Та "Internet explorer"-ийн сүүлийн хувилбар болох "Microsoft edge"-г ашиглана уу

Хэрэв "Microsoft edge"-г татах бол энд дарж татаж авна уу

ᠠᠬᠠᠮᠠᠳ ᠨᠠᠰᠤᠲᠠᠨ ᠤ ᠦᠨᠳᠦᠰᠦᠨ ᠦ ᠲᠥᠪ ᠢ ᠠᠯᠲᠠᠨ ᠭᠠᠳᠠᠰᠤ ᠣᠳᠣᠨ ᠢᠶᠠᠷ ᠱᠠᠩᠨᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠨ᠂ ᠬᠠᠯᠠᠮᠵᠢ ᠢᠢᠨ ᠰᠠᠯᠪᠤᠷᠢ ᠢᠢᠨ ᠤᠤᠭᠠᠨ ᠪᠠᠢᠢᠭᠤᠯᠤᠯᠭ᠎ᠠ-ᠠᠬᠠᠮᠠᠳ ᠨᠠᠰᠤᠲᠠᠨ ᠤ ᠦᠨᠳᠦᠰᠦᠨ ᠦ ᠲᠥᠪ ᠢ ᠠᠯᠲᠠᠨ ᠭᠠᠳᠠᠰᠤ ᠣᠳᠣᠨ ᠢᠶᠠᠷ ᠱᠠᠩᠨᠠᠯ᠎ᠠ᠃

ᠲᠥᠪ ᠠᠢᠢᠮᠠᠭ ᠤᠨ ᠪᠠᠲᠤᠰᠦ᠋ᠮᠪᠦᠷ ᠰᠤᠮᠤ ᠢᠢᠨ ᠨᠤᠲᠤᠭ ᠲᠤ ᠪᠠᠢᠢᠷᠢᠯᠠᠬᠤ ᠲᠤᠰ ᠲᠥᠪ ᠡᠨᠡ ᠡᠳᠦᠷ ᠦᠳ ᠲᠥ ᠲᠡᠦᠬᠡᠲᠦ 100 ᠵᠢᠯ ᠦᠨ ᠣᠢ ᠪᠠᠨ ᠲᠡᠮᠳᠡᠭᠯᠡᠨ ᠥᠩ᠋ᠭᠡᠷᠡᠭᠦᠯᠵᠦ ᠪᠠᠢᠢᠨ᠎ᠠ᠃

ᠲᠥᠷᠥ ᠢᠢᠨ ᠳᠡᠭᠡᠳᠦ ᠣᠳᠣᠨ ᠢ ᠶᠡᠷᠦᠩᠬᠡᠢᠢᠯᠡᠭᠴᠢ ᠢᠢᠨ ᠠᠬᠠᠯᠠᠬᠤ ᠵᠥᠪᠯᠡᠬᠦ ᠰ᠊᠂ ᠯᠦᠩᠳᠥᠭ ᠭᠠᠷᠳᠠᠭᠤᠯᠵᠤ᠂ ᠦᠶ᠎ᠡ ᠦᠶ᠎ᠡ ᠢᠢᠨ ᠠᠯᠪᠠᠨ ᠬᠠᠭᠠᠭᠴᠢ᠂ ᠠᠵᠢᠯᠴᠢᠳ ᠪᠣᠯᠤᠨ ᠠᠬᠠᠮᠠᠳ ᠤᠳ ᠲᠤ ᠪᠠᠶᠠᠷ ᠬᠦᠷᠭᠡᠨ᠂ ᠡᠷᠡᠭᠦᠯ ᠡ᠊‍ᠩᠬᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠯ ᠡ᠃

ᠮᠥᠨ ᠡᠷᠬᠢᠯᠡᠭᠰᠡᠨ ᠠᠵᠢᠯ᠂ ᠰᠠᠯᠪᠤᠷᠢ ᠳᠠᠭᠠᠨ ᠦᠷ᠎ᠡ ᠪᠦᠲᠦᠭᠡᠯ ᠲᠡᠢ ᠠᠵᠢᠯᠯᠠᠨ᠂ ᠡᠬᠡ ᠣᠷᠣᠨ ᠤ ᠪᠠᠨ ᠬᠥᠭ᠍ᠵᠢᠯ ᠳᠡᠪᠰᠢᠯ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ ᠠᠬᠠᠮᠠᠳ ᠠᠵᠢᠯᠴᠢᠳ ᠲᠤ ᠲᠥᠷᠥ ᠢᠢᠨ ᠣᠳᠣᠨ᠂ ᠮᠧᠳᠠᠯᠢ ᠭᠠᠷᠳᠠᠭᠤᠯᠤᠯ᠎ᠠ᠃

1924 ᠣᠨ ᠳᠤ ᠮᠠᠷᠱᠠᠯ ᠬᠤ᠊᠂ ᠴᠣᠢᠢᠪᠠᠯᠰᠠᠩ ᠰᠠᠨᠠᠭᠠᠴᠢᠯᠠᠭ᠎ᠠ ᠭᠠᠷᠭᠠᠨ ᠨᠡᠢᠢᠰᠯᠡᠯ ᠬᠦᠷᠢᠶᠡᠨ ᠳᠥ 《ᠥᠨᠥᠴᠢᠨ ᠶᠠᠳᠠᠭᠤᠰ ᠢ ᠲᠡᠳᠭᠦᠬᠦ ᠭᠠᠵᠠᠷ》 ᠪᠠᠢᠢᠭᠤᠯᠤᠭᠰᠠᠨ ᠨᠢ ᠥᠨᠥ ᠢᠢᠨ ᠠᠬᠠᠮᠠᠳ ᠨᠠᠰᠤᠲᠠᠨ ᠤ ᠦᠨᠳᠦᠰᠦᠨ ᠦ ᠲᠥᠪ ᠦᠨ ᠰᠠᠭᠤᠷᠢ ᠪᠣᠯᠤᠭᠰᠠᠨ ᠲᠡᠦᠬᠡ ᠲᠡᠢ᠃ 1956 ᠣᠨ ᠠᠴᠠ ᠬᠡᠨᠲᠡᠢ ᠠᠢᠢᠮᠠᠭ ᠤᠨ ᠴᠡᠩᠬᠡᠷᠮᠠᠨᠳᠠᠯ ᠰᠤᠮᠤ᠂ 1967 ᠣᠨ ᠠᠴᠠ ᠬᠣᠢᠢᠰᠢ ᠣᠳᠣ ᠢᠢ ᠬᠦᠷᠲᠡᠯ᠎ᠡ ᠪᠠᠲᠤᠰᠦ᠋ᠮᠪᠦᠷ ᠰᠤᠮᠤ ᠢᠢᠨ ᠪᠠᠶᠠᠨᠭᠤᠤᠯ ᠤᠨ ᠠᠮᠠᠨ ᠳᠤ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃

ᠦᠨᠳᠦᠰᠦᠨ ᠦ ᠲᠥᠪ ᠨᠢ ᠠᠰᠠᠷᠠᠨ ᠬᠠᠮᠠᠭᠠᠯᠠᠬᠤ᠂ ᠬᠠᠷᠠᠭᠠᠯᠵᠠᠨ ᠳᠡᠮᠵᠢᠬᠦ ᠲᠥᠷᠥᠯ ᠰᠠᠳᠤᠨ ᠥᠭᠡᠢ᠂ ᠪᠡᠶ᠎ᠡ ᠳᠠᠭᠠᠭᠠᠨ ᠠᠮᠢᠳᠤᠷᠠᠬᠤ ᠴᠢᠳᠠᠪᠤᠷᠢ ᠦᠭᠡᠢ᠂ ᠭᠠᠭᠴᠠ ᠪᠡᠶ᠎ᠡ᠂ ᠪᠠᠢᠢᠩ᠋ᠭᠤ ᠢᠢᠨ ᠡᠮᠴᠢᠯᠡᠭᠡ᠂ ᠠᠰᠠᠷᠠᠭ᠎ᠠ ᠱᠠᠭᠠᠷᠳᠠᠯᠭ᠎ᠠ ᠲᠠᠢ ᠪᠣᠯᠤᠨ ᠬᠥᠭ᠍ᠵᠢᠯ ᠦᠨ ᠪᠡᠷᠬᠡᠰᠢᠶᠡᠯᠲᠡᠢ ᠢᠷᠭᠡᠳ ᠢ ᠪᠠᠢᠢᠷᠢᠯᠠᠭᠤᠯᠵᠤ᠂ ᠬᠣᠭᠣᠯᠠ᠂ ᠬᠤᠪᠴᠠᠰᠤ᠂ ᠡᠷᠡᠭᠦᠯ ᠮᠡᠨᠳᠦ᠂ ᠠᠰᠠᠷᠠᠭ᠎ᠠ ᠰᠤᠪᠢᠯᠠᠭ᠎ᠠ᠂ ᠨᠥᠬᠥᠨ ᠰᠡᠷᠭᠦᠭᠡᠬᠦ᠂ ᠰᠡᠳᠬᠢᠯ ᠵᠦᠢ᠂ ᠰᠤᠶᠤᠯ ᠵᠡᠷᠭᠡ ᠦᠢᠯᠡᠴᠢᠯᠡᠭᠡ ᠢᠢ ᠬᠠᠤᠯᠢ ᠳᠤ ᠵᠢᠭᠠᠭᠰᠠᠨ ᠤ ᠳᠠᠭᠠᠭᠤ ᠦᠵᠡᠭᠦᠯᠳᠡᠭ᠃

ᠥᠨᠥᠳᠥᠷ ᠦᠨ ᠪᠠᠢᠢᠳᠠᠯ ᠢᠶᠠᠷ 14 ᠠᠢᠢᠮᠠᠭ᠂ ᠨᠡᠢᠢᠰᠯᠡᠯ ᠦᠨ 182 ᠠᠬᠠᠮᠠᠳ ᠨᠠᠰᠤᠲᠠᠨ᠂ ᠬᠥᠭ᠍ᠵᠢᠯ ᠦᠨ ᠪᠡᠷᠬᠡᠰᠢᠶᠡᠯᠲᠡᠢ ᠢᠷᠭᠡᠨ ᠠᠮᠢᠳᠤᠷᠠᠵᠤ ᠪᠠᠢᠢᠭ᠎ᠠ ᠢᠢᠨ 117 ᠨᠢ ᠡᠷᠡᠭᠲᠡᠢ᠂ 65 ᠨᠢ ᠡᠮᠡᠭᠲᠡᠢ ᠶᠤᠮ᠃

ᠡᠨᠡ ᠵᠢᠯ ᠦᠨ ᠬᠤᠪᠢ ᠳᠤ ᠪᠠᠲᠤᠰᠦ᠋ᠮᠪᠦᠷ ᠰᠤᠮᠤ ᠢᠢᠨ ᠲᠥᠪ ᠡᠴᠡ ᠠᠬᠠᠮᠠᠳ ᠨᠠᠰᠤᠲᠠᠨ ᠤ ᠦᠨᠳᠦᠰᠦᠨ ᠦ ᠲᠥᠪ ᠬᠦᠷᠲᠡᠯᠡᠬᠢ ᠵᠠᠮ ᠢ ᠬᠠᠲᠠᠭᠤ ᠬᠤᠴᠢᠯᠲᠠ ᠲᠠᠢ ᠪᠣᠯᠭᠠᠬᠤ ᠬᠥᠷᠥᠩ᠋ᠭᠡ ᠡᠴᠡ ᠭᠠᠳᠠᠨ᠎ᠠ ᠪᠠᠷᠢᠯᠭ᠎ᠠ ᠢᠢᠨ ᠳᠡᠭᠡᠪᠦᠷ᠂ ᠠᠭᠤᠷ ᠤᠨ ᠵᠤᠤᠬ᠎ᠠ ᠢᠢ ᠰᠢᠨᠡᠳᠭᠡᠬᠦ᠂ ᠠᠬᠠᠮᠠᠳ ᠤᠳ ᠲᠤ ᠨᠡᠩ ᠱᠠᠭᠠᠷᠳᠠᠯᠭ᠎ᠠ ᠲᠠᠢ ᠠᠦ᠋ᠲ᠋ᠣᠪᠦ᠋ᠰ ᠵᠡᠷᠭᠡ ᠢᠢ ᠬᠤᠳᠠᠯᠳᠤᠨ ᠠᠪᠬᠤ 500 ᠭᠠᠷᠤᠢ ᠰᠠᠶ᠎ᠠ ᠲᠥᠭᠥᠷᠢᠭ᠌ ᠢ ᠤᠯᠤᠰ ᠤᠨ ᠲᠥᠰᠥᠪ ᠲᠥ ᠲᠤᠰᠬᠠᠭᠠᠳ ᠪᠠᠢᠢᠨ᠎ᠠ᠃

ᠴᠢᠨᠠᠭᠰᠢᠳᠠ ᠲᠤᠰ ᠲᠥᠪ ᠰᠢᠯᠢᠳᠡᠭ ᠮᠧᠨᠧᠵᠮᠧᠨ᠋ᠲ᠂ ᠠᠵᠢᠯᠴᠢᠳ ᠲᠠᠢ᠂ ᠠᠮᠢᠳᠤᠷᠠᠬᠤ ᠬᠠᠮᠤᠭ ᠤᠨ ᠰᠢᠯᠢᠳᠡᠭ ᠣᠷᠴᠢᠨ ᠪᠦᠷᠢᠳᠦᠭᠦᠯᠵᠦ᠂ ᠭᠠᠳᠠᠭᠠᠳᠤ ᠬᠠᠷᠢᠯᠴᠠᠭ᠎ᠠ ᠪᠠᠨ ᠥᠷᠭᠡᠵᠢᠭᠦᠯᠬᠦ ᠵᠡᠷᠭᠡ ᠵᠣᠷᠢᠯᠲᠠ ᠲᠠᠯᠪᠢᠵᠠᠢ᠃

ᠲᠤᠰ ᠲᠥᠪ 100 ᠭᠠᠷᠤᠢ ᠬᠦᠮᠦᠨ ᠦ ᠣᠷᠣᠨ ᠲᠣᠭ᠎ᠠ ᠲᠠᠢ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃