ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠡᠷᠡᠭᠵᠢᠯᠲᠡ ᠲᠡᠢ ᠲᠠᠨᠢᠯᠴᠠᠬᠤ᠂ ᠡᠷᠴᠢᠮᠵᠢᠭᠦᠯᠬᠦ ᠵᠣᠷᠢᠯᠭ᠎ᠠ ᠪᠠᠷ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠢᠢᠨ ᠵᠠᠬᠢᠷᠤᠮᠵᠢ ᠪᠠᠷ ᠪᠠᠢᠢᠭᠤᠯᠤᠭᠳᠠᠭᠰᠠᠨ ᠠᠵᠢᠯ ᠤᠨ ᠬᠡᠰᠡᠭ ᠡᠮᠦᠨᠡᠭᠣᠪᠢ ᠠᠢᠢᠮᠠᠭ ᠤᠨ ᠴᠣᠭᠲᠤᠴᠡᠴᠡᠢ ᠰᠤᠮᠤᠨ ᠳᠤ ᠪᠠᠢᠢᠷᠢᠯᠠᠬᠤ 《ᠲᠠᠪᠤᠨ ᠲᠣᠯᠣᠭᠠᠢ》 ᠬᠤ᠂ ᠻᠤᠮᠫᠠᠨᠢ ᠍ ᠳᠤ ᠠᠵᠢᠯᠯᠠᠯ᠎ᠠ᠃
《ᠲᠠᠪᠤᠨ ᠲᠣᠯᠣᠭᠠᠢ》 ᠬᠤ᠂ ᠻᠤᠮᠫᠠᠨᠢ ᠨᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠳᠡᠮᠵᠢᠨ 6 ᠰᠠᠶ᠎ᠠ ᠮᠣᠳᠣ ᠲᠠᠷᠢᠵᠤ᠂ ᠤᠷᠭᠤᠭᠤᠯᠬᠤ ᠠᠮᠠᠯᠠᠯᠲᠠ ᠥᠭ᠍ᠭᠦᠭ᠍ᠰᠡᠨ ᠶᠤᠮ᠃
ᠮᠥᠨ ᠡᠮᠦᠨᠡᠭᠣᠪᠢ ᠠᠢᠢᠮᠠᠭ ᠲᠠᠭᠠᠨ 1.5 ᠰᠠᠶ᠎ᠠ ᠮᠣᠳᠣ ᠲᠠᠷᠢᠵᠤ᠂ ᠤᠷᠭᠤᠭᠤᠯᠬᠤ ᠠᠮᠠᠯᠠᠯᠲᠠ ᠥᠭ᠍ᠭᠦᠭ᠍ᠰᠡᠨ ᠢᠶᠡᠷ ᠨᠡᠢᠢᠲᠡ 7.5 ᠰᠠᠶ᠎ᠠ ᠮᠣᠳᠣ ᠲᠠᠷᠢᠬᠤ ᠪᠠᠷ ᠦᠨᠳᠦᠰᠦᠨ ᠭᠤᠷᠪᠠᠨ ᠵᠣᠷᠢᠯᠲᠠ ᠢᠢᠨ ᠬᠦᠷᠢᠶᠡᠨ ᠳᠥ ᠠᠵᠢᠯᠯᠠᠵᠤ ᠪᠠᠢᠢᠨ᠎ᠠ᠃ ᠡᠭᠦᠨ ᠳᠥ᠄
• ᠮᠣᠳᠣ ᠲᠠᠷᠢᠬᠤ ᠤᠷᠲᠤ ᠬᠤᠭᠤᠴᠠᠭᠠᠨ ᠤ ᠰᠲ᠋ᠷᠠᠲ᠋ᠧᠭᠢ᠂ ᠲᠥᠯᠦᠪᠯᠡᠭᠡ ᠪᠣᠯᠪᠠᠰᠤᠷᠠᠭᠤᠯᠬᠤ᠄
《ᠲᠠᠪᠤᠨ ᠲᠣᠯᠣᠭᠠᠢ》 ᠬᠤ᠂ ᠻᠤᠮᠫᠠᠨᠢ ᠨᠢ ᠮᠣᠩ᠋ᠭᠣᠯ ᠤᠯᠤᠰ ᠤᠨ ᠶᠡᠬᠡ ᠰᠤᠷᠭᠠᠭᠤᠯᠢ᠍ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ᠌ ᠢ 2021 ᠣᠨ ᠳᠤ ᠪᠠᠢᠢᠭᠤᠯᠤᠭᠰᠠᠨ ᠢᠶᠠᠷ ᠮᠣᠩ᠋ᠭᠣᠯ ᠤᠯᠤᠰ ᠤᠨ ᠶᠡᠬᠡ ᠰᠤᠷᠭᠠᠭᠤᠯᠢ᠂ ᠰᠢᠨᠵᠢᠯᠡᠬᠥ ᠤᠬᠠᠭᠠᠨ ᠤ ᠠᠻᠠᠳ᠋ᠸᠮᠢ ᠢᠢᠨ ᠭᠠᠵᠠᠷ ᠵᠦᠢ᠂ ᠭᠧᠣ ᠡᠻᠣᠯᠣᠭᠢ ᠢᠢᠨ ᠬᠦᠷᠢᠶᠡᠯᠡᠩ ᠦᠨ ᠡᠷᠳᠡᠮᠲᠡᠨ ᠰᠤᠳᠤᠯᠤᠭᠠᠴᠢᠳ ᠤᠨ ᠪᠠᠭ ᠡᠮᠦᠨᠡᠭᠣᠪᠢ ᠠᠢᠢᠮᠠᠭ ᠤᠨ ᠨᠣᠮᠣᠭᠠᠨ᠂ ᠴᠣᠭᠲᠤᠴᠡᠴᠡᠢ᠂ ᠪᠤᠯᠠᠭᠠᠨ᠂ ᠳᠠᠯᠠᠨᠵᠠᠳᠠᠭᠠᠳ ᠰᠤᠮᠤ ᠨᠤᠭᠤᠳ ᠲᠤ ᠬᠡᠭᠡᠷ᠎ᠡ ᠢᠢᠨ ᠰᠤᠳᠤᠯᠭ᠎ᠠ ᠬᠢᠵᠡᠢ᠃
ᠰᠤᠷᠭᠠᠯᠲᠠ᠂ ᠰᠤᠳᠤᠯᠭᠠᠨ ᠤ ᠲᠥᠪ ᠪᠣᠯᠤᠨ ᠪᠠᠢᠢᠩ᠋ᠭᠤ ᠢᠢᠨ ᠮᠣᠳᠣ ᠦᠷᠡᠵᠢᠭᠦᠯᠭᠡ ᠢᠢᠨ ᠲᠠᠯᠠᠪᠠᠢ ᠪᠠᠢᠢᠭᠤᠯᠬᠤ᠄
ᠲᠤᠰ ᠵᠣᠷᠢᠯᠲᠠ ᠢᠢᠨ ᠢᠶᠠᠨ ᠬᠦᠷᠢᠶᠡᠨ ᠳᠥ 2022-2023 ᠣᠨ ᠳᠤ ᠳᠠᠯᠠᠨᠵᠠᠳᠠᠭᠠᠳ ᠰᠤᠮᠤᠨ ᠳᠤ 6 ᠭᠠ ᠲᠠᠯᠠᠪᠠᠢ ᠳᠤ ᠮᠣᠳᠣ ᠦᠷᠡᠵᠢᠭᠦᠯᠭᠡ ᠢᠢᠨ ᠭᠠᠵᠠᠷ ᠪᠠᠢᠢᠭᠤᠯᠵᠤ᠂ ᠥᠨᠥᠳᠥᠷ ᠦᠨ ᠪᠠᠢᠢᠳᠠᠯ ᠢᠶᠠᠷ 1.8 ᠰᠠᠶ᠎ᠠ ᠲᠠᠷᠢᠴᠠ᠂ ᠰᠠᠭᠤᠯᠭᠠᠴᠠ ᠢᠢᠨ ᠨᠥᠭᠡᠴᠡ ᠪᠦᠷᠢᠳᠦᠭᠦᠯᠵᠡᠢ᠃
ᠮᠥᠨ 2022 ᠣᠨ ᠳᠤ ᠨᠣᠮᠣᠭᠠᠨ ᠰᠤᠮᠤᠨ ᠳᠤ 《ᠮᠣᠳᠣ ᠦᠷᠡᠵᠢᠭᠦᠯᠭᠡ᠂ ᠰᠤᠷᠭᠠᠯᠲᠠ᠂ ᠰᠤᠳᠤᠯᠭ᠎ᠠ᠂ ᠢᠨ᠋᠊ᠨᠣᠸᠠᠼ》 ᠲᠥᠪ ᠢ ᠪᠠᠢᠢᠭᠤᠯᠬᠤ ᠪᠠᠷ 20 ᠭᠠ ᠲᠠᠯᠠᠪᠠᠢ ᠳᠤ ᠪᠡᠯᠡᠳᠬᠡᠯ ᠠᠵᠢᠯ ᠢ ᠭᠦᠢᠴᠡᠳᠭᠡᠭ᠍ᠰᠡᠨ ᠪᠥᠭᠡᠳ ᠡᠭᠦᠨ ᠦ 4 ᠭᠠ ᠲᠠᠯᠠᠪᠠᠢ ᠳᠤ ᠮᠣᠳᠣ ᠦᠷᠡᠵᠢᠭᠦᠯᠭᠡ ᠢᠢᠨ ᠭᠠᠵᠠᠷ ᠪᠠᠢᠢᠭᠤᠯᠵᠤ᠂ ᠭᠣᠪᠢ ᠢᠢᠨ ᠪᠦᠰᠡ ᠢᠢᠨ ᠤᠷᠭᠤᠮᠠᠯ ᠤᠳ ᠢ ᠪᠣᠷᠲᠣᠭᠣ ᠠᠴᠠ ᠦᠷᠡᠵᠢᠭᠦᠯᠬᠦ ᠶᠤᠮ᠃
ᠬᠠᠮᠠᠭᠠᠯᠠᠯᠲᠠ ᠢᠢᠨ ᠣᠢ ᠢᠢᠨ ᠵᠤᠷᠪᠤᠰ ᠪᠠᠢᠢᠭᠤᠯᠬᠤ᠂ ᠪᠠᠢᠢᠭᠠᠯᠢ ᠢᠢᠨ ᠵᠠᠭ ᠤᠨ ᠣᠢ ᠢᠢᠨ ᠰᠡᠷᠭᠦᠨ ᠤᠷᠭᠤᠯᠲᠠ ᠢᠢ ᠳᠡᠮᠵᠢᠬᠦ᠂ ᠬᠠᠮᠠᠭᠠᠯᠠᠬᠤ᠂ ᠨᠥᠬᠦᠨ ᠰᠡᠷᠭᠦᠭᠡᠬᠦ᠄
ᠲᠤᠰ ᠻᠣᠮᠫᠠᠨᠢ ᠨᠢ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠬᠡᠷᠡᠭᠵᠢᠵᠦ ᠡᠬᠢᠯᠡᠭᠰᠡᠨ ᠡᠴᠡ ᠬᠣᠢᠢᠰᠢ ᠨᠥᠬᠦᠨ ᠲᠠᠷᠢᠯᠳᠠ ᠪᠣᠯᠤᠨ ᠣᠢᠢᠵᠢᠭᠤᠯᠤᠯᠲᠠ ᠪᠠᠷ ᠨᠡᠢᠢᠲᠡ 12 ᠮᠢᠩ᠋ᠭᠠᠨ ᠮᠣᠳᠣ ᠲᠠᠷᠢᠵᠤ᠂ terbummod.mn ᠴᠠᠬᠢᠮ ᠬᠠᠭᠤᠳᠠᠰᠤᠨ ᠳᠤ ᠪᠦᠷᠢᠳᠬᠡᠭᠦᠯᠦᠭᠰᠡᠨ ᠪᠠᠢᠢᠨ᠎ᠠ᠃
ᠨᠡᠢᠢᠲᠡ ᠲᠠᠷᠢᠬᠤ ᠮᠣᠳᠣᠨ ᠤ 50 ᠭᠠᠷᠤᠢ ᠬᠤᠪᠢ ᠨᠢ ᠭᠣᠪᠢ ᠢᠢᠨ ᠪᠥᠰᠡ ᠢᠢᠨ ᠣᠢ ᠢᠢᠨ ᠰᠠᠩ ᠢ ᠪᠦᠷᠢᠳᠦᠭᠦᠯᠵᠦ ᠪᠤᠢ ᠵᠠᠭ ᠮᠣᠳᠣ ᠪᠠᠢᠢᠬᠤ ᠪᠥᠭᠡᠳ ᠨᠣᠮᠣᠭᠠᠨ᠂ ᠪᠤᠯᠠᠭᠠᠨ ᠰᠤᠮᠤ ᠨᠤᠭᠤᠳ ᠤᠨ ᠨᠤᠲᠤᠭ ᠲᠤ ᠬᠡᠷᠡᠭᠵᠢᠭᠦᠯᠬᠦ ᠪᠡᠷ ᠲᠥᠯᠥᠪᠯᠡᠵᠡᠢ᠃
ᠲᠡᠭᠦᠨᠴᠢᠯᠡᠨ 2022-2023 ᠣᠨ ᠳᠤ ᠴᠣᠭᠲᠤᠴᠡᠴᠡᠢ ᠰᠤᠮᠤ ᠢᠢᠨ ᠨᠤᠲᠤᠭ ᠲᠤ 40 ᠭᠠ ᠲᠠᠯᠠᠪᠠᠢ ᠳᠤ ᠬᠠᠰᠢᠶ᠎ᠠ᠂ ᠤᠰᠤᠯᠠᠭᠠᠨ ᠤ ᠰᠢᠰᠲ᠋ᠧᠮ᠂ ᠭᠦᠨ ᠦ ᠬᠤᠳᠳᠤᠭ ᠬᠤᠳᠠᠯᠳᠤᠨ ᠠᠪᠤᠯᠲᠠ ᠢᠢ ᠬᠢᠵᠦ ᠣᠢᠢᠵᠢᠭᠤᠯᠤᠯᠲᠠ ᠢᠢᠨ ᠪᠡᠯᠡᠳᠬᠡᠯ ᠠᠵᠢᠯ ᠢ ᠬᠠᠩ᠋ᠭᠠᠭᠠᠳ ᠪᠠᠢᠢᠭ᠎ᠠ ᠲᠠᠯ᠎ᠠ ᠪᠠᠷ ᠠᠵᠢᠯ ᠤᠨ ᠬᠡᠰᠡᠭ ᠦᠨ ᠭᠡᠰᠢᠭᠦᠳ ᠲᠥ ᠲᠠᠨᠢᠯᠴᠠᠭᠤᠯᠤᠯ᠎ᠠ᠃
《ᠲᠠᠪᠤᠨ ᠲᠣᠯᠣᠭᠠᠢ》 ᠬᠤ᠂ ᠻᠤᠮᠫᠠᠨᠢ ᠨᠢ ᠥᠪᠡᠷ ᠦᠨ ᠮᠣᠳᠣ ᠦᠷᠡᠵᠢᠭᠦᠯᠭᠡ ᠢᠢᠨ ᠭᠠᠵᠠᠷ ᠲᠤ ᠪᠣᠷᠲᠣᠭᠣᠨ ᠳᠤ ᠦᠷᠡᠵᠢᠭᠦᠯᠦᠭᠰᠡᠨ᠂ ᠭᠠᠷᠤᠯ ᠡᠭᠦᠰᠦᠯ ᠨᠢ ᠲᠣᠳᠣᠷᠬᠠᠢ ᠲᠠᠷᠢᠴᠠ᠂ ᠰᠠᠭᠤᠯᠭᠠᠴᠠ ᠢᠢ ᠲᠠᠷᠢᠵᠤ ᠪᠠᠢᠢᠭ᠎ᠠ ᠪᠠᠷ ᠢᠶᠠᠨ ᠣᠨᠴᠠᠯᠢᠭ ᠲᠠᠢ᠃
ᠲᠡᠭᠦᠨᠴᠢᠯᠡᠨ ᠡᠮᠦᠨᠡᠭᠣᠪᠢ ᠠᠢᠢᠮᠠᠭ ᠲᠤ ᠬᠣᠶᠠᠷ ᠰᠤᠮᠤ ᠢᠢᠨ ᠪᠠᠢᠢᠷᠢᠰᠢᠯ ᠳᠤ ᠮᠣᠳᠣ ᠦᠷᠡᠵᠢᠭᠦᠯᠭᠡ ᠢᠢᠨ ᠭᠠᠵᠠᠷ ᠪᠠᠢᠢᠭᠤᠯᠤᠭᠰᠠᠨ ᠢᠶᠠᠷ ᠻᠣᠮᠫᠠᠨᠢ ᠢᠢᠨ ᠳᠣᠲᠣᠭᠠᠳᠤ ᠢᠢᠨ ᠬᠡᠷᠡᠭᠴᠡᠭᠡᠨ ᠦ ᠲᠠᠷᠢᠴᠠ᠂ ᠰᠠᠭᠤᠯᠭᠠᠴᠠ ᠢᠢ ᠬᠠᠩ᠋ᠭᠠᠭᠠᠳ ᠵᠣᠭᠰᠣᠬᠤ ᠦᠭᠡᠢ ᠣᠷᠣᠨ ᠨᠤᠲᠤᠭ ᠲᠤ ᠨᠡᠢᠢᠯᠡᠭᠦᠯᠬᠦ᠂ ᠴᠢᠨᠠᠭᠰᠢᠯᠠᠭᠠᠳ ᠠᠮᠠᠯᠠᠯᠲᠠ ᠪᠠᠨ ᠳᠠᠪᠠᠭᠤᠯᠤᠨ ᠪᠡᠶᠡᠯᠡᠭᠦᠯᠵᠦ 2030 ᠣᠨ ᠭᠡᠬᠦ ᠳᠥ 15 ᠰᠠᠶ᠎ᠠ ᠮᠣᠳᠣ ᠲᠠᠷᠢᠬᠤ ᠪᠣᠯᠤᠮᠵᠢ ᠲᠠᠢ ᠭᠡᠳᠡᠭ ᠢ 《ᠲᠠᠪᠤᠨ ᠲᠣᠯᠣᠭᠠᠢ》 ᠬᠤ᠂ ᠻᠤᠮᠫᠠᠨᠢ ᠢᠢᠨ ᠬᠥᠳᠡᠯᠮᠦᠷᠢ ᠢᠢᠨ ᠠᠶᠤᠯ ᠦᠭᠡᠢ ᠪᠠᠢᠢᠳᠠᠯ᠂ ᠡᠷᠡᠭᠦᠯ ᠠᠬᠤᠢ᠂ ᠪᠠᠢᠢᠭᠠᠯᠢ ᠣᠷᠴᠢᠨ ᠤ ᠬᠡᠯᠲᠡᠰ ᠦᠨ ᠵᠠᠬᠢᠷᠤᠯ ᠪ᠊᠂ ᠰᠣᠳᠨᠠᠮᠴᠡᠷᠢᠩ ᠡᠨᠡ ᠦᠶ᠎ᠡ ᠪᠡᠷ ᠣᠨᠴᠠᠯᠠᠵᠤ ᠪᠠᠢᠢᠪᠠ᠃
ᠲᠠᠯᠠᠪᠠᠢ ᠳᠤ ᠭᠠᠷᠭᠠᠬᠤ ᠳᠤ ᠪᠡᠯᠡᠨ 1.8 ᠰᠠᠶ᠎ᠠ ᠲᠠᠷᠢᠴᠠ᠂ ᠰᠠᠭᠤᠯᠭᠠᠴᠠ ᠢᠢᠨ ᠨᠥᠭᠡᠴᠡ ᠪᠦᠷᠢᠳᠦᠭᠦᠯᠵᠦ ᠴᠢᠳᠠᠭᠰᠠᠨ ᠪᠣᠯᠪᠠᠴᠤ ᠠᠵᠢᠯᠯᠠᠬᠤ ᠬᠦᠴᠦᠨ ᠦ ᠠᠰᠠᠭᠤᠳᠠᠯ ᠲᠤᠯᠭᠠᠮᠳᠠᠵᠤ ᠪᠠᠢᠢᠭ᠎ᠠ ᠢᠢ ᠡᠨᠡ ᠦᠶ᠎ᠡ ᠪᠡᠷ ᠬᠡᠯᠡᠯ᠎ᠡ᠃
2024 ᠣᠨ ᠳᠤ ᠲᠤᠰ ᠻᠣᠮᠫᠠᠨᠢ ᠨᠢ ᠡᠮᠦᠨᠡᠭᠣᠪᠢ ᠠᠢᠢᠮᠠᠭ ᠤᠨ ᠪᠤᠯᠠᠭᠠᠨ ᠰᠤᠮᠤᠨ ᠳᠤ 100 ᠭᠠ ᠲᠠᠯᠠᠪᠠᠢ ᠳᠤ ᠣᠢᠢᠵᠢᠭᠤᠯᠤᠯᠲᠠ ᠬᠢᠬᠦ᠂ ᠨᠣᠮᠣᠭᠠᠨ ᠰᠤᠮᠤᠨ ᠳᠤ 100 ᠭᠠ ᠲᠠᠯᠠᠪᠠᠢ ᠳᠤ ᠨᠠᠪᠴᠢᠲᠤ ᠮᠣᠳᠣ ᠪᠠᠷ ᠬᠠᠮᠠᠭᠠᠯᠠᠯᠲᠠ ᠢᠢᠨ ᠵᠤᠷᠪᠤᠰ ᠪᠠᠢᠢᠭᠤᠯᠬᠤ᠂ ᠴᠣᠭᠲᠤᠴᠡᠴᠡᠢ ᠰᠤᠮᠤᠨ ᠳᠤ 40 ᠭᠠ ᠲᠠᠯᠠᠪᠠᠢ ᠳᠤ ᠨᠠᠪᠴᠢᠲᠤ ᠮᠣᠳᠣ ᠪᠠᠷ ᠣᠢ ᠢᠢᠨ ᠵᠤᠷᠪᠤᠰ ᠪᠠᠢᠢᠭᠤᠯᠬᠤ ᠠᠵᠢᠯ ᠤᠳ ᠢ ᠬᠢᠵᠦ ᠭᠦᠢᠴᠡᠳᠭᠡᠬᠦ ᠪᠡᠷ ᠲᠥᠯᠦᠪᠯᠡᠭᠡᠳ ᠪᠠᠢᠢᠨ᠎ᠠ᠃