Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠳᠣᠷᠣᠨᠠᠲᠤ ᠠᠢᠢᠮᠠᠭ ᠤᠨ ᠲᠥᠷᠥ ᠢᠢᠨ ᠠᠯᠪᠠᠨ ᠬᠠᠭᠠᠭᠴᠢᠳ ᠲᠠᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠵᠡᠭᠦᠨ ᠪᠦᠰᠡ ᠢᠢᠨ ᠰᠢᠨ᠎ᠡ ᠳᠤᠯᠠᠭᠠᠨ ᠤ ᠴᠠᠬᠢᠯᠭᠠᠨ ᠰᠲ᠋ᠠᠨ᠋ᠼᠢ ᠢᠢᠨ ᠨᠡᠭᠡᠭᠡᠯᠲᠡ ᠳᠥ ᠣᠷᠣᠯᠴᠠᠬᠤ ᠦᠶ᠎ᠡ ᠪᠡᠷ ᠢᠶᠡᠨ ᠳᠣᠷᠣᠨᠠᠲᠤ ᠠᠢᠢᠮᠠᠭ ᠤᠨ ᠲᠥᠷᠦ ᠢᠢᠨ ᠠᠯᠪᠠᠨ ᠬᠠᠭᠠᠭᠴᠢᠳ ᠲᠠᠢ ᠠᠭᠤᠯᠵᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠠᠯᠪᠠᠨ ᠬᠠᠭᠠᠭᠴᠢᠳ ᠲᠤ ᠬᠠᠨᠳᠤᠨ ᠦᠭᠡ ᠬᠡᠯᠡᠵᠦ᠂ ᠤᠯᠤᠰ ᠣᠷᠣᠨ ᠤ ᠨᠡᠢᠢᠭᠡᠮ᠂ ᠡᠳ᠋ ᠦᠨ ᠵᠠᠰᠠᠭ ᠤᠨ ᠥᠨᠥ ᠢᠢᠨ ᠨᠥᠬᠥᠴᠡᠯ ᠪᠠᠢᠢᠳᠠᠯ᠂ ᠲᠤᠯᠭᠠᠷᠠᠵᠤ ᠪᠠᠢᠢᠭ᠎ᠠ ᠬᠦᠨᠳᠦᠷᠡᠯ᠂ ᠪᠡᠷᠬᠡᠰᠢᠶᠡᠯ᠂ ᠲᠥᠷᠦ᠂ ᠵᠠᠰᠠᠭ ᠠᠴᠠ ᠠᠪᠴᠤ ᠬᠡᠷᠡᠭᠵᠢᠭᠦᠯᠵᠦ ᠪᠠᠢᠢᠭ᠎ᠠ ᠪᠣᠳᠣᠯᠭ᠎ᠠ ᠢᠢᠨ ᠲᠠᠯ᠎ᠠ ᠪᠠᠷ ᠮᠡᠳᠡᠭᠡᠯᠡᠯ ᠦᠭ᠍ᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠥᠨ ᠡᠨᠡ ᠦᠶ᠎ᠡ ᠪᠡᠷ ᠳᠣᠷᠣᠨᠠᠲᠤ ᠠᠢᠢᠮᠠᠭ ᠤᠨ ᠬᠡᠷᠥᠯᠥᠨ ᠰᠤᠮᠤ ᠢᠢᠨ ᠶᠡᠷᠦᠩᠬᠡᠢ ᠪᠣᠯᠪᠠᠰᠤᠷᠠᠯ ᠤᠨ ᠨᠢᠭᠡᠳᠦᠭᠡᠷ ᠰᠤᠷᠭᠠᠭᠤᠯᠢ ᠢᠢᠨ 100 ᠵᠢᠯ ᠦᠨ ᠣᠢ ᠢᠢ ᠲᠣᠬᠢᠶᠠᠯᠳᠤᠭᠤᠯᠤᠨ ᠲᠤᠰ ᠰᠤᠷᠭᠠᠭᠤᠯᠢ ᠢᠢ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ᠂ ᠣᠨᠴᠠᠭᠠᠢ ᠪᠠᠢᠢᠳᠠᠯ ᠤᠨ ᠪᠠᠢᠢᠭᠤᠯᠤᠯᠭ᠎ᠠ ᠢᠢᠨ 20 ᠵᠢᠯ ᠦᠨ ᠣᠢ ᠢᠢ ᠲᠣᠬᠢᠶᠠᠯᠳᠤᠭᠤᠯᠤᠨ ᠳᠣᠷᠣᠨᠠᠲᠤ ᠠᠢᠢᠮᠠᠭ ᠤᠨ ᠣᠨᠴᠠᠭᠠᠢ ᠪᠠᠢᠢᠳᠠᠯ ᠤᠨ ᠭᠠᠵᠠᠷ ᠢ ᠴᠡᠷᠢᠭ ᠦᠨ ᠭᠠᠪᠢᠶᠠᠨ ᠤ ᠣᠳᠣᠨ ᠢᠶᠠᠷ ᠱᠠᠩᠨᠠᠵᠤ᠂ ᠪᠠᠶᠠᠷ ᠬᠦᠷᠭᠡᠯ ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠲᠤ᠄

• 《ᠤᠯᠤᠰ ᠪᠣᠯᠤᠨ ᠣᠯᠠᠨ ᠤᠯᠤᠰ ᠲᠤ ᠠᠯᠳᠠᠷᠲᠠᠢ ᠣᠶᠤᠨᠯᠢᠭ᠂ ᠠᠪᠢᠶᠠᠰᠯᠢᠭ ᠰᠤᠷᠤᠭᠴᠢ᠂ ᠲᠡᠭᠦᠰᠦᠭᠴᠢᠳ ᠢ ᠪᠡᠯᠡᠳᠬᠡᠨ᠂ ᠰᠤᠷᠭᠠᠨ ᠬᠦᠮᠦᠵᠢᠭᠦᠯᠬᠦ᠂ ᠰᠣᠶᠣᠨ ᠭᠡᠭᠡᠷᠡᠭᠦᠯᠬᠦ ᠦᠢᠯᠡᠰ ᠢ ᠮᠠᠩᠯᠠᠢᠢᠯᠠᠵᠤ᠂ ᠪᠣᠯᠪᠠᠰᠤᠷᠠᠯ ᠤᠨ ᠰᠠᠯᠪᠤᠷᠢ ᠳᠤ ᠲᠡᠦᠬᠡᠨ ᠡᠭᠦᠷᠭᠡ ᠭᠦᠢᠴᠡᠳᠭᠡᠵᠦ᠂ ᠣᠨᠴᠠᠭᠠᠢ ᠬᠤᠪᠢ ᠨᠡᠮᠡᠷᠢ ᠣᠷᠣᠭᠤᠯᠤᠭᠰᠠᠭᠠᠷ ᠢᠷᠡᠭᠰᠡᠨ ᠠᠮᠵᠢᠯᠲᠠ ᠢᠢ ᠨᠢ ᠦᠨᠡᠯᠡᠨ ᠳᠣᠷᠣᠨᠠᠲᠤ ᠠᠢᠢᠮᠠᠭ ᠤᠨ ᠬᠡᠷᠥᠯᠥᠨ ᠰᠤᠮᠤ ᠢᠢᠨ ᠶᠡᠷᠦᠩᠬᠡᠢ ᠪᠣᠯᠪᠠᠰᠤᠷᠠᠯ ᠤᠨ ᠨᠢᠭᠡᠳᠦᠭᠡᠷ ᠰᠤᠷᠭᠠᠭᠤᠯᠢ ᠢᠢ ᠮᠣᠩ᠋ᠭᠣᠯ ᠤᠯᠤᠰ ᠤᠨ ᠲᠥᠷᠦ ᠢᠢᠨ ᠳᠡᠭᠡᠳᠦ ᠱᠠᠩᠨᠠᠯ 《ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠤᠨ》 ᠍ ᠪᠠᠷ ᠱᠠᠩᠨᠠᠰᠤᠭᠠᠢ》᠂

• 《ᠢᠷᠭᠡᠳ ᠲᠥ ᠤᠴᠠᠷᠠᠵᠤ ᠪᠣᠯᠵᠣᠰᠢ ᠦᠭᠡᠢ ᠣᠰᠣᠯ᠂ ᠭᠠᠮᠰᠢᠭ ᠤᠨ ᠠᠶᠤᠯ ᠠᠴᠠ ᠤᠷᠢᠳᠴᠢᠯᠠᠨ ᠰᠡᠷᠭᠡᠢᠢᠯᠡᠬᠦ᠂ ᠠᠪᠤᠷᠠᠨ ᠬᠠᠮᠠᠭᠠᠯᠠᠬᠤ ᠪᠣᠯᠤᠨ ᠬᠠᠤᠯᠢ ᠪᠠᠷ ᠬᠦᠯᠢᠶᠡᠭᠰᠡᠨ ᠡᠭᠦᠷᠭᠡ ᠪᠡᠨ ᠠᠮᠵᠢᠯᠲᠠᠲᠠᠢ ᠪᠡᠶᠡᠯᠡᠭᠦᠯᠵᠦ ᠪᠦᠰᠡ᠂ ᠣᠷᠣᠨ ᠨᠤᠲᠤᠭ ᠤᠨ ᠬᠥᠭ᠍ᠵᠢᠯ ᠳᠥ ᠣᠷᠣᠭᠤᠯᠵᠤ ᠪᠤᠢ ᠬᠤᠪᠢ ᠨᠡᠮᠡᠷᠢ ᠢᠢ ᠨᠢ ᠦᠨᠡᠯᠡᠨ ᠳᠣᠷᠣᠨᠠᠲᠤ ᠠᠢᠢᠮᠠᠭ ᠤᠨ ᠣᠨᠴᠠᠭᠠᠢ ᠪᠠᠢᠢᠳᠠᠯ ᠤᠨ ᠭᠠᠵᠠᠷ ᠢ ᠮᠣᠩ᠋ᠭᠣᠯ ᠤᠯᠤᠰ ᠤᠨ ᠲᠥᠷᠦ ᠢᠢᠨ ᠳᠡᠭᠡᠳᠦ ᠱᠠᠩᠨᠠᠯ 《ᠴᠡᠷᠢᠭ ᠦᠨ ᠭᠠᠪᠢᠶᠠᠨ ᠤ ᠣᠳᠤᠨ》 ᠍ ᠪᠠᠷ ᠱᠠᠩᠨᠠᠰᠤᠭᠠᠢ》 ᠭᠡᠵᠡᠢ᠃