥᠷᠥ ᠢᠢᠨ ᠣᠷᠳᠣᠨ ᠳᠤ ᠡᠬᠢᠯᠡᠯ᠎ᠡ᠃

ᠴᠢᠭᠤᠯᠭᠠᠨ ᠢᠶᠠᠷ 《ᠰᠤᠶᠤᠯ ᠤᠨ ᠰᠠᠯᠪᠤᠷᠢ ᠢᠢᠨ ᠬᠥᠭ᠍ᠵᠢᠯ ᠦᠨ ᠪᠣᠳᠣᠯᠭ᠎ᠠ᠂ ᠬᠡᠷᠡᠭᠵᠢᠯᠲᠡ》᠂ 《ᠮᠣᠷᠢᠨ ᠬᠤᠭᠤᠷ ᠪᠠ ᠬᠥᠭ᠍ᠵᠢᠮ ᠦᠨ ᠵᠣᠬᠢᠶᠠᠯᠴᠢᠳ ᠤᠨ ᠤᠶᠠᠯᠳᠤᠭ᠎ᠠ ᠬᠣᠯᠪᠣᠭ᠎ᠠ》᠂ 《ᠮᠣᠷᠢᠨ ᠬᠤᠭᠤᠷ ᠤᠷᠠᠯᠠᠯ᠂ ᠲᠡᠭᠦᠨ ᠢ ᠲᠣᠭᠣᠷᠢᠭᠰᠠᠨ ᠠᠰᠠᠭᠤᠳᠠᠯ ᠤᠳ》᠂ 《ᠮᠣᠷᠢᠨ ᠬᠤᠭᠤᠷ-ᠥᠨᠥ ᠢᠢᠨ ᠪᠠᠢᠢᠳᠠᠯ》 ᠰᠡᠳᠦᠪ ᠢᠶᠡᠷ ᠢᠯᠡᠳᠬᠡᠯ ᠰᠣᠨᠣᠰᠴᠤ᠂ ᠬᠡᠯᠡᠯᠴᠡᠬᠦ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠠᠩᠬᠠᠳᠤᠭᠠᠷ ᠴᠢᠭᠤᠯᠭᠠᠨ ᠢ ᠨᠡᠭᠡᠭᠡᠵᠦ ᠦᠭᠡ ᠬᠡᠯᠡᠬᠦ ᠳᠡᠭᠡᠨ᠂ ᠮᠣᠷᠢᠨ ᠬᠤᠭᠤᠷ ᠢᠶᠠᠨ ᠬᠥᠭ᠍ᠵᠢᠭᠦᠯᠦᠨ ᠳᠡᠯᠭᠡᠷᠡᠭᠦᠯᠬᠦ ᠶᠡᠬᠡ ᠦᠢᠯᠡᠰ ᠢ ᠪᠦᠬᠦ ᠲᠠᠯ᠎ᠠ ᠪᠠᠷ ᠳᠡᠮᠵᠢᠵᠦ᠂ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠯ᠎ᠡ᠃

ᠶᠡᠷᠦᠩᠬᠡᠢᠢᠯᠡᠭᠴᠢ ᠢᠢᠨ ᠬᠡᠯᠡᠭᠰᠡᠨ ᠥᠭᠡ ᠵᠢ ᠪᠥᠷᠢᠨ ᠡᠬᠢ ᠪᠡᠷ ᠨᠢ ᠬᠥᠷᠭᠡᠵᠥ ᠪᠠᠢᠢᠨ᠌ ᠠ᠃

 ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠂ ᠬᠦᠷᠡᠯᠰᠦ᠋ᠬᠡ᠄

《ᠡᠷᠬᠢᠮ ᠬᠦᠨᠳᠦᠳᠥ ᠮᠣᠷᠢᠨ ᠬᠤᠭᠤᠷᠴᠢᠳ ᠠ᠂

ᠡᠷᠬᠢᠮ ᠬᠦᠨᠳᠦᠳᠥ ᠮᠣᠷᠢᠨ ᠬᠤᠭᠤᠷ ᠤᠷᠠᠯᠠᠭᠠᠴᠢ᠂ ᠤᠷᠠᠨ ᠪᠦᠲᠦᠭᠡᠯᠴᠢ᠂ ᠡᠷᠳᠡᠮᠲᠡᠨ ᠰᠤᠳᠤᠯᠤᠭᠠᠴᠢᠳ ᠠ᠂

ᠡᠷᠬᠢᠮ ᠬᠦᠨᠳᠦᠳᠥ ᠦᠨᠳᠦᠰᠦᠨ ᠦ ᠰᠤᠶᠤᠯ ᠢᠶᠠᠨ ᠥᠪᠯᠡᠨ ᠤᠯᠠᠮᠵᠢᠯᠠᠭᠴᠢ᠂ ᠲᠦᠭᠡᠭᠡᠨ ᠳᠡᠯᠭᠡᠷᠡᠭᠦᠯᠦᠭᠴᠢᠳ ᠡ᠃

ᠬᠦᠮᠦᠨ ᠲᠥᠷᠥᠯᠬᠢᠲᠡᠨ ᠦ ᠰᠤᠶᠤᠯ ᠤᠨ ᠪᠡᠶᠡᠲᠦ ᠪᠤᠰᠤ ᠥᠪ᠂ ᠮᠣᠩ᠋ᠭᠣᠯ ᠦᠨᠳᠦᠰᠦᠲᠡᠨ ᠦ ᠪᠠᠬᠠᠷᠬᠠᠯ᠂ ᠮᠣᠩ᠋ᠭᠣᠯᠴᠤᠳ ᠪᠢᠳᠡᠨ ᠦ ᠲᠡᠦᠬᠡᠨ ᠣᠢ ᠰᠠᠨᠠᠮᠵᠢ᠂ ᠣᠶᠤᠨ ᠰᠡᠳᠬᠢᠯ᠂ ᠬᠦᠰᠡᠯ ᠲᠡᠮᠡᠦᠯᠡᠯ᠂ ᠬᠡᠢᠢᠮᠣᠷᠢ ᠵᠣᠯ ᠤᠨ ᠡᠭᠡᠰᠢᠭᠡᠨ ᠰᠤᠳᠤᠷ ᠪᠣᠯᠤᠭᠰᠠᠨ ᠠᠷᠭ᠎ᠠ ᠪᠢᠯᠢᠭ᠌ ᠦᠨ ᠬᠣᠣᠰ ᠴᠢᠪᠬᠠᠳᠠᠰᠤᠲᠤ᠂ ᠠᠶ᠎ᠠ ᠬᠥᠭ᠌ ᠢᠢᠨ ᠢᠷᠠᠭᠤ ᠳᠠᠭᠤᠷᠢᠰᠤᠯᠲᠠ ᠮᠣᠷᠢᠨ ᠬᠤᠭᠤᠷ ᠤᠨ ᠢᠶᠠᠨ ᠬᠥᠭ᠍ᠵᠢᠯ ᠳᠡᠪᠰᠢᠯ᠂ ᠴᠢᠨᠠᠭᠰᠢᠳᠠ ᠢᠢᠨ ᠢᠷᠡᠭᠡᠳᠦᠢ ᠢᠢ ᠬᠡᠯᠡᠯᠴᠡᠬᠦ ᠪᠡᠷ ᠤᠯᠤᠰ ᠣᠷᠣᠨ ᠤ ᠪᠠᠨ ᠥᠨᠴᠥᠭ ᠪᠤᠯᠤᠨ ᠪᠦᠷᠢ ᠡᠴᠡ ᠲᠥᠷᠥ ᠢᠢᠨ ᠢᠶᠡᠨ ᠣᠷᠳᠣᠨ ᠳᠤ ᠬᠤᠷᠠᠨ ᠴᠤᠭᠯᠠᠭᠰᠠᠨ ᠲᠠ ᠪᠦᠬᠦᠨ ᠳᠥ ᠡᠨᠡ ᠪᠡᠯᠭᠡᠲᠦ ᠰᠠᠢᠢᠨ ᠡᠳᠦᠷ ᠦᠨ ᠮᠡᠨᠳᠦ ᠢᠢ ᠡᠷᠭᠦᠨ ᠳᠡᠪᠰᠢᠭᠦᠯᠦᠶ᠎ᠡ᠃

ᠬᠣᠣᠰ ᠴᠢᠪᠬᠠᠳᠠᠰᠤ ᠪᠠᠷ ᠢᠶᠠᠨ ᠬᠣᠷᠸᠠ ᠳᠡᠯᠡᠬᠡᠢ ᠢᠢ ᠤᠶᠠᠷᠠᠭᠠᠵᠤ᠂ ᠬᠥᠮᠥᠨ ᠦ ᠰᠡᠳᠬᠢᠯ ᠢ ᠬᠥᠭ᠍ᠯᠡᠬᠦ ᠤᠪᠠᠳᠢᠰ ᠲᠠᠢ᠂ ᠮᠣᠩ᠋ᠭᠣᠯ ᠦᠨᠳᠦᠰᠦᠨ ᠦ ᠰᠤᠶᠤᠯ ᠤᠷᠠᠯᠢᠭ ᠤᠨ ᠬᠣᠣᠰ ᠦᠭᠡᠢ ᠬᠥᠭ᠍ᠵᠢᠮ ᠦᠨ ᠵᠢᠮᠰᠡᠭ ᠮᠣᠷᠢᠨ ᠬᠤᠭᠤᠷ ᠪᠣᠯ ᠲᠠᠯ᠎ᠠ ᠨᠤᠲᠤᠭ ᠤᠨ ᠮᠣᠩ᠋ᠭᠣᠯ ᠠᠶᠠᠯᠭᠤᠨ ᠤ ᠦᠨᠳᠦᠰᠦ᠂ ᠮᠣᠩ᠋ᠭᠣᠯ ᠬᠥᠭ᠍ᠵᠢᠮ ᠦᠨ ᠬᠠᠭᠠᠨ᠂ ᠮᠣᠩ᠋ᠭᠣᠯᠴᠤᠳ ᠪᠢᠳᠡᠨ ᠦ ᠥᠪ ᠰᠤᠶᠤᠯ᠂ ᠦᠨᠡᠲᠦ ᠵᠦᠢᠯ ᠪᠥᠭᠡᠳ ᠮᠣᠷᠢᠨ ᠬᠤᠭᠤᠷ ᠤᠨ ᠬᠥᠭ᠌ ᠠᠶᠠᠯᠭᠤ ᠮᠣᠩ᠋ᠭᠣᠯᠴᠤᠳ ᠪᠢᠳᠡᠨ ᠦ ᠵᠢᠷᠦᠬᠡ ᠰᠡᠳᠬᠢᠯ ᠳᠥ ᠬᠣᠨᠣᠭᠰᠢᠨ᠂ ᠡᠬᠡ ᠣᠷᠣᠨ ᠤ ᠭᠠᠵᠠᠷ ᠰᠢᠷᠣᠢ᠂ ᠨᠤᠲᠤᠭ ᠤᠰᠤ᠂ ᠥᠪ ᠰᠤᠶᠤᠯ᠂ ᠡᠦᠬᠡ ᠲᠡᠦᠬᠡ᠂ ᠨᠡᠭᠦᠳᠡᠯ ᠦᠨ ᠰᠤᠶᠤᠯ ᠢᠷᠭᠡᠨᠰᠢᠯ ᠦᠨ ᠳᠦᠷᠢ ᠵᠢᠷᠤᠭ ᠢ ᠤᠷᠠᠨ ᠢᠷᠠᠭᠤ ᠪᠠᠭᠤᠯᠭᠠᠵᠤ᠂ ᠪᠠᠭᠠᠲᠤᠷᠯᠢᠭ ᠡᠪᠦᠭᠡ ᠳᠡᠭᠡᠳᠦᠰ ᠦᠨ ᠪᠠᠬᠠᠳᠤᠮ᠎ᠠ ᠭᠠᠪᠢᠶ᠎ᠠ ᠢᠢ ᠮᠣᠩ᠋ᠭᠣᠯ ᠲᠦᠮᠡᠨ ᠦ ᠣᠢ ᠰᠠᠨᠠᠮᠵᠢ ᠳᠤ ᠢᠮᠠᠭᠲᠠ ᠰᠠᠨᠠᠭᠤᠯᠵᠤ ᠪᠠᠢᠢᠳᠠᠭ ᠪᠢᠯᠡ᠃

ᠦᠶ᠎ᠡ ᠢᠢᠨ ᠦᠶ᠎ᠡ ᠳᠥ 《ᠲᠠ ᠮᠣᠩ᠋ᠭᠣᠯ ᠬᠦᠮᠦᠨ ᠰᠢᠦ᠂ ᠲᠠ ᠮᠣᠩ᠋ᠭᠣᠯ ᠦᠨᠳᠦᠰᠦᠲᠡᠨ ᠰᠢᠦ》 ᠬᠡᠮᠡᠨ ᠮᠡᠳᠡᠷᠡᠭᠦᠯᠵᠦ ᠪᠠᠢᠢᠳᠠᠭ ᠮᠣᠷᠢᠨ ᠬᠤᠭᠤᠷ ᠢᠶᠠᠨ ᠠᠶᠠᠯᠭᠤᠯᠠᠨ ᠡᠭᠡᠰᠢᠭᠯᠡᠭᠦᠯᠵᠦ᠂ ᠠᠯᠳᠠᠷᠰᠢᠭᠤᠯᠤᠨ ᠬᠥᠭ᠍ᠵᠢᠭᠦᠯᠵᠦ᠂ ᠦᠷ᠎ᠡ ᠬᠣᠢᠢᠴᠢ ᠳᠠᠭᠠᠨ ᠥᠪᠯᠡᠭᠦᠯᠦᠨ ᠤᠯᠠᠮᠵᠢᠯᠠᠭᠤᠯᠵᠤ᠂ ᠳᠡᠯᠡᠬᠡᠢ ᠳᠠᠬᠢᠨ ᠢᠶᠠᠨ ᠰᠤᠷᠲᠠᠯᠴᠢᠯᠠᠨ ᠲᠠᠨᠢᠭᠤᠯᠵᠤ᠂ ᠲᠦᠭᠡᠭᠡᠨ ᠳᠡᠯᠭᠡᠷᠡᠭᠦᠯᠬᠦ ᠨᠢ ᠮᠣᠩ᠋ᠭᠣᠯᠴᠤᠳ ᠪᠢᠳᠡᠨ ᠦ ᠡᠷᠬᠢᠮ ᠴᠢᠬᠤᠯᠠ ᠡᠭᠦᠷᠭᠡ ᠮᠥᠨ᠃

ᠲᠡᠢᠢᠮᠦ ᠡᠴᠡ ᠰᠡᠭᠦᠯ ᠦᠨ 30 ᠭᠠᠷᠤᠢ ᠵᠢᠯ ᠦᠨ ᠬᠤᠭᠤᠴᠠᠭᠠᠨ ᠳᠤ ᠮᠣᠩ᠋ᠭᠣᠯ ᠲᠥᠷᠥ ᠮᠣᠷᠢᠨ ᠬᠤᠭᠤᠷ ᠤᠨ ᠢᠶᠠᠨ ᠬᠥᠭ᠍ᠵᠢᠯ ᠢ ᠲᠥᠷᠥ ᠢᠢᠨ ᠪᠣᠳᠣᠯᠭ᠎ᠠ ᠢᠢᠨ ᠲᠦᠪᠰᠢᠨ ᠳᠥ ᠣᠨᠴᠠᠭᠠᠢᠢᠯᠠᠨ ᠠᠩᠬᠠᠷᠴᠤ ᠢᠷᠡᠭᠰᠡᠨ᠃

1992 ᠣᠨ ᠳᠤ ᠲᠥᠷᠥ᠂ ᠵᠠᠰᠠᠭ ᠤᠨ ᠪᠣᠳᠣᠯᠭ᠎ᠠ᠂ ᠲᠦᠮᠡᠨ ᠣᠯᠠᠨ ᠤ ᠳᠡᠮᠵᠢᠯᠭᠡ᠂ ᠲᠥᠷᠥ ᠢᠢᠨ ᠲᠡᠷᠢᠭᠦᠨ ᠦ ᠰᠢᠢᠳᠪᠦᠷᠢ ᠪᠡᠷ ᠲᠥᠷᠥ ᠢᠢᠨ ᠬᠠᠨ ᠬᠤᠭᠤᠷ ᠢ ᠪᠦᠲᠦᠭᠡᠨ ᠵᠠᠯᠠᠵᠤ᠂ ᠵᠠᠰᠠᠭ ᠤᠨ ᠭᠠᠵᠠᠷ ᠤᠨ ᠲᠣᠭᠲᠠᠭᠠᠯ ᠢᠶᠠᠷ ᠮᠣᠷᠢᠨ ᠬᠤᠭᠤᠷ ᠤᠨ ᠴᠢᠭᠤᠯᠭ᠎ᠠ ᠢᠢ ᠪᠠᠢᠢᠭᠤᠯᠵᠤ᠂ ᠤᠯᠠᠮ ᠢᠶᠠᠷ 2002 ᠣᠨ ᠳᠤ ᠮᠣᠷᠢᠨ ᠬᠤᠭᠤᠷ ᠢᠶᠠᠨ ᠳᠡᠭᠡᠳᠦᠯᠡᠨ ᠳᠡᠯᠭᠡᠷᠡᠭᠦᠯᠬᠦ ᠶᠡᠷᠦᠩᠬᠡᠢᠢᠯᠡᠭᠴᠢ ᠢᠢᠨ ᠵᠠᠷᠯᠢᠭ ᠭᠠᠷᠴᠤ ᠪᠠᠢᠢᠭᠰᠠᠨ ᠲᠡᠦᠬᠡ ᠲᠡᠢ᠃

ᠮᠥᠨ 2024 ᠣᠨ ᠤ 02 ᠳ᠋ᠤᠭᠠᠷ ᠰᠠᠷ᠎ᠠ ᠢᠢᠨ 01 ᠍ ᠦ ᠡᠳᠦᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠳᠣᠲᠣᠭᠠᠳᠤ᠂ ᠭᠠᠳᠠᠭᠠᠳᠤ ᠢᠢᠨ ᠰᠤᠶᠤᠯ ᠤᠨ ᠪᠠᠢᠢᠭᠤᠯᠤᠯᠭ᠎ᠠ ᠨᠤᠭᠤᠳ ᠮᠣᠷᠢᠨ ᠬᠤᠭᠤᠷ ᠤᠨ ᠰᠤᠷᠭᠠᠯᠲᠠ ᠢᠢᠨ ᠬᠥᠲᠥᠯᠪᠦᠷᠢ ᠬᠡᠷᠡᠭᠵᠢᠭᠦᠯᠬᠦ᠂ ᠮᠣᠷᠢᠨ ᠬᠤᠭᠤᠷ ᠤᠷᠠᠯᠠᠯ᠂ ᠦᠢᠯᠡᠳᠪᠦᠷᠢᠯᠡᠯ ᠢ ᠳᠡᠮᠵᠢᠬᠦ᠂ ᠮᠣᠩ᠋ᠭᠣᠯ ᠠᠢᠢᠯ ᠪᠦᠷᠢ ᠮᠣᠷᠢᠨ ᠬᠤᠭᠤᠷ ᠢᠶᠠᠨ ᠡᠭᠡᠰᠢᠭᠯᠡᠭᠦᠯᠦᠨ᠂ ᠦᠷ᠎ᠡ ᠬᠣᠢᠢᠴᠢ ᠳᠠᠭᠠᠨ ᠥᠪᠯᠡᠭᠦᠯᠦᠨ ᠰᠤᠷᠭᠠᠬᠤ ᠢᠢ ᠤᠷᠢᠶᠠᠯᠠᠭᠰᠠᠨ᠂ ᠣᠯᠠᠨ ᠴᠢᠬᠤᠯᠠ ᠠᠭᠤᠯᠭ᠎ᠠ ᠢᠢ ᠲᠤᠰᠬᠠᠭᠰᠠᠨ 《ᠮᠣᠷᠢᠨ ᠬᠤᠭᠤᠷ ᠢ ᠡᠷᠬᠢᠮᠯᠡᠨ ᠳᠡᠭᠡᠳᠦᠯᠡᠵᠦ᠂ ᠲᠦᠭᠡᠭᠡᠨ ᠳᠡᠯᠭᠡᠷᠡᠭᠦᠯᠬᠦ ᠲᠤᠬᠠᠢ》 ᠵᠠᠷᠯᠢᠭ ᠭᠠᠷᠭᠠᠵᠤ᠂ ᠵᠠᠰᠠᠭ ᠤᠨ ᠭᠠᠵᠠᠷ ᠲᠤ ᠴᠢᠭᠯᠡᠯ ᠥᠭ᠍ᠭᠦᠭ᠍ᠰᠡᠨ᠃

ᠮᠣᠩ᠋ᠭᠣᠯ ᠤᠯᠤᠰ ᠤᠨ ᠵᠠᠰᠠᠭ ᠤᠨ ᠭᠠᠵᠠᠷ ᠠᠴᠠ ᠲᠤᠰ ᠵᠠᠷᠯᠢᠭ ᠤᠨ ᠬᠦᠷᠢᠶᠡᠨ ᠳᠥ ᠬᠣᠯᠪᠣᠭᠳᠠᠬᠤ ᠲᠣᠭᠲᠠᠭᠠᠯ᠂ ᠰᠢᠢᠳᠪᠦᠷᠢ ᠭᠠᠷᠭᠠᠵᠤ᠂ ᠪᠣᠳᠠᠲᠤ ᠠᠵᠢᠯ ᠬᠡᠷᠡᠭ ᠪᠣᠯᠭᠠᠬᠤ ᠪᠠᠷ ᠠᠵᠢᠯᠯᠠᠵᠤ ᠪᠠᠢᠢᠨ᠎ᠠ᠃

ᠲᠡᠭᠡᠪᠡᠯ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠮᠣᠷᠢᠨ ᠬᠤᠭᠤᠷ》 ᠦᠨᠳᠦᠰᠦᠨ ᠦ ᠠᠩᠬᠠᠳᠤᠭᠠᠷ ᠴᠢᠭᠤᠯᠭᠠᠨ ᠵᠣᠬᠢᠶᠠᠨ ᠪᠠᠢᠢᠭᠤᠯᠵᠤ ᠪᠠᠢᠢᠭ᠎ᠠ ᠨᠢ ᠮᠣᠷᠢᠨ ᠬᠤᠭᠤᠷ ᠢᠶᠠᠨ ᠡᠷᠬᠢᠮᠯᠡᠨ ᠳᠡᠭᠡᠳᠦᠯᠡᠵᠦ᠂ ᠲᠦᠭᠡᠭᠡᠨ ᠳᠡᠯᠭᠡᠷᠡᠭᠦᠯᠬᠦ ᠡᠨᠡᠬᠦ ᠦᠢᠯᠡ ᠬᠡᠷᠡᠭ ᠲᠥᠷᠥ᠂ ᠵᠠᠰᠠᠭ ᠤᠨ ᠪᠣᠳᠣᠯᠭ᠎ᠠ᠂ ᠲᠦᠮᠡᠨ ᠣᠯᠠᠨ ᠤ ᠳᠡᠮᠵᠢᠯᠭᠡ ᠲᠡᠢ ᠪᠡᠷ ᠥᠷᠭᠡᠵᠢᠨ ᠲᠡᠯᠡᠵᠦ᠂ ᠲᠣᠳᠣᠷᠬᠠᠢ ᠦᠷ᠎ᠡ ᠋ᠳ᠋ᠦᠩ ᠳᠥ ᠬᠦᠷᠴᠦ ᠪᠠᠢᠢᠭ᠎ᠠ ᠢᠢᠨ ᠪᠠᠰᠠ ᠨᠢᠭᠡᠨ ᠪᠣᠳᠠᠲᠤ ᠢᠯᠡᠷᠡᠯ ᠶᠤᠮ᠃

ᠴᠢᠭᠤᠯᠭᠠᠨ ᠤ ᠪᠡᠯᠡᠳᠬᠡᠯ ᠠᠵᠢᠯ ᠤᠨ ᠬᠦᠷᠢᠶᠡᠨ ᠳᠥ ᠬᠣᠯᠪᠣᠭᠳᠠᠬᠤ ᠶᠠᠮᠤ᠂ ᠲᠥᠷᠥ ᠢᠢᠨ ᠵᠠᠬᠢᠷᠭᠠᠨ ᠤ ᠪᠠᠢᠢᠭᠤᠯᠤᠯᠭ᠎ᠠ ᠨᠤᠭᠤᠳ ᠮᠡᠷᠭᠡᠵᠢᠯ ᠦᠨ ᠬᠣᠯᠪᠣᠭ᠎ᠠ᠂ ᠡᠷᠳᠡᠮᠲᠡᠨ ᠰᠤᠳᠤᠯᠤᠭᠠᠴᠢᠳ ᠲᠠᠢ ᠪᠠᠨ ᠬᠠᠮᠲᠤᠷᠠᠨ ᠴᠢᠭᠯᠡᠯ ᠴᠢᠭᠯᠡᠯ ᠦᠨ ᠢᠶᠡᠨ ᠳᠠᠭᠠᠭᠤ ᠤᠷᠢᠳᠴᠢᠯᠠᠭᠰᠠᠨ ᠬᠡᠯᠡᠯᠴᠡᠭᠦᠯᠭᠡ᠂ ᠡᠷᠳᠡᠮ ᠰᠢᠨᠵᠢᠯᠡᠭᠡᠨ ᠦ ᠬᠤᠷᠠᠯ ᠤᠳ ᠵᠣᠬᠢᠶᠠᠨ ᠪᠠᠢᠢᠭᠤᠯᠤᠭᠰᠠᠨ ᠪᠥᠭᠡᠳ ᠥᠨᠥᠳᠥᠷ ᠦᠨ ᠴᠢᠭᠤᠯᠭᠠᠨ ᠢᠶᠠᠷ ᠰᠠᠨᠠᠯ᠂ ᠵᠥᠪᠯᠡᠮᠵᠢ ᠪᠡᠨ ᠨᠢᠭᠡᠳᠬᠡᠨ ᠲᠠᠨᠢᠯᠴᠠᠭᠤᠯᠬᠤ ᠭᠡᠵᠦ ᠪᠠᠢᠢᠨ᠎ᠠ᠃

ᠠᠩᠬᠠᠳᠤᠭᠠᠷ ᠴᠢᠭᠤᠯᠭᠠᠨ ᠢᠶᠠᠷ ᠮᠣᠷᠢᠨ ᠬᠤᠭᠤᠷ ᠢ ᠲᠦᠭᠡᠭᠡᠨ ᠳᠡᠯᠭᠡᠷᠡᠭᠦᠯᠬᠦ ᠦᠢᠯᠡ ᠬᠡᠷᠡᠭ ᠲᠥ ᠲᠤᠯᠭᠠᠮᠳᠠᠵᠤ ᠪᠤᠢ ᠠᠰᠠᠭᠤᠳᠠᠯ ᠤᠳ ᠪᠣᠯᠬᠤ ᠮᠡᠷᠭᠡᠵᠢᠯ ᠦᠨ ᠪᠣᠯᠪᠠᠰᠤᠨ ᠬᠦᠴᠦᠨ ᠪᠡᠯᠡᠳᠬᠡᠬᠦ᠂ ᠳᠠᠪᠲᠠᠨ ᠰᠤᠷᠭᠠᠬᠤ᠂ ᠮᠠᠲ᠋ᠧᠷᠢᠶᠠᠯᠯᠢᠭ ᠪᠠᠭᠠᠵᠠ ᠢᠢ ᠨᠡᠮᠡᠭᠳᠡᠭᠦᠯᠬᠦ᠂ ᠰᠤᠷᠭᠠᠯᠲᠠ ᠢᠢᠨ ᠬᠥᠲᠥᠯᠪᠦᠷᠢ ᠪᠣᠯᠪᠠᠰᠤᠷᠠᠭᠤᠯᠤᠨ ᠬᠡᠷᠡᠭᠵᠢᠭᠦᠯᠬᠦ᠂ ᠬᠣᠯᠪᠣᠭᠳᠠᠬᠤ ᠲᠥᠰᠥᠪ᠂ ᠰᠠᠩᠬᠦᠵᠢᠯᠲᠡ ᠢᠢ ᠰᠢᠢᠳᠪᠦᠷᠢᠯᠡᠬᠦ ᠵᠡᠷᠭᠡ ᠣᠯᠠᠨ ᠠᠰᠠᠭᠤᠳᠠᠯ ᠢ ᠬᠡᠯᠡᠯᠴᠡᠨ ᠶᠠᠷᠢᠯᠴᠠᠵᠤ᠂ ᠰᠠᠨᠠᠯ ᠵᠥᠪᠯᠡᠮᠵᠢ ᠪᠣᠯᠪᠠᠰᠤᠷᠠᠭᠤᠯᠤᠨ᠂ ᠬᠣᠯᠪᠣᠭᠳᠠᠬᠤ ᠶᠠᠮᠤ ᠨᠤᠭᠤᠳ ᠲᠤ ᠬᠦᠷᠭᠡᠭᠦᠯᠵᠦ᠂ ᠲᠥᠷᠥ ᠢᠢᠨ ᠪᠣᠳᠣᠯᠭ᠎ᠠ᠂ ᠦᠢᠯᠡ ᠠᠵᠢᠯᠯᠠᠭᠠᠨ ᠳᠤ ᠲᠤᠰᠬᠠᠨ ᠠᠵᠢᠯᠯᠠᠬᠤ ᠶᠠᠪᠤᠳᠠᠯ ᠴᠢᠬᠤᠯᠠ ᠪᠠᠢᠢᠨ᠎ᠠ᠃

ᠮᠥᠨ ᠮᠣᠷᠢᠨ ᠬᠤᠭᠤᠷ ᠢᠶᠠᠨ ᠮᠣᠩ᠋ᠭᠣᠯ ᠳᠤ ᠲᠡᠳᠦᠢ ᠦᠭᠡᠢ ᠳᠡᠯᠡᠬᠡᠢ ᠳᠠᠬᠢᠨ ᠢᠶᠠᠨ ᠰᠤᠷᠲᠠᠯᠴᠢᠯᠠᠨ ᠲᠠᠨᠢᠭᠤᠯᠵᠤ᠂ ᠵᠢᠭᠠᠨ ᠰᠤᠷᠭᠠᠬᠤ ᠳᠤ ᠠᠪᠢᠶᠠᠰ ᠪᠢᠯᠢᠭ᠌᠂ ᠬᠦᠴᠦ ᠬᠥᠳᠡᠯᠮᠦᠷᠢ ᠪᠡᠨ ᠵᠣᠷᠢᠭᠤᠯᠤᠨ ᠠᠵᠢᠯᠯᠠᠵᠤ ᠪᠠᠢᠢᠭ᠎ᠠ ᠲᠠ ᠪᠦᠬᠦᠨ ᠬᠠᠮᠲᠤ ᠢᠢᠨ ᠵᠣᠬᠢᠶᠠᠨ ᠪᠠᠢᠢᠭᠤᠯᠤᠯᠲᠠ ᠳᠤ ᠣᠷᠣᠵᠤ᠂ 《ᠮᠣᠷᠢᠨ ᠬᠤᠭᠤᠷ ᠤᠨ ᠨᠢᠭᠡᠳᠦᠭᠰᠡᠨ ᠬᠣᠯᠪᠣᠭ᠎ᠠ》 ᠪᠠᠢᠢᠭᠤᠯᠤᠨ᠂ ᠲᠥᠷᠥ ᠵᠠᠰᠠᠭ᠂ ᠲᠦᠮᠡᠨ ᠣᠯᠠᠨ ᠤ ᠪᠠᠨ ᠳᠡᠮᠵᠢᠯᠭᠡ ᠢᠢ ᠬᠦᠯᠢᠶᠡᠵᠦ᠂ ᠵᠢᠷᠦᠬᠡ ᠰᠡᠳᠬᠢᠯ ᠢᠶᠡᠷ ᠢᠶᠡᠨ ᠬᠠᠮᠲᠤᠷᠠᠨ ᠠᠵᠢᠯᠯᠠᠬᠤ ᠢᠢ ᠤᠷᠢᠶᠠᠯᠠᠵᠤ ᠪᠠᠢᠢᠨ᠎ᠠ᠃

ᠲᠡᠭᠦᠨᠴᠢᠯᠡᠨ ᠮᠠᠨ ᠤ ᠡᠷᠳᠡᠮᠲᠡᠨ ᠰᠤᠳᠤᠯᠤᠭᠠᠴᠢ᠂ ᠪᠠᠭᠰᠢ ᠮᠡᠷᠭᠡᠵᠢᠯᠲᠡᠨ ᠨᠦᠭᠦᠳ ᠮᠣᠷᠢᠨ ᠬᠤᠭᠤᠷ ᠤᠨ ᠢᠶᠠᠨ ᠡᠦᠬᠡ ᠲᠡᠦᠬᠡ᠂ ᠥᠪ ᠰᠤᠶᠤᠯ ᠢ ᠰᠢᠨᠵᠢᠯᠡᠨ ᠰᠤᠳᠤᠯᠵᠤ᠂ ᠰᠤᠳᠤᠯᠭᠠᠨ ᠤ ᠨᠣᠮ ᠪᠦᠲᠦᠭᠡᠯ ᠲᠤᠭᠤᠷᠪᠢᠬᠤ᠂ ᠵᠠᠪᠠᠯ ᠰᠤᠷᠬᠤ ᠠᠶ᠎ᠠ ᠳᠠᠭᠤᠨ ᠤ ᠵᠢᠭ᠌ᠰᠠᠭᠠᠯᠲᠠ ᠪᠦᠬᠦᠢ ᠰᠤᠷᠭᠠᠯᠲᠠ ᠢᠢᠨ ᠬᠥᠲᠥᠯᠪᠦᠷᠢ᠂ ᠰᠤᠷᠬᠤ ᠪᠢᠴᠢᠭ᠌ ᠵᠣᠬᠢᠶᠠᠨ ᠬᠡᠪᠯᠡᠭᠦᠯᠬᠦ ᠵᠡᠷᠭᠡ ᠪᠡᠷ ᠳᠣᠲᠣᠭᠠᠳᠤ ᠳᠠᠭᠠᠨ ᠲᠡᠳᠦᠢ ᠦᠭᠡᠢ ᠣᠯᠠᠨ ᠤᠯᠤᠰ ᠲᠤ ᠮᠣᠷᠢᠨ ᠬᠤᠭᠤᠷ ᠢᠶᠠᠨ ᠲᠦᠭᠡᠭᠡᠨ ᠳᠡᠯᠭᠡᠷᠡᠭᠦᠯᠵᠦ᠂ ᠰᠤᠷᠲᠠᠯᠴᠢᠯᠠᠨ ᠲᠠᠨᠢᠭᠤᠯᠵᠤ᠂ ᠵᠢᠭᠠᠨ ᠰᠤᠷᠭᠠᠬᠤ ᠠᠵᠢᠯ ᠢ ᠤᠯᠠᠮ ᠡᠷᠴᠢᠮᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠴᠢᠨᠠᠭᠰᠢᠳᠠ 《ᠮᠣᠷᠢᠨ ᠬᠤᠭᠤᠷ》 ᠦᠨᠳᠦᠰᠦᠨ ᠦ ᠴᠢᠭᠤᠯᠭᠠᠨ ᠢ ᠳᠥᠷᠪᠡᠨ ᠵᠢᠯ ᠲᠤᠲᠤᠮ ᠵᠣᠬᠢᠶᠠᠨ ᠪᠠᠢᠢᠭᠤᠯᠵᠤ᠂ ᠲᠥᠷᠥ ᠢᠢᠨ ᠪᠣᠯᠤᠨ ᠮᠡᠷᠭᠡᠵᠢᠯ ᠦᠨ ᠪᠠᠢᠢᠭᠤᠯᠤᠯᠭ᠎ᠠ᠂ ᠤᠷᠠᠨ ᠪᠦᠲᠦᠭᠡᠯᠴᠢ᠂ ᠡᠷᠳᠡᠮᠲᠡᠨ ᠰᠤᠳᠤᠯᠤᠭᠠᠴᠢᠳ ᠬᠤᠷᠠᠨ ᠴᠢᠭᠤᠯᠵᠤ᠂ ᠣᠯᠤᠯᠲᠠ ᠠᠮᠵᠢᠯᠲᠠ᠂ ᠠᠯᠳᠠᠭ᠎ᠠ ᠣᠨᠣᠭ᠎ᠠ ᠪᠠᠨ ᠦᠨᠡᠯᠡᠨ ᠳ᠋ᠦᠩᠨᠡᠵᠦ᠂ ᠪᠣᠳᠣᠯᠭ᠎ᠠ᠂ ᠵᠣᠷᠢᠯᠲᠠ ᠪᠠᠨ ᠲᠣᠳᠣᠷᠬᠠᠢᠢᠯᠠᠨ᠂ ᠦᠢᠯᠡ ᠠᠵᠢᠯᠯᠠᠭ᠎ᠠ ᠪᠠᠨ ᠬᠡᠯᠡᠯᠴᠡᠨ ᠲᠥᠯᠥᠪᠯᠡᠵᠦ ᠪᠠᠢᠢᠬᠤ ᠨᠢ ᠵᠦᠢᠲᠡᠢ᠃

ᠮᠥᠨ ᠮᠣᠯᠣᠷ ᠡᠷᠳᠡᠨᠢ ᠢᠢᠨ ᠪᠡᠯᠭᠡᠳᠡᠯᠲᠦ ᠮᠣᠷᠢᠨ ᠬᠤᠭᠤᠷ ᠤᠨ ᠠᠶᠠᠯᠭᠤ ᠠᠢᠢᠯ ᠪᠦᠷᠢ ᠢᠢᠨ ᠬᠣᠢᠢᠮᠣᠷ ᠲᠤ ᠡᠭᠡᠰᠢᠭᠯᠡᠨ ᠬᠥᠭ᠍ᠵᠢᠵᠦ᠂ ᠮᠣᠩ᠋ᠭᠣᠯ ᠥᠪ ᠰᠤᠶᠤᠯ᠂ ᠵᠠᠩ ᠵᠠᠩᠰᠢᠯ ᠦᠶ᠎ᠡ ᠢᠢᠨ ᠦᠶ᠎ᠡ ᠳᠥ ᠲᠦᠭᠡᠨ ᠳᠡᠯᠭᠡᠷᠡᠵᠥ ᠪᠠᠢᠢᠬᠤ ᠡᠭᠦᠳᠡᠨ ᠡᠴᠡ ᠲᠥᠷᠥ ᠢᠢᠨ ᠬᠠᠨ ᠬᠤᠭᠤᠷᠴᠢ ᠪᠠᠢᠢᠳᠠᠭ ᠲᠠᠢ ᠠᠳᠠᠯᠢ ᠮᠣᠩ᠋ᠭᠣᠯ ᠠᠢᠢᠯ ᠪᠦᠷᠢ ᠥᠷᠭᠥᠭᠡ ᠭᠡᠷ ᠦᠨ ᠬᠤᠭᠤᠷᠴᠢ ᠲᠠᠢ ᠪᠣᠯᠬᠤ ᠢᠢ ᠨᠡᠢᠢᠲᠡ ᠠᠷᠠᠳ ᠲᠦᠮᠡᠨ ᠳᠡᠭᠡᠨ ᠤᠷᠢᠶᠠᠯᠠᠵᠤ ᠪᠠᠢᠢᠨ᠎ᠠ᠃

ᠮᠣᠩ᠋ᠭᠣᠯᠴᠤᠳ ᠪᠢᠳᠡ ᠮᠣᠷᠢᠨ ᠬᠤᠭᠤᠷ ᠢᠶᠠᠨ ᠬᠦᠨᠳᠦᠯᠡᠨ ᠳᠡᠭᠡᠳᠦᠯᠡᠵᠦ᠂ ᠡᠷᠬᠢᠮᠯᠡᠨ ᠵᠠᠯᠠᠬᠤ ᠢᠢᠨ ᠵᠡᠷᠭᠡᠴᠡᠭᠡ ᠰᠤᠷᠤᠯᠴᠠᠨ ᠡᠵᠡᠮᠰᠢᠵᠦ᠂ ᠬᠤᠭᠤᠷᠳᠠᠨ ᠡᠭᠡᠰᠢᠭᠯᠡᠭᠦᠯᠵᠦ ᠪᠠᠢᠢᠬᠤ ᠤᠴᠢᠷᠲᠠᠢ᠃

ᠡᠷᠬᠢᠮ ᠬᠦᠨᠳᠦᠳᠥ ᠴᠢᠭᠤᠯᠭᠠᠨ ᠳᠤ ᠣᠷᠣᠯᠴᠠᠭᠴᠢᠳ ᠠ᠂

ᠮᠣᠩ᠋ᠭᠣᠯ ᠲᠥᠷᠥ ᠢᠢᠨ ᠲᠡᠷᠢᠭᠦᠨ ᠬᠦᠮᠦᠨ ᠲᠥᠷᠥᠯᠬᠢᠲᠡᠨ ᠦ ᠰᠤᠶᠤᠯ ᠤᠨ ᠪᠡᠶᠡᠲᠦ ᠪᠤᠰᠤ ᠥᠪ᠂ ᠮᠣᠩ᠋ᠭᠣᠯ ᠦᠨᠳᠦᠰᠦᠲᠡᠨ ᠦ ᠪᠠᠬᠠᠷᠬᠠᠯ ᠪᠣᠯᠤᠭᠰᠠᠨ ᠮᠣᠷᠢᠨ ᠬᠤᠭᠤᠷ ᠢᠶᠠᠨ ᠳᠡᠭᠡᠳᠦᠯᠡᠨ ᠳᠡᠯᠭᠡᠷᠡᠭᠦᠯᠵᠦ᠂ ᠠᠷᠠᠳ ᠲᠦᠮᠡᠨ ᠦ ᠪᠡᠨ ᠦᠨᠳᠦᠰᠦᠨ ᠦ ᠤᠬᠠᠮᠰᠠᠷ᠂ ᠰᠤᠶᠤᠯ ᠰᠡᠳᠬᠢᠯᠭᠡ ᠢᠢ ᠬᠥᠭ᠍ᠵᠢᠭᠦᠯᠦᠨ ᠰᠡᠷᠭᠦᠭᠡᠬᠦ ᠦᠢᠯᠡᠰ ᠲᠥ ᠦᠨᠡᠲᠡᠢ ᠬᠤᠪᠢ ᠨᠡᠮᠡᠷᠢ ᠣᠷᠣᠭᠤᠯᠵᠤ᠂ ᠳᠡᠯᠡᠬᠡᠢ ᠳᠠᠬᠢᠨ ᠳᠤ ᠮᠣᠩ᠋ᠭᠣᠯ ᠤᠯᠤᠰ ᠤᠨ ᠨᠡᠷ᠎ᠡ ᠬᠦᠨᠳᠦ ᠢᠢ ᠥᠨᠳᠥᠷ ᠲᠥ ᠡᠷᠭᠦᠨ᠂ ᠮᠣᠩ᠋ᠭᠣᠯ ᠲᠦᠮᠡᠨ ᠦ ᠥᠪ ᠰᠤᠶᠤᠯ᠂ ᠦᠨᠡᠲᠦ ᠵᠦᠢᠯ ᠢ ᠰᠤᠷᠲᠠᠯᠴᠢᠯᠠᠨ ᠲᠠᠨᠢᠭᠤᠯᠬᠤ ᠳᠤ ᠣᠨᠴᠠᠭᠠᠢ ᠭᠠᠪᠢᠶ᠎ᠠ ᠪᠠᠢᠢᠭᠤᠯᠤᠭᠰᠠᠨ ᠮᠣᠩ᠋ᠭᠣᠯ ᠤᠯᠤᠰ ᠤᠨ ᠹᠢᠯᠠᠷᠮᠣᠨ ᠤ ᠮᠣᠷᠢᠨ ᠬᠤᠭᠤᠷ ᠤᠨ ᠴᠢᠭᠤᠯᠭ᠎ᠠ ᠳᠤ ᠲᠥᠷᠥ ᠢᠢᠨ ᠳᠡᠭᠡᠳᠦ ᠱᠠᠩᠨᠠᠯ 《ᠴᠢᠩ᠋ᠭᠢᠰ ᠬᠠᠭᠠᠨ》 ᠲᠡᠷᠢᠭᠦᠨ ᠵᠡᠷᠭᠡ ᠢᠢᠨ ᠣᠳᠣᠨ ᠬᠦᠷᠲᠡᠭᠡᠭ᠍ᠰᠡᠨ ᠪᠢᠯᠡ᠃

ᠡᠵᠡᠨ ᠴᠢᠩ᠋ᠭᠢᠰ ᠬᠠᠭᠠᠨ ᠢᠶᠠᠷ ᠢᠶᠠᠨ ᠣᠪᠣᠭᠯᠠᠬᠤ ᠡᠷᠬᠢᠮ ᠳᠡᠭᠡᠳᠦ ᠠᠯᠳᠠᠷ ᠬᠦᠷᠲᠡᠭᠰᠡᠨ 《ᠮᠣᠷᠢᠨ ᠬᠤᠭᠤᠷ》 ᠨᠠᠢᠢᠷᠠᠯ ᠬᠥᠭ᠍ᠵᠢᠮ ᠦᠨ ᠬᠠᠮᠲᠤ ᠣᠯᠠᠨ ᠲᠠ ᠪᠦᠬᠦᠨ ᠳᠥ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠳᠠᠬᠢᠨ ᠪᠠᠶᠠᠷ ᠬᠦᠷᠭᠡᠵᠦ᠂ ᠮᠣᠷᠢᠨ ᠬᠤᠭᠤᠷ ᠢᠶᠠᠨ ᠬᠥᠭ᠍ᠵᠢᠭᠦᠯᠬᠦ ᠶᠡᠬᠡ ᠦᠢᠯᠡᠰ ᠲᠥ ᠨᠢ ᠠᠮᠵᠢᠯᠲᠠ ᠬᠦᠰᠡᠶ᠎ᠡ᠃

ᠮᠥᠨ ᠮᠣᠩ᠋ᠭᠣᠯ ᠲᠦᠮᠡᠨ ᠦ ᠪᠠᠬᠠᠷᠬᠠᠯ᠂ ᠮᠣᠷᠢᠨ ᠬᠤᠭᠤᠷ ᠢᠶᠠᠨ ᠡᠷᠬᠢᠮᠯᠡᠨ ᠳᠡᠭᠡᠳᠦᠯᠡᠵᠦ᠂ ᠥᠪ ᠰᠤᠶᠤᠯ ᠢᠶᠠᠨ ᠲᠦᠭᠡᠭᠡᠨ ᠳᠡᠯᠭᠡᠷᠡᠭᠦᠯᠬᠦ ᠦᠢᠯᠡ ᠬᠡᠷᠡᠭ ᠲᠥ ᠨᠢᠭᠡᠨ ᠨᠠᠰᠤᠨ ᠤ ᠪᠠᠨ ᠠᠮᠢᠳᠤᠷᠠᠯ ᠢ ᠵᠣᠷᠢᠭᠤᠯᠤᠨ᠂ ᠬᠢᠴᠢᠶᠡᠯ ᠵᠢᠳᠬᠦᠯ ᠭᠠᠷᠭᠠᠵᠤ ᠶᠠᠪᠤᠭ᠎ᠠ ᠡᠷᠬᠢᠮ ᠬᠦᠨᠳᠦᠳᠥ ᠲᠠ ᠪᠦᠬᠦᠨ ᠦ ᠪᠡᠨ ᠠᠵᠢᠯ ᠠᠮᠢᠳᠤᠷᠠᠯ ᠳᠤ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠵᠦ᠂ ᠴᠢᠭᠤᠯᠭᠠᠨ ᠤ ᠦᠢᠯᠡ ᠠᠵᠢᠯᠯᠠᠭᠠᠨ ᠳᠤ ᠥᠨᠳᠥᠷ ᠠᠮᠵᠢᠯᠲᠠ ᠬᠦᠰᠡᠶ᠎ᠡ᠃

ᠲᠠᠯ᠎ᠠ ᠨᠤᠲᠤᠭ ᠤᠨ ᠮᠣᠩ᠋ᠭᠣᠯ ᠠᠶᠠᠯᠭᠤᠨ ᠤ ᠦᠨᠳᠦᠰᠦ᠂ ᠮᠣᠩ᠋ᠭᠣᠯ ᠬᠥᠭ᠍ᠵᠢᠮ ᠦᠨ ᠬᠠᠭᠠᠨ ᠮᠣᠷᠢᠨ ᠬᠤᠭᠤᠷ ᠢᠶᠠᠨ ᠬᠥᠭ᠍ᠵᠢᠭᠦᠯᠦᠨ ᠳᠡᠯᠭᠡᠷᠡᠭᠦᠯᠬᠦ ᠶᠡᠬᠡ ᠦᠢᠯᠡᠰ ᠲᠥ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠲᠥᠷᠥ ᠢᠢᠨ ᠲᠡᠷᠢᠭᠦᠨ ᠲᠠ ᠪᠦᠬᠦᠨ ᠢ ᠪᠦᠬᠦ ᠲᠠᠯ᠎ᠠ ᠪᠠᠷ ᠳᠡᠮᠵᠢᠵᠦ᠂ ᠬᠠᠮᠲᠤᠷᠠᠨ ᠠᠵᠢᠯᠯᠠᠬᠤ ᠪᠣᠯᠤᠨ᠎ᠠ᠃

ᠬᠣᠷᠸᠠ ᠳᠤ ᠬᠣᠣᠰ ᠦᠭᠡᠢ ᠮᠣᠷᠢᠨ ᠬᠤᠭᠤᠷ ᠤᠨ ᠮᠣᠩ᠋ᠭᠣᠯ ᠠᠶᠠᠯᠭᠤ ᠳᠡᠯᠡᠬᠡᠢ ᠶᠢᠷᠲᠢᠨᠴᠦ ᠳᠥ ᠤᠶᠠᠩ᠋ᠭᠠᠯᠠᠨ ᠡᠭᠡᠰᠢᠭᠯᠡᠵᠦ᠂ ᠬᠦᠮᠦᠨ ᠲᠥᠷᠥᠯᠬᠢᠲᠡᠨ ᠢ ᠤᠶᠠᠷᠠᠭᠠᠨ ᠪᠠᠶᠠᠰᠬᠠᠵᠤ᠂ ᠥᠨᠢ ᠮᠥᠩᠬᠡ ᠳᠤ ᠠᠶᠠᠯᠭᠤᠯᠠᠨ ᠳᠠᠭᠤᠷᠢᠰᠴᠤ ᠪᠠᠢᠢᠬᠤ ᠢᠢᠨ ᠥᠯᠵᠡᠢ ᠲᠡᠢ ᠰᠠᠢᠢᠬᠠᠨ ᠢᠷᠦᠭᠡᠯ ᠢ ᠡᠷᠭᠦᠨ ᠳᠡᠪᠰᠢᠭᠦᠯᠦᠶ᠎ᠡ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ》 ᠭᠡᠵᠡᠢ᠃