Та "Internet explorer"-ийн сүүлийн хувилбар болох "Microsoft edge"-г ашиглана уу

Хэрэв "Microsoft edge"-г татах бол энд дарж татаж авна уу

ᠣᠯᠠᠨ ᠬᠡᠦᠬᠡᠳ ᠲᠥᠷᠦᠭᠦᠯᠵᠦ ᠥᠰᠬᠡᠭ᠍ᠰᠡᠨ ᠡᠬᠡ ᠢᠢ ᠤᠷᠮᠠᠰᠢᠭᠤᠯᠬᠤ ᠲᠤᠬᠠᠢ ᠬᠠᠤᠯᠢ ᠳᠤ ᠨᠡᠮᠡᠯᠲᠡ ᠣᠷᠣᠭᠤᠯᠬᠤ ᠲᠤᠬᠠᠢ ᠬᠠᠤᠯᠢ ᠢᠢᠨ ᠲᠥᠰᠦᠯ ᠡᠷᠭᠦᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠪᠣᠯᠪᠠᠰᠤᠷᠠᠭᠤᠯᠤᠭᠰᠠᠨ ᠣᠯᠠᠨ ᠬᠡᠦᠬᠡᠳ ᠲᠥᠷᠦᠭᠦᠯᠵᠦ ᠥᠰᠬᠡᠭ᠍ᠰᠡᠨ ᠡᠬᠡ ᠢᠢ ᠤᠷᠮᠠᠰᠢᠭᠤᠯᠬᠤ ᠲᠤᠬᠠᠢ ᠪᠣᠯᠤᠨ ᠲᠥᠷᠥ ᠢᠢᠨ ᠪᠡᠯᠭᠡ ᠲᠡᠮᠳᠡᠭ ‍ᠥᠨ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ ᠬᠠᠤᠯᠢ ᠢᠢᠨ ᠲᠥᠰᠥᠯ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊᠂ ᠰᠣᠳᠤᠪᠠᠭᠠᠲᠤᠷ ᠤᠯᠤᠰ ᠤᠨ ᠶᠡᠬᠡ ᠬᠤᠷᠠᠯ ᠤᠨ ᠳᠠᠷᠤᠭ᠎ᠠ ᠭᠤ᠊᠂ ᠽᠠᠨᠳᠠᠨᠰᠢᠲᠠᠷ᠎ᠠ ᠳᠤ ᠡᠷᠭᠥᠨ ᠪᠠᠷᠢᠯ ᠠ᠃

ᠣᠯᠠᠨ ᠬᠡᠦᠬᠡᠳ ᠲᠥᠷᠦᠭᠦᠯᠵᠦ ᠥᠰᠬᠡᠭ᠍ᠰᠡᠨ ᠡᠬᠡ ᠢᠢ ᠤᠷᠮᠠᠰᠢᠭᠤᠯᠬᠤ ᠲᠤᠬᠠᠢ ᠬᠠᠤᠯᠢ ᠳᠤ ᠨᠡᠮᠡᠯᠲᠡ ᠣᠷᠣᠭᠤᠯᠬᠤ ᠲᠤᠬᠠᠢ ᠬᠠᠤᠯᠢ ᠢᠢᠨ ᠲᠥᠰᠦᠯ
ᠣᠯᠠᠨ ᠬᠡᠦᠬᠡᠳ ᠲᠥᠷᠦᠭᠦᠯᠵᠦ ᠥᠰᠬᠡᠭ᠍ᠰᠡᠨ ᠡᠬᠡᠴᠦᠳ ‍ᠥᠨ ᠨᠡᠢᠢᠭᠡᠮ ‍ᠥᠨ ᠬᠠᠯᠠᠮᠵᠢ ᠢᠢ ᠰᠠᠢᠢᠵᠢᠷᠠᠭᠤᠯᠬᠤ᠂ 《ᠠᠯᠳᠠᠷᠲᠤ ᠡᠬᠡ》‍ᠥᠨ ᠣᠳᠣᠨ ᠠᠪᠬᠤ ᠳᠤ ᠳᠡᠮᠵᠢᠯᠭᠡ ᠦᠵᠡᠭᠦᠯᠬᠦ᠂ ᠳᠥᠷᠪᠡ ᠪᠤᠶᠤ ᠵᠢᠷᠭᠤᠭ᠎ᠠ ᠠᠴᠠ ᠳᠡᠭᠡᠭ᠍ᠰᠢ ᠬᠡᠦᠬᠡᠳ ᠲᠥᠷᠦᠭᠦᠯᠵᠦ ᠥᠰᠬᠡᠭ᠍ᠰᠡᠨ ᠪᠥᠭᠡᠳ ᠪᠠᠢᠢᠭᠠᠯᠢ ᠢᠢᠨ ᠠᠶᠤᠯᠲᠤ ᠦᠵᠡᠭᠳᠡᠯ᠂ ᠣᠰᠣᠯ᠂ ᠡᠪᠡᠳᠴᠢᠨ᠂ ᠭᠡᠮᠲᠦ ᠬᠡᠷᠡᠭ ‍ᠥᠨ ᠤᠯᠠᠮ ᠠᠴᠠ ᠨᠠᠰᠤ ᠪᠠᠷᠠᠭᠰᠠᠨ ᠨᠢᠭᠡ ᠪᠠ ᠲᠡᠭᠦᠨ ᠡᠴᠡ ᠳᠡᠭᠡᠭ᠍ᠰᠢ ᠨᠠᠰᠤᠲᠠᠢ ᠬᠡᠦᠬᠡᠳ ᠢ ᠥᠰᠬᠡᠵᠦ ᠬᠦᠮᠦᠵᠢᠭᠦᠯᠦᠭᠰᠡᠨ ᠳᠥ ᠲᠣᠭᠠᠴᠠᠵᠤ 《ᠠᠯᠳᠠᠷᠲᠤ ᠡᠬᠡ》‍ᠥᠨ ᠣᠳᠣᠨ ᠣᠯᠭᠤᠳᠠᠭ ᠪᠠᠢᠢᠬᠤ ᠵᠡᠷᠭᠡ ᠰᠠᠨᠠᠯ ᠢᠷᠭᠡᠳ ᠡᠴᠡ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠲᠤ ᠢᠷᠡᠭᠰᠡᠭᠡᠷ ᠪᠠᠢᠢᠨ᠎ᠠ᠃

ᠡᠭᠦᠨ ᠲᠡᠢ ᠬᠣᠯᠪᠣᠭᠳᠠᠭᠤᠯᠤᠨ ᠣᠯᠠᠨ ᠬᠡᠦᠬᠡᠳ ᠲᠥᠷᠦᠭᠦᠯᠵᠦ ᠥᠰᠬᠡᠭ᠍ᠰᠡᠨ ᠡᠬᠡ ᠢᠢ ᠤᠷᠮᠠᠰᠢᠭᠤᠯᠬᠤ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ ᠬᠠᠤᠯᠢ ᠢᠢᠨ ᠲᠥᠰᠥᠯ ᠢ ᠪᠣᠯᠪᠠᠰᠤᠷᠠᠭᠤᠯᠤᠯ᠎ᠠ᠃

ᠬᠠᠤᠯᠢ ᠢᠢᠨ ᠲᠥᠰᠥᠯ ᠳᠥ 《ᠳᠥᠷᠪᠡ ᠪᠣᠯᠤᠨ ᠲᠡᠭᠦᠨ ᠡᠴᠡ ᠳᠡᠭᠡᠭ᠍ᠰᠢ ᠬᠡᠦᠬᠡᠳ ᠲᠥᠷᠦᠭᠦᠯᠵᠦ ᠥᠰᠬᠡᠭ᠍ᠰᠡᠨ》 ᠭᠡᠳᠡᠭ ᠲᠦ ᠪᠠᠭ᠎ᠠ ᠬᠡᠦᠬᠡᠳ ᠨᠢ ᠨᠢᠭᠡ ᠨᠠᠰᠤ ᠬᠦᠷᠬᠦ ᠳᠦ ᠳᠥᠷᠪᠡ ᠪᠠ ᠲᠡᠭᠦᠨ ᠡᠴᠡ ᠳᠡᠭᠡᠭ᠍ᠰᠢ ᠬᠡᠦᠬᠡᠳ ᠲᠡᠢ ᠪᠠᠢᠢᠭᠰᠠᠨ ᠪᠥᠭᠡᠳ ᠡᠭᠦᠨ ᠳᠥ ᠲᠡᠷᠡ ᠦᠶ᠎ᠡ ᠳᠥ ᠭᠤᠷᠪᠠ ᠬᠦᠷᠲᠡᠯᠡᠬᠢ ᠨᠠᠰᠤᠨ ᠳᠤ ᠨᠢ ᠦᠷᠡᠴᠢᠯᠡᠨ ᠠᠪᠤᠭᠰᠠᠨ᠂ ᠡᠰᠡᠬᠦᠯ ᠪᠠᠢᠢᠭᠠᠯᠢ ᠢᠢᠨ ᠠᠶᠤᠯᠲᠤ ᠦᠵᠡᠭᠳᠡᠯ᠂ ᠣᠰᠣᠯ᠂ ᠡᠪᠡᠳᠴᠢᠨ᠂ ᠭᠡᠮᠲᠦ ᠬᠡᠷᠡᠭ ᠦᠨ ᠤᠯᠠᠮ ᠠᠴᠠ ᠨᠠᠰᠤ ᠪᠠᠷᠠᠭᠰᠠᠨ ᠨᠢᠭᠡ ᠪᠠ ᠲᠡᠭᠦᠨ ᠡᠴᠡ ᠳᠡᠭᠡᠭ᠍ᠰᠢ ᠨᠠᠰᠤᠲᠠᠢ ᠬᠡᠦᠬᠡᠳ ᠢ ᠬᠠᠮᠤᠷᠤᠭᠤᠯᠵᠤ ᠪᠠᠢᠢᠬᠤ ᠪᠠᠷ ᠲᠤᠰᠬᠠᠯ ᠠ᠃

ᠲᠥᠷᠥ ᠢᠢᠨ ᠪᠡᠯᠭᠡ ᠲᠡᠮᠳᠡᠭ ᠦᠨ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ ᠬᠠᠤᠯᠢ ᠢᠢᠨ ᠲᠥᠰᠥᠯ
ᠬᠠᠤᠯᠢ ᠢᠢᠨ ᠲᠥᠰᠦᠯ ᠳᠥ ᠲᠥᠷᠦ ᠢᠢᠨ ᠳᠠᠯᠪᠠᠭ᠎ᠠ ᠢᠢ ᠪᠠᠢᠢᠩ᠋ᠭᠤ ᠮᠠᠨᠳᠤᠭᠤᠯᠬᠤ ᠭᠠᠵᠠᠷ᠂ ᠪᠠᠢᠢᠷᠢᠰᠢᠯ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠣᠭᠲᠠᠭᠠᠵᠤ ᠪᠣᠯᠬᠣ ᠪᠡᠷ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠤᠯᠤᠰ ᠤᠨ ᠶᠡᠬᠡ ᠬᠤᠷᠠᠯ ᠤᠨ ᠳᠠᠷᠤᠭ᠎ᠠ᠂ ᠶᠡᠷᠦᠩᠬᠡᠢ ᠰᠠᠢᠢᠳ ᠤᠯᠤᠰ ᠣᠷᠣᠨ ᠢᠶᠠᠨ ᠰᠤᠷᠲᠠᠯᠴᠢᠯᠠᠬᠤ᠂ ᠡᠬᠡ ᠣᠷᠣᠨᠴᠢ ᠦᠵᠡᠯ ᠢ ᠲᠥᠯᠦᠪᠰᠢᠭᠦᠯᠬᠦ ᠵᠣᠷᠢᠯᠭ᠎ᠠ ᠪᠠᠷ ᠲᠥᠷᠦ ᠢᠢᠨ ᠳᠠᠯᠪᠠᠭ᠎ᠠ ᠢᠢ ᠢᠷᠭᠡᠨ᠂ ᠬᠠᠤᠯᠢ ᠢᠢᠨ ᠡᠲᠡᠭᠡᠳ ᠲᠦ ᠬᠦᠨᠳᠦᠳᠬᠡᠯ ᠲᠡᠢ ᠪᠡᠷ ᠭᠠᠷᠳᠠᠭᠤᠯᠤᠨ ᠦᠭ᠍ᠬᠦ ᠵᠣᠬᠢᠴᠠᠭᠤᠯᠤᠯᠲᠠ ᠢᠢ ᠲᠤᠰᠬᠠᠵᠠᠢ᠃

ᠲᠥᠰᠦᠯ ᠪᠠᠲᠤᠯᠠᠭᠳᠠᠭᠰᠠᠨ ᠢᠶᠠᠷ ᠠᠷᠠᠳ ᠲᠦᠮᠡᠨ ᠦ ᠲᠡᠦᠬᠡᠨ ᠤᠯᠠᠮᠵᠢᠯᠠᠯ᠂ ᠬᠦᠰᠡᠯ ᠲᠡᠮᠡᠦᠯᠡᠯ᠂ ᠡᠪ ᠨᠢᠭᠡᠳᠦᠯ᠂ ᠰᠢᠳᠤᠷᠭᠤ ᠶᠣᠰᠣ᠂ ᠴᠣᠭ ᠬᠡᠢᠢᠮᠣᠷ ᠤᠨ ᠢᠯᠡᠷᠬᠡᠢᠢᠯᠡᠯ ᠪᠣᠯᠤᠭᠰᠠᠨ ᠲᠥᠷᠦ ᠢᠢᠨ ᠪᠡᠯᠭᠡ ᠲᠡᠮᠳᠡᠭ᠂ ᠲᠥᠷᠦ ᠢᠢᠨ ᠳᠠᠯᠪᠠᠭ᠎ ᠠ ᠳᠠᠭᠠᠨ ᠬᠦᠨᠳᠦᠳᠬᠡᠯ ᠲᠡᠢ ᠬᠠᠨᠳᠤᠬᠤ᠂ ᠦᠨᠳᠦᠰᠦᠨ ᠦ ᠡᠪ ᠨᠢᠭᠡᠳᠦᠯ ᠢ ᠪᠡᠬᠢᠵᠢᠭᠦᠯᠬᠦ᠂ ᠤᠯᠤᠰ ᠣᠷᠣᠨ ᠢᠶᠠᠨ ᠰᠤᠷᠲᠠᠯᠴᠢᠯᠠᠬᠤ᠂ ᠡᠬᠡ ᠣᠷᠣᠨᠴᠢ ᠦᠵᠡᠯ ᠢ ᠲᠥᠯᠦᠪᠰᠢᠭᠦᠯᠬᠦ ᠳᠥ ᠡᠶᠡᠷᠭᠥ ᠨᠥᠯᠦᠭᠡ ᠦᠵᠡᠭᠦᠯᠬᠦ ᠶᠤᠮ᠃