Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠴᠢᠶᠠᠯᠢᠰᠲᠤ ᠸᠢᠶᠧᠲ᠋ᠨᠠᠮ ᠤᠯᠤᠰ ᠤᠨ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠰᠣᠴᠢᠶᠠᠯᠢᠰᠲᠤ ᠸᠢᠶᠧᠲ᠋ᠨᠠᠮ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠽᠣᠶᠠᠨ ᠾᠠᠨᠢ ᠳ᠋ᠠᠮ ᠢ ᠡᠬᠡ ᠣᠷᠣᠨ ᠳᠠᠭᠠᠨ ᠪᠦᠷᠢᠮᠦᠰᠦᠨ ᠪᠤᠴᠠᠬᠤ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠪᠠ᠃

ᠶᠡᠷᠦᠩᠬᠡᠢᠢᠯᠡᠭᠴᠢ ᠬᠣᠶᠠᠷ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 70 ᠵᠢᠯ ᠦᠨ ᠣᠢ ᠡᠨᠡ ᠣᠨ ᠳᠤ ᠲᠣᠬᠢᠶᠠᠵᠤ ᠪᠤᠢ ᠢᠢ ᠲᠡᠮᠳᠡᠭᠯᠡᠭᠡᠳ᠂ ᠬᠠᠷᠢᠯᠴᠠᠭ᠎ᠠ 《ᠨᠠᠢᠢᠷᠠᠮᠳᠠᠯᠲᠤ ᠬᠠᠮᠲᠤ ᠢᠢᠨ ᠠᠵᠢᠯᠯᠠᠭᠠᠨ ᠤ ᠵᠠᠷᠴᠢᠮ》 ᠳᠤ ᠲᠤᠯᠭᠠᠭᠤᠷᠢᠯᠠᠨ ᠪᠦᠬᠦᠢ ᠯᠠ ᠰᠠᠯᠪᠤᠷᠢ ᠳᠤ ᠥᠷᠭᠡᠵᠢᠨ ᠬᠥᠭ᠍ᠵᠢᠵᠦ ᠪᠠᠢᠢᠭ᠎ᠠ ᠢᠢ ᠳᠤᠷᠠᠳᠪᠠ᠃

ᠡᠯᠴᠢᠨ ᠰᠠᠢᠢᠳ ᠢᠶᠠᠷ ᠠᠵᠢᠯᠯᠠᠬᠤ ᠬᠤᠭᠤᠴᠠᠭᠠᠨ ᠳᠠᠭᠠᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠪᠡᠬᠢᠵᠢᠭᠦᠯᠬᠦ ᠳᠥ ᠢᠳᠡᠪᠬᠢ ᠰᠠᠨᠠᠭᠠᠴᠢᠯᠠᠭ᠎ᠠ ᠭᠠᠷᠭᠠᠵᠤ᠂ ᠬᠤᠳᠠᠯᠳᠤᠭ᠎ᠠ᠂ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠢᠯᠠᠩ᠋ᠭᠤᠶ᠎ᠠ ᠢᠷᠭᠡᠳ ᠢ ᠬᠠᠷᠢᠯᠴᠠᠨ ᠸᠢᠰᠠ ᠢᠢᠨ ᠱᠠᠭᠠᠷᠳᠠᠯᠭ᠎ᠠ ᠠᠴᠠ ᠴᠢᠯᠦᠭᠡᠯᠡᠬᠦ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ ᠢ ᠣᠨᠴᠠᠯᠠᠪᠠ᠃

ᠮᠣᠩ᠋ᠭᠣᠯ ᠤᠯᠤᠰ ᠤᠨ ᠲᠥᠷᠥ᠂ ᠵᠠᠰᠠᠭ ᠪᠦᠬᠦ ᠲᠠᠯ᠎ᠠ ᠪᠠᠷ ᠳᠡᠮᠵᠢᠨ᠂ ᠬᠠᠮᠲᠤᠷᠠᠨ ᠠᠵᠢᠯᠯᠠᠵᠤ ᠪᠠᠢᠢᠭᠰᠠᠨ ᠳᠤ ᠡᠯᠴᠢᠨ ᠰᠠᠢᠢᠳ ᠽᠣᠶᠠᠨ ᠾᠠᠨᠢ ᠳ᠋ᠠᠮ ᠲᠠᠯᠠᠷᠬᠠᠯ ᠢᠯᠡᠷᠬᠡᠢᠢᠯᠡᠯ᠎ᠡ᠃

ᠴᠢᠨᠠᠭᠰᠢᠳᠠ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠦᠢᠯᠡᠰ ᠲᠥ ᠬᠦᠴᠦᠨ ᠵᠢᠳᠬᠦᠵᠦ᠂ ᠢᠷᠭᠡᠳ ᠬᠣᠭᠣᠷᠣᠨᠳᠣ ᠢᠢᠨ ᠬᠠᠷᠢᠯᠴᠠᠭ᠎ᠠ ᠢᠢ ᠪᠡᠬᠢᠵᠢᠭᠦᠯᠬᠦ ᠳᠥ ᠠᠩᠬᠠᠷᠴᠤ ᠠᠵᠢᠯᠯᠠᠬᠤ ᠪᠠᠨ ᠬᠡᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠠᠢᠢᠷᠠᠮᠳᠠᠯᠲᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠣᠷᠣᠭᠤᠯᠤᠭᠰᠠᠨ ᠬᠤᠪᠢ ᠨᠡᠮᠡᠷᠢ᠂ ᠬᠥᠳᠡᠯᠮᠦᠷᠢ᠂ ᠵᠢᠳᠬᠦᠯ ᠢ ᠨᠢ ᠦᠨᠡᠯᠡᠵᠦ ᠡᠯᠴᠢᠨ ᠰᠠᠢᠢᠳ ᠽᠣᠶᠠᠨ ᠾᠠᠨᠢ ᠳ᠋ᠠᠮ  ᠢ 《ᠨᠠᠢᠢᠷᠠᠮᠳᠠᠯ ᠮᠧᠳᠠᠯᠢ》 ᠍ ᠪᠠᠷ ᠱᠠᠩᠨᠠᠯ ᠠ᠃