Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠪᠧᠯᠠᠷᠥ᠋ᠰ ᠤᠯᠤᠰ ᠤᠨ ᠶᠡᠷᠦᠩᠬᠡᠢᠢᠯᠡᠭᠴᠢ ᠠ᠊᠂ ‍ᠭ᠍᠌᠍᠍ᠷᠢ᠊᠂ ᠯᠥ᠋ᠻᠠᠱᠸᠨ᠌ᠻᠤ ᠢᠢ ᠠᠯᠪᠠᠨ ᠶᠣᠰᠣᠭᠠᠷ ᠤᠭᠲᠤᠨ ᠠᠪᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠪᠧᠯᠠᠷᠥ᠋ᠰ ᠤᠯᠤᠰ ᠤᠨ ᠶᠡᠷᠦᠩᠬᠡᠢᠢᠯᠡᠭᠴᠢ ᠮᠣᠩ᠋ᠭᠣᠯ ᠤᠯᠤᠰ ᠲᠤ 2024 ᠣᠨ ᠤ 06 ᠳ᠋ᠤᠭᠠᠷ ᠰᠠᠷ᠎ᠠ ᠢᠢᠨ 01-04 ᠍ ᠦ ᠡᠳᠦᠷ ᠦᠳ ᠲᠥ ᠲᠥᠷᠥ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠥ᠊᠂ ᠨᠠᠢᠢ᠊᠂ ᠪᠸ᠊᠂ ᠤᠯᠤᠰ ᠤᠨ ᠶᠡᠷᠦᠩᠬᠡᠢᠢᠯᠡᠭᠴᠢ ᠠ᠊᠂ ‍ᠭ᠍᠌᠍᠍ᠷᠢ᠊᠂ ᠯᠥ᠋ᠻᠠᠱᠸᠨ᠋ᠻᠤ ᠢᠢ ᠳᠠ᠊᠂ ᠰᠦᠬᠡᠪᠠᠭᠠᠲᠤᠷ ᠤᠨ ᠲᠠᠯᠠᠪᠠᠢ ᠳᠤ ᠤᠭᠲᠤᠨ ᠠᠪᠤᠯ᠎ᠠ᠃

ᠲᠥᠷᠥ ᠢᠢᠨ ᠬᠦᠨᠳᠦᠳᠥ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳᠥ ᠬᠣᠶᠠᠷ ᠤᠯᠤᠰ ᠤᠨ ᠲᠥᠷᠥ ᠢᠢᠨ ᠳᠠᠭᠤᠯᠠᠯ ᠡᠭᠡᠰᠢᠭᠯᠡᠪᠡ᠃ ᠶᠡᠷᠦᠩᠬᠡᠢᠢᠯᠡᠭᠴᠢᠳ ᠲᠥᠷᠥ ᠢᠢᠨ ᠶᠣᠰᠣᠯᠠᠯ ᠤᠨ ᠴᠡᠷᠢᠭ ᠦᠨ ᠴᠠᠭᠠᠨ ᠲᠤᠭ ᠲᠤ ᠮᠡᠬᠦᠢᠢᠨ ᠶᠣᠰᠣᠯᠠᠭᠰᠠᠨ ᠤ ᠳᠠᠷᠠᠭ᠎ᠠ ᠶᠡᠷᠦᠩᠬᠡᠢᠢᠯᠡᠭᠴᠢ ᠠ᠊᠂ ‍ᠭ᠍᠌᠍᠍ᠷᠢ᠊᠂ ᠯᠥ᠋ᠻᠠᠱᠸᠨ᠋ᠻᠤ ᠲᠥᠷᠥ ᠢᠢᠨ ᠬᠦᠨᠳᠦᠳᠥ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠪᠡ᠃

ᠬᠣᠶᠠᠷ ᠣᠷᠣᠨ ᠤ ᠶᠡᠷᠦᠩᠬᠡᠢᠢᠯᠡᠭᠴᠢ ᠤᠭᠲᠤᠬᠤ ᠶᠣᠰᠣᠯᠠᠯ ᠳᠤ ᠬᠦᠷᠦᠯᠴᠡᠨ ᠢᠷᠡᠭᠰᠡᠨ ᠮᠣᠩ᠋ᠭᠣᠯ ᠤᠯᠤᠰ ᠤᠨ ᠪᠣᠯᠤᠨ ᠪᠦᠭᠦᠳᠡ ᠨᠠᠢᠢᠷᠠᠮᠳᠠᠬᠤ ᠪᠧᠯᠠᠷᠥ᠋ᠰ ᠤᠯᠤᠰ ᠤᠨ ᠠᠯᠪᠠᠨ ᠤ ᠲᠥᠯᠥᠭᠡᠯᠡᠭᠴᠢᠳ᠂ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠳ ᠤᠨ ᠲᠡᠷᠢᠭᠦᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠲᠥᠯᠥᠭᠡᠯᠡᠭᠴᠢᠳ ᠲᠡᠢ ᠮᠡᠨᠳᠦᠴᠢᠯᠡᠯ ᠡ᠃

ᠶᠡᠷᠦᠩᠬᠡᠢᠢᠯᠡᠭᠴᠢᠳ ᠶᠡᠬᠡ ᠡᠵᠡᠨ ᠴᠢᠩ᠋ᠭᠢᠰ ᠬᠠᠭᠠᠨ ᠤ ᠬᠥᠰᠢᠭᠡᠨ ᠳᠥ ᠬᠦᠨᠳᠦᠳᠬᠡᠯ ᠦᠵᠡᠭᠦᠯᠦᠭᠰᠡᠨ ᠦ ᠳᠠᠷᠠᠭ᠎ᠠ ᠶᠡᠷᠦᠩᠬᠡᠢᠢᠯᠡᠭᠴᠢ ᠠ᠊᠂ ‍ᠭ᠍᠌᠍᠍ᠷᠢ᠊᠂ ᠯᠥ᠋ᠻᠠᠱᠸᠨ᠋ᠻᠤ ᠲᠥᠷᠥ ᠢᠢᠨ ᠣᠷᠳᠣᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠪᠠ᠃ ᠬᠣᠶᠠᠷ ᠤᠯᠤᠰ 1992 ᠣᠨ ᠤ 01 ᠳᠤᠭᠡᠷ ᠰᠠᠷ᠎ᠠ ᠢᠢᠨ 24 ᠍ ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ ᠪᠧᠯᠠᠷᠦ᠋ᠰ ᠦᠨ ᠲᠠᠯ᠎ᠠ ᠠᠴᠠ ᠮᠣᠩ᠋ᠭᠣᠯ ᠤᠯᠤᠰ ᠲᠤ ᠠᠩᠬ᠎ᠠ ᠤᠳᠠᠭ᠎ᠠ ᠲᠥᠷᠥ ᠢᠢᠨ ᠲᠡᠷᠢᠭᠦᠨ ᠦ ᠲᠦᠪᠰᠢᠨ ᠳᠥ ᠠᠢᠢᠯᠴᠢᠯᠠᠵᠤ ᠪᠠᠢᠢᠨ᠎ᠠ᠃