ᠡᠨᠡ ᠡᠳᠦᠷ ᠦᠳ ᠲᠥ ᠣᠨᠴᠤᠭᠤᠢ ᠪᠠᠢᠢᠳᠠᠯ ᠤᠨ ᠠᠯᠪᠠ ᠪᠠᠢᠢᠭᠤᠯᠤᠭᠳᠠᠭᠰᠠᠨ ᠤ 20 ᠵᠢᠯ ᠦᠨ ᠣᠢ ᠲᠣᠬᠢᠶᠠᠵᠤ ᠪᠠᠢᠢᠨ᠎ᠠ᠃ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ 2004 ᠣᠨ ᠤ ᠨᠢᠭᠡᠳᠦᠭᠡᠷ ᠲᠣᠭᠲᠠᠭᠠᠯ ᠢᠶᠠᠷ ᠭᠠᠯ ᠲᠦᠢᠮᠡᠷ ᠲᠡᠢ ᠲᠡᠮᠡᠴᠡᠬᠦ ᠭᠠᠵᠠᠷ᠂ ᠤᠯᠤᠰ ᠤᠨ ᠢᠷᠭᠡᠨ ᠦ ᠬᠠᠮᠠᠭᠠᠯᠠᠯᠲᠠ ᠢᠢᠨ ᠭᠠᠵᠠᠷ᠂ ᠤᠯᠤᠰ ᠤᠨ ᠨᠥᠭᠡᠴᠡ ᠢᠢᠨ ᠭᠠᠵᠠᠷ ᠢ ᠨᠢᠭᠡᠳᠬᠡᠵᠦ ᠣᠨᠴᠤᠭᠤᠢ ᠪᠠᠢᠢᠳᠠᠯ ᠤᠨ ᠠᠯᠪᠠ ᠢᠢ ᠪᠠᠢᠢᠭᠤᠯᠤᠭᠰᠠᠨ ᠶᠤᠮ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋ᠯᠠᠭᠴᠢ ᠤᠬᠤᠨ᠎ᠠ ᠢᠢᠨ ᠬᠦᠷᠡᠯᠰᠦ᠋ᠬᠡ ᠣᠨᠴᠤᠭᠤᠢ ᠪᠠᠢᠢᠳᠠᠯ ᠤᠨ ᠠᠯᠪᠠᠨ ᠤ ᠣᠢ ᠢᠢᠨ ᠬᠦᠨᠳᠦᠳᠬᠡᠯ ᠦᠨ ᠶᠣᠰᠣᠯᠠᠯ ᠳᠤ ᠣᠷᠣᠯᠴᠠᠯ᠎ᠠ᠃
ᠲᠡᠷᠡ ᠪᠡᠷ ᠦᠨᠳᠦᠰᠦᠨ ᠦ ᠠᠶᠤᠯ ᠦᠭᠡᠢ ᠪᠠᠢᠢᠳᠠᠯ᠂ ᠠᠷᠠᠳ ᠢᠷᠭᠡᠳ ᠦᠨ ᠠᠮᠤᠭᠤᠯᠠᠩ ᠲᠠᠢᠢᠪᠤᠩ ᠠᠮᠢᠳᠤᠷᠠᠯ ᠤᠨ ᠪᠠᠲᠤᠯᠠᠭ᠎ᠠ ᠪᠣᠯᠤᠭᠰᠠᠨ ᠨᠡᠢᠢᠲᠡ ᠪᠡᠶ᠎ᠡ ᠪᠦᠷᠢᠯᠳᠦᠬᠦᠨ᠂ ᠠᠬᠠᠮᠠᠳ ᠤᠳ᠂ ᠲᠡᠳᠡᠨ ᠦ ᠭᠡᠷ ᠪᠦᠯᠢ ᠳᠥ ᠪᠠᠶᠠᠷ ᠬᠦᠷᠭᠡᠵᠦ᠂ ᠠᠵᠢᠯ ᠤᠨ ᠠᠮᠵᠢᠯᠲᠠ᠂ ᠡᠷᠡᠭᠦᠯ ᠡ᠊ᠩᠬᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠪᠡ᠃
ᠡᠷᠭᠦᠭ᠍ᠰᠡᠨ ᠲᠠᠩ᠋ᠭᠠᠷᠢᠭ ᠲᠠᠭᠠᠨ ᠦᠨᠡᠨᠴᠢ ᠪᠠᠢᠢᠵᠤ᠂ ᠪᠤᠰᠤᠳ ᠤᠨ ᠠᠮᠢ ᠨᠠᠰᠤ᠂ ᠡᠷᠡᠭᠦᠯ ᠮᠡᠨᠳᠦ᠂ ᠡᠳ᠋ ᠬᠥᠷᠥᠩ᠋ᠭᠡ ᠢᠢ ᠠᠪᠤᠷᠠᠨ ᠬᠠᠮᠠᠭᠠᠯᠠᠬᠤ ᠢᠢᠨ ᠲᠥᠯᠥᠭᠡ ᠠᠮᠢ ᠪᠡᠶ᠎ᠡ ᠪᠡᠨ ᠦᠯᠦ ᠬᠠᠢᠢᠷᠠᠯᠠᠨ ᠵᠢᠳᠬᠦᠳᠡᠭ ᠠᠯᠪᠠ ᠬᠠᠭᠠᠭᠴᠢᠳ ᠢᠶᠠᠨ ᠠᠷᠠᠳ ᠲᠦᠮᠡᠨ ᠬᠠᠢᠢᠷᠠᠯᠠᠨ ᠬᠦᠨᠳᠦᠯᠡᠳᠡᠭ ᠢ ᠬᠡᠯᠡᠯ᠎ᠡ᠃
ᠡᠬᠡ ᠣᠷᠣᠨ᠂ ᠠᠷᠠᠳ ᠲᠦᠮᠡᠨ ᠦ ᠪᠡᠨ ᠲᠥᠯᠥᠭᠡ ᠠᠯᠲᠠᠨ ᠠᠮᠢᠶ᠎ᠠ ᠡᠷᠭᠦᠭ᠍ᠰᠡᠨ ᠠᠪᠤᠷᠠᠭᠴᠢᠳ ᠤᠨ ᠪᠠᠭᠠᠲᠤᠷᠯᠢᠭ ᠦᠢᠯᠡᠰ᠂ ᠭᠡᠭᠡᠨ ᠳᠤᠷᠠᠰᠬᠠᠯ ᠠᠷᠠᠳ ᠲᠦᠮᠡᠨ᠂ ᠬᠠᠮᠲᠤ ᠣᠯᠠᠨ ᠤ ᠬᠢ ᠨᠢ ᠵᠢᠷᠦᠬᠡ᠂ ᠰᠡᠳᠬᠢᠯ ᠳᠥ ᠮᠥᠩᠬᠡ ᠣᠷᠣᠰᠢᠵᠤ᠂ ᠡᠭᠦᠷᠢᠳᠡ ᠳᠤᠷᠠᠰᠤᠭᠳᠠᠬᠤ ᠪᠣᠯᠤᠨ᠎ᠠ ᠭᠡᠳᠡᠭ ᠢ ᠲᠡᠮᠳᠡᠭᠯᠡᠯ ᠡ᠃
《ᠴᠠᠷ ᠲᠠᠬᠤᠯ ᠲᠠᠢ ᠲᠡᠮᠡᠴᠡᠬᠦ᠂ ᠬᠥᠪᠰᠥᠭᠥᠯ ᠨᠠᠭᠤᠷ ᠤᠨ ᠡᠻᠣᠰᠢᠰᠲ᠋ᠧᠮ ᠢ ᠬᠠᠮᠠᠭᠠᠯᠠᠬᠤ᠂ ᠲᠦᠷᠥᠭ-ᠰᠢᠷᠢᠶ ᠠ ᠢᠢᠨ ᠭᠠᠵᠠᠷ ᠬᠥᠳᠡᠯᠦᠯᠲᠡ ᠢᠢᠨ ᠭᠠᠮᠰᠢᠭ ᠤᠨ ᠭᠣᠯᠣᠮᠲᠠ ᠳᠤ ᠡᠭᠦᠷᠭᠡ ᠭᠦᠢᠴᠡᠳᠭᠡᠭ᠍ᠰᠡᠨ ᠨᠢ ᠭᠠᠮᠰᠢᠭ᠂ ᠣᠰᠣᠯ ᠤᠨ ᠣᠯᠠᠨ ᠵᠠᠭᠤᠨ ᠲᠣᠬᠢᠶᠠᠯᠳᠤᠯ ᠳᠤ ᠡᠭᠦᠷᠭᠡ ᠪᠡᠨ ᠨᠡᠷ᠎ᠡ ᠲᠥᠷᠦ ᠲᠡᠢ ᠪᠡᠶᠡᠯᠡᠭᠦᠯᠵᠦ ᠶᠠᠪᠤᠭ᠎ᠠ ᠲᠤᠰ ᠠᠯᠪᠠᠨ ᠤ 20 ᠵᠢᠯ ᠦᠨ ᠬᠦᠴᠦ ᠬᠥᠳᠡᠯᠮᠦᠷᠢ᠂ ᠬᠢᠴᠢᠶᠡᠯ ᠵᠢᠳᠬᠦᠯ ᠦᠨ ᠦᠷ᠎ᠡ ᠳ᠋ᠦᠩ᠂ ᠦᠨᠡᠯᠡᠭᠡ》 ᠭᠡᠪᠡ᠃
ᠴᠢᠨᠠᠭᠰᠢᠳᠠ ᠠᠯᠪᠠ ᠬᠠᠭᠠᠭᠴᠢᠳ ᠤᠨ ᠠᠮᠢ ᠨᠠᠰᠤ᠂ ᠠᠶᠤᠯ ᠦᠭᠡᠢ ᠠᠵᠢᠯᠯᠠᠭ᠎ᠠ ᠢᠢ ᠮᠡᠷᠭᠡᠵᠢᠯ ᠦᠨ ᠲᠦᠪᠰᠢᠨ ᠳᠥ ᠬᠠᠩ᠋ᠭᠠᠬᠤ ᠳᠤ ᠪᠦᠬᠦ ᠲᠠᠯ᠎ᠠ ᠪᠠᠷ ᠣᠨᠴᠤᠭᠤᠢ ᠠᠩᠬᠠᠷᠬᠤ ᠶᠣᠰᠣᠲᠠᠢ ᠢᠢ ᠣᠨᠴᠠᠯᠠᠯ᠎ᠠ᠃
ᠶᠡᠷᠦᠩᠬᠡᠢᠢᠯᠡᠭᠴᠢ ᠠᠯᠪᠠᠨ ᠡᠭᠦᠷᠭᠡ ᠪᠡᠨ ᠭᠦᠢᠴᠡᠳᠭᠡᠵᠦ ᠶᠠᠪᠤᠭᠠᠳ ᠠᠮᠢ ᠡᠷᠥᠰᠳᠡᠭᠰᠡᠨ ᠠᠯᠪᠠ ᠬᠠᠭᠠᠭᠴᠢᠳ ᠤᠨ ᠠᠷᠤ ᠭᠡᠷ ᠦᠨ ᠨᠡᠢᠢᠭᠡᠮ ᠤᠨ ᠪᠠᠲᠤᠯᠠᠭ᠎ᠠ ᠢᠢ ᠬᠠᠩ᠋ᠭᠠᠬᠤ ᠵᠣᠷᠢᠯᠭ᠎ᠠ ᠪᠠᠷ ᠴᠡᠷᠢᠭ ᠦᠨ ᠠᠯᠪᠠ ᠬᠠᠭᠠᠭᠴᠢ ᠢᠢᠨ ᠲᠡᠳᠬᠦᠪᠦᠷᠢ᠂ ᠲᠡᠳᠬᠦᠮᠵᠢ ᠢᠢᠨ ᠲᠤᠬᠠᠢ ᠬᠠᠤᠯᠢ ᠳᠤ ᠨᠡᠮᠡᠯᠲᠡ ᠥᠭᠡᠷᠡᠴᠢᠯᠡᠯᠲᠡ ᠤᠷᠤᠭᠤᠯᠬᠤ ᠬᠠᠤᠯᠢ ᠢᠢᠨ ᠲᠥᠰᠥᠯ ᠰᠠᠨᠠᠭᠠᠴᠢᠯᠠᠨ ᠪᠣᠯᠪᠠᠰᠤᠷᠠᠭᠤᠯᠵᠤ᠂ ᠤᠯᠤᠰ ᠤᠨ ᠶᠡᠬᠡ ᠬᠤᠷᠠᠯ ᠳᠤ ᠡᠷᠭᠥᠨ ᠮᠡᠳᠡᠭᠦᠯᠦᠭᠡᠳ ᠪᠠᠢᠢᠨ᠎ᠠ᠃
ᠡᠭᠦᠷᠭᠡ ᠭᠦᠢᠴᠡᠳᠭᠡᠬᠦ ᠴᠢᠳᠠᠪᠬᠢ᠂ ᠠᠷᠭ᠎ᠠ ᠲᠠᠻᠲ᠋ᠢᠭ᠂ ᠰᠲ᠋ᠷᠠᠲ᠋ᠧᠭᠢ ᠲᠥᠯᠥᠪᠯᠡᠯᠲᠡ᠂ ᠪᠡᠯᠡᠨ ᠪᠠᠢᠢᠳᠠᠯ᠂ ᠪᠡᠯᠡᠳᠬᠡᠯ᠂ ᠰᠤᠷᠭᠠᠯᠲᠠ ᠪᠠᠨ ᠰᠠᠢᠢᠵᠢᠷᠠᠭᠤᠯᠤᠨ᠂ ᠲᠧᠭᠨᠢᠭ ᠬᠡᠷᠡᠭᠰᠡᠯ᠂ ᠦᠢᠯᠡ ᠠᠵᠢᠯᠯᠠᠭᠠᠨ ᠳᠠᠭᠠᠨ ᠲᠧᠭᠨᠣᠯᠣᠭᠢ ᠢᠢᠨ ᠳᠡᠪᠰᠢᠯ ᠨᠡᠪᠲᠡᠷᠡᠭᠦᠯᠵᠦ᠂ ᠠᠯᠪᠠ ᠬᠠᠭᠠᠭᠴᠢᠳ ᠤᠨ ᠠᠶᠤᠯ ᠦᠭᠡᠢ ᠪᠠᠢᠢᠳᠠᠯ ᠢ ᠪᠦᠷᠢᠨ ᠬᠠᠩ᠋ᠭᠠᠬᠤ ᠨᠥᠬᠥᠴᠡᠯ᠂ ᠪᠣᠯᠤᠮᠵᠢ ᠪᠦᠷᠢᠳᠦᠭᠦᠯᠬᠦ ᠨᠢ ᠨᠡᠩ ᠲᠡᠷᠢᠭᠦᠨ ᠦ ᠵᠣᠷᠢᠯᠲᠠ᠃
ᠭᠠᠵᠠᠷ ᠬᠥᠳᠡᠯᠦᠯᠲᠡ ᠢᠢᠨ ᠭᠠᠮᠰᠢᠭ᠂ ᠴᠠᠷ ᠲᠠᠬᠤᠯ ᠪᠣᠯᠤᠨ ᠠᠶᠤᠯᠲᠤ ᠦᠵᠡᠭᠳᠡᠯ ᠲᠡᠢ ᠲᠡᠮᠡᠴᠡᠬᠦ ᠦᠨᠳᠦᠰᠦᠨ ᠦ ᠰᠥᠷᠥᠨ ᠲᠡᠰᠪᠦᠷᠢᠯᠡᠬᠦ ᠴᠢᠳᠠᠪᠬᠢ ᠢᠢ ᠬᠠᠮᠲᠤ ᠳᠠᠭᠠᠨ ᠪᠣᠭᠣᠨᠢ ᠬᠤᠭᠤᠴᠠᠭᠠᠨ ᠳᠤ ᠪᠦᠷᠢᠳᠦᠭᠦᠯᠦᠨ ᠪᠡᠬᠢᠵᠢᠭᠦᠯᠬᠦ ᠱᠠᠭᠠᠷᠳᠠᠯᠭ᠎ᠠ ᠲᠠᠢ ᠢᠢ ᠲᠡᠮᠳᠡᠭᠯᠡᠪᠡ᠃
ᠤᠯᠤᠰ ᠤᠨ ᠢᠷᠭᠡᠨ ᠦ ᠬᠠᠮᠠᠭᠠᠯᠠᠯᠲᠠ ᠢᠢᠨ ᠭᠠᠵᠠᠷ᠂ ᠭᠠᠯ ᠲᠦᠢᠮᠡᠷ ᠲᠡᠢ ᠲᠡᠮᠡᠴᠡᠬᠦ ᠭᠠᠵᠠᠷ᠂ ᠤᠯᠤᠰ ᠤᠨ ᠨᠥᠭᠡᠴᠡ ᠢᠢᠨ ᠭᠠᠵᠠᠷ ᠤᠨ ᠵᠠᠯᠭᠠᠮᠵᠢ ᠪᠣᠯᠵᠤ᠂ ᠡᠬᠡ ᠣᠷᠣᠨ᠂ ᠠᠷᠠᠳ ᠲᠦᠮᠡᠨ ᠦ ᠪᠡᠨ ᠡᠮᠦᠨ᠎ᠡ ᠬᠦᠯᠢᠶᠡᠭᠰᠡᠨ ᠡᠭᠦᠷᠭᠡ ᠪᠡᠨ ᠨᠡᠷ᠎ᠡ ᠲᠥᠷᠦ ᠲᠡᠢ ᠪᠡᠶᠡᠯᠡᠭᠦᠯᠵᠦ ᠪᠠᠢᠢᠭ᠎ᠠ ᠣᠨᠴᠤᠭᠤᠢ ᠪᠠᠢᠢᠳᠠᠯ ᠤᠨ ᠶᠡᠷᠦᠩᠬᠡᠢ ᠭᠠᠵᠠᠷ ᠢ ᠰᠦᠬᠡᠪᠠᠭᠠᠲᠤᠷ ᠤᠨ ᠣᠳᠣᠨ ᠢᠶᠠᠷ ᠱᠠᠩᠨᠠᠯ᠎ᠠ᠃
ᠠᠩᠬ᠎ᠠ 120 ᠰᠠᠯᠪᠤᠷᠢ ᠨᠢᠭᠡᠴᠡ ᠲᠡᠢ ᠪᠠᠢᠢᠭᠰᠠᠨ ᠣᠨᠴᠤᠭᠤᠢ ᠪᠠᠢᠢᠳᠠᠯ ᠤᠨ ᠠᠯᠪᠠ ᠥᠨᠥᠳᠥᠷ 190 ᠰᠠᠯᠪᠤᠷᠢ ᠨᠢᠭᠡᠴᠡ ᠲᠡᠢ᠂ ᠠᠭᠠᠷ ᠠᠴᠠ ᠡᠷᠢᠨ ᠬᠠᠢᠢᠬᠤ᠂ ᠠᠪᠤᠷᠠᠬᠤ ᠠᠩ᠋ᠭᠢ ᠲᠠᠢ ᠪᠣᠯᠤᠨ ᠥᠷᠭᠡᠵᠢᠵᠦ᠂ ᠲᠧᠭᠨᠢᠭ ᠬᠡᠷᠡᠭᠰᠡᠯ ᠦᠨ ᠬᠠᠩ᠋ᠭᠠᠯᠲᠠ 40 ᠭᠠᠷᠤᠢ ᠬᠤᠪᠢ ᠪᠠᠢ ᠨᠡᠮᠡᠭᠳᠡᠭᠡᠳ ᠪᠠᠢᠢᠨ᠎ᠠ᠃
ᠥᠩ᠋ᠭᠡᠷᠡᠭᠰᠡᠨ 20 ᠵᠢᠯ ᠦᠨ ᠬᠤᠭᠤᠴᠠᠭᠠᠨ ᠳᠤ 37 ᠮᠢᠩ᠋ᠭ᠎ᠠ ᠭᠠᠷᠤᠢ ᠢᠷᠭᠡᠨ ᠦ ᠠᠮᠢ ᠨᠠᠰᠤ᠂ ᠠᠶᠤᠯ ᠦᠭᠡᠢ ᠪᠠᠢᠢᠳᠠᠯ᠂ ᠪᠠᠢᠢᠭᠤᠯᠤᠯᠭ᠎ᠠ᠂ ᠠᠵᠤ ᠠᠬᠤᠢ ᠢᠢᠨ ᠨᠢᠭᠡᠴᠡ᠂ ᠢᠷᠭᠡᠨ ᠦ 1.2 ᠶᠡᠬᠡ ᠨᠠᠶᠤᠳ ᠲᠥᠭᠥᠷᠢᠭ᠌ ᠦᠨ ᠥᠮᠴᠢ ᠬᠥᠷᠥᠩ᠋ᠭᠡ ᠢᠢ ᠠᠪᠤᠷᠠᠨ ᠬᠠᠮᠠᠭᠠᠯᠠᠵᠠᠢ᠃