Та "Internet explorer"-ийн сүүлийн хувилбар болох "Microsoft edge"-г ашиглана уу

Хэрэв "Microsoft edge"-г татах бол энд дарж татаж авна уу

thumbnail 18.01.12 Sambo
18.01.12 Sambo
ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠰᠠᠮᠪᠣ ᠪᠥᠬᠡ ᠶᠢᠨ 2018 ᠣᠨ ᠤ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠨᠡᠭᠡᠭᠡᠯᠲᠡ ᠳᠦ ᠣᠷᠣᠯᠴᠠᠯ᠎ᠠ

ᠮᠣᠩᠭ᠋ᠤᠯ ᠤᠯᠤᠰ ᠲᠤ ᠰᠠᠮᠪᠣ ᠪᠥᠬᠡ ᠢᠢᠨ ᠰᠫᠣᠷᠲ ᠡᠭᠦᠰᠡᠵᠥ᠂ ᠬᠥᠭ᠍ᠵᠢᠭᠰᠡᠨ ᠦ 50 ᠵᠢᠯ ᠦᠨ ᠣᠢ ᠡᠨᠡ ᠣᠨ ᠳᠤ ᠲᠣᠬᠢᠶᠠᠵᠤ᠂ ᠨᠠᠰᠤᠨ ᠳᠤ ᠬᠦᠷᠡᠭᠴᠢᠳ ᠦᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ 49 ᠳ᠋ᠡᠬᠢ ᠵᠢᠯ ᠳᠥ ᠪᠡᠨ ᠪᠣᠯᠵᠤ ᠪᠠᠢᠢᠨ᠎ᠠ᠃ ᠥᠨᠥᠳᠥᠷ ᠪᠣᠯᠤᠭᠰᠠᠨ ᠲᠡᠮᠡᠴᠡᠭᠡᠨ ᠦ ᠨᠡᠭᠡᠭᠡᠯᠲᠡ ᠳᠥ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠣᠷᠣᠯᠴᠠᠵᠤ᠂ ᠲᠠᠮᠢᠷᠴᠢᠳ ᠲᠤ ᠠᠮᠵᠢᠯᠲᠠ ᠬᠦᠰᠡᠯ᠎ᠡ᠃

 

ᠮᠣᠩᠭ᠋ᠤᠯ ᠤᠯᠤᠰ ᠤᠨ ᠶᠡᠷᠦᠩᠬᠡᠢᠢᠯᠡᠭᠴᠢ᠂ ᠰᠠᠮᠪᠣ ᠪᠥᠬᠡ ᠢᠢᠨ ᠳᠡᠯᠡᠬᠡᠢ ᠢᠢᠨ ᠠᠪᠤᠷᠭᠤ ᠬᠠ‍᠂ᠪᠠᠲᠤᠲᠤᠯᠭ᠎ᠠ ᠰᠠᠮᠪᠣ ᠪᠥᠬᠡ ᠢᠢᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠢ ᠨᠡᠭᠡᠭᠡᠵᠦ ᠬᠡᠯᠡᠭᠰᠡᠨ ᠦᠭᠡᠨ ᠳᠥ ᠪᠡᠨ᠄

 

《ᠰᠠᠮᠪᠣ ᠪᠥᠬᠡ ᠢᠢᠨ ᠤᠯᠤᠰ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠥ ᠬᠦᠷᠦᠯᠴᠡᠨ ᠢᠷᠡᠭᠰᠡᠨ ᠵᠣᠴᠢᠳ

thumbnail 18.01.11 Diplomat
18.01.11 Diplomat
ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ ᠪᠠᠲᠤᠲᠤᠯᠭ᠎ᠠ ᠳ᠋ᠢᠫᠯᠣᠮᠠᠲ ᠺᠣᠷᠫᠤᠢᠰ᠂ ᠣᠯᠠᠨ ᠤᠯᠤᠰ ᠤᠨ ᠪᠠᠶᠢᠭᠤᠯᠤᠯᠭ᠎ᠠ ᠶᠢᠨ ᠲᠥᠯᠦᠭᠡᠯᠡᠯ ᠦᠳ ᠢ ᠬᠦᠯᠢᠶᠡᠨ ᠠᠪᠴᠤ ᠠᠭᠤᠯᠵᠠᠯ᠎ᠠ

 

ᠮᠠᠨ ᠤ ᠤᠯᠤᠰ ᠲᠤ ᠦᠢᠯᠡ ᠠᠵᠢᠯᠯᠠᠭ᠎ᠠ ᠶᠠᠪᠤᠭᠤᠯᠳᠠᠭ ᠭᠠᠳᠠᠭᠠᠳᠤ ᠢᠢᠨ ᠳ᠋ᠢᠫᠯᠣᠮᠠᠲ ᠺᠣᠷᠫᠤᠢᠰ᠂ ᠣᠯᠠᠨ ᠤᠯᠤᠰ ᠤᠨ ᠪᠠᠢᠢᠭᠤᠯᠤᠯᠭ᠎ᠠ ᠢᠢᠨ ᠤᠳᠤᠷᠢᠳᠤᠯᠭ᠎ᠠ ᠨᠤᠭᠤᠳ ᠢ ᠲᠥᠷᠥ ᠢᠢᠨ ᠭᠤᠷᠪᠠᠨ ᠥᠨᠳᠥᠷᠯᠢᠭ ᠰᠢᠨ᠎ᠡ ᠣᠨ ᠢ ᠲᠣᠬᠢᠶᠠᠯᠳᠤᠭᠤᠯᠤᠨ ᠬᠦᠯᠢᠶᠡᠨ ᠠᠪᠴᠤ ᠠᠭᠤᠯᠵᠠᠳᠠᠭ ᠤᠯᠠᠮᠵᠢᠯᠠᠯ ᠲᠠᠢ ᠶᠤᠮ᠃ ᠡᠨᠡ ᠳᠠᠭᠠᠭᠤ ᠥᠨᠥᠳᠥᠷ ᠮᠣᠩᠬ᠋ᠤᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ ᠤᠯᠠᠭᠠᠨᠪᠠᠭᠠᠲᠤᠷ ᠲᠤ ᠰᠠᠭᠤᠭ᠎ᠠ ᠳ᠋ᠢᠫᠯᠣᠮᠠᠲ ᠺᠣᠷᠫᠤᠢᠰ ᠤᠨ ᠲᠡᠷᠢᠭᠦᠨ᠂ ᠭᠡᠰᠢᠭᠦᠳ᠂ ᠡᠯᠴᠢᠨ ᠰᠠᠢᠢᠳ ᠨᠠᠷ ᠢ ᠬᠦᠯᠢᠶᠡᠨ ᠠᠪᠴᠤ ᠠᠭᠤᠯᠵᠠᠯ᠎ᠠ᠃ ᠠᠭᠤᠯᠵᠠᠯᠲᠠ ᠳᠤ ᠮᠣᠩᠬ᠋ᠤᠯ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ᠂ ᠮᠣᠩᠬ᠋ᠤᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠭᠠᠳᠠᠭᠠᠳᠤ

thumbnail 18.01.08 Baasankhuu
18.01.08 Baasankhuu
ᠶᠡᠷᠦᠩᠬᠡᠶᠢᠯᠡᠭᠴᠢ ᠶᠢᠨ ᠨᠡᠷᠡᠮᠵᠢᠲᠦ ᠡᠭᠦᠷᠢᠳᠡ ᠬᠠᠳᠠᠭᠠᠯᠠᠭᠳᠠᠬᠤ ᠴᠣᠮᠤ ᠢᠢ ᠮᠣᠩᠭᠣᠯ ᠤᠯᠤᠰ ᠤᠨ ᠬᠠᠷᠴᠠᠭ᠎ᠠ ᠲᠥᠷᠥ ᠡ ᠶᠢᠨ ᠪᠠᠰᠠᠩᠬᠦᠦ ᠳᠦ ᠭᠠᠷᠳᠠᠭᠤᠯᠵᠤ ᠥᠭᠭᠦᠯ᠎ᠡ

ᠮᠣᠩᠭ᠋ᠤᠯ ᠤᠯᠤᠰ ᠤᠨ ᠶᠡᠷᠦᠩᠬᠡᠢᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠵᠠ‍᠂ ᠡᠩᠬᠡᠪᠣᠯᠤᠳ ᠶᠡᠷᠦᠩᠬᠡᠢᠢᠯᠡᠭᠴᠢ ᠶᠢᠨ ᠴᠣᠮᠣ ᠶᠢᠨ ᠲᠥᠯᠦᠭᠡᠬᠢ ᠴᠢᠨᠰᠠᠭ᠎ᠠ ᠥᠨᠳᠥᠷ 128 ᠪᠥᠬᠡ ᠶᠢᠨ 2017 ᠣᠨ ᠤ ᠪᠠᠷᠢᠯᠳᠤᠭᠠᠨ ᠳᠤ ᠲᠦᠷᠦᠭᠦᠯᠡᠭᠰᠡᠨ ᠤᠪᠰᠤ ᠠᠢᠢᠮᠠᠭ ᠤᠨ ᠲᠡᠰ ᠰᠤᠮᠤ ᠶᠢᠨ ᠬᠠᠷᠢᠶᠠᠲᠤ᠂ ᠦᠨᠳᠦᠰᠦᠨ ᠦ ᠪᠠᠲᠤᠯᠠᠨ ᠬᠠᠮᠠᠭᠠᠯᠠᠬᠤ ᠶᠢᠨ ᠶᠡᠬᠡ ᠰᠤᠷᠭᠠᠭᠤᠯᠢ᠂ 《ᠤᠪᠰᠤ ᠨᠠᠭᠤᠷ》 ᠳᠡᠪᠵᠢᠶᠡᠨ ᠦ ᠪᠥᠬᠡ᠂ ᠮᠣᠩᠭ᠋ᠤᠯ ᠤᠯᠤᠰ ᠤᠨ ᠬᠠᠷᠴᠠᠭ᠎ᠠ ᠲᠥᠷᠥ ᠡ ᠶᠢᠨ ᠪᠠᠰᠠᠩᠬᠦᠦ ᠳᠥ ᠥᠨᠥᠳᠥᠷ ᠶᠡᠷᠦᠩᠬᠡᠢᠢᠯᠡᠭᠴᠢ ᠶᠢᠨ ᠨᠡᠷᠡᠮᠵᠢᠲᠦ ᠴᠣᠮᠣ ᠶᠢ᠂ ᠴᠣᠮᠣ ᠭᠠᠷᠳᠠᠭᠤᠯᠬᠤ ᠲᠤᠬᠠᠢ ᠵᠠᠷᠯᠢᠭ ᠤᠨ ᠬᠠᠮᠲᠤ ᠳᠤᠷᠠᠰᠬᠠᠵᠤ᠂ ᠠᠮᠵᠢᠯᠲᠠ ᠬᠦᠰᠡᠯ᠎ᠡ᠃

 

ᠮᠣᠩᠭ᠋ᠤᠯᠴᠤᠳ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 106 ᠵᠢᠯ ᠦᠨ

thumbnail 18.01.08 IJB
18.01.08 IJB
ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠳᠤ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠠᠴᠠ ᠮᠣᠩᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠣ ᠰᠢᠨ ᠬᠣ‍ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠳᠤ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩᠭ᠋ᠣᠰ ᠠᠷᠠᠳ ᠤᠯᠤᠰ ᠠᠴᠠ ᠮᠣᠩᠭ᠋ᠤᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠣ ᠰᠢᠨ ᠬᠣ‍ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠢᠲᠡᠭᠡᠮᠵᠢᠯᠡᠬᠦ ᠵᠢᠭᠤᠬᠤ ᠪᠢᠴᠢᠭ᠌ ᠪᠠᠷᠢᠭᠰᠠᠨ ᠤ ᠳᠠᠷᠠᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ‍᠂ᠪᠠᠳᠤᠳᠤᠯᠭ᠎ᠠ ᠡᠯᠴᠢᠨ ᠰᠠᠢᠢᠳ ᠣ ᠰᠢᠨ ᠬᠣ‍ ᠢᠢ ᠬᠦᠯᠢᠶᠡᠨ ᠠᠪᠴᠤ ᠠᠭᠤᠯᠵᠠᠯ᠎ᠠ᠃

ᠡᠯᠴᠢᠨ ᠰᠠᠢᠢᠳ ᠣ ᠰᠢᠨ ᠬᠣ‍ ᠠᠭᠤᠯᠵᠠᠯᠲᠠ ᠢᠢᠨ ᠦᠶ᠎ᠡ ᠪᠡᠷ 《ᠡᠷᠬᠢᠮᠰᠦᠭ ᠨᠣᠶᠠᠨ ᠶᠡᠷᠦᠩᠬᠡᠢᠢᠯᠡᠭᠴᠢ ᠨᠠᠮᠠᠢᠢ ᠬᠦᠯᠢᠶᠡᠨ ᠠᠪᠴᠤ᠂ ᠠᠭᠤᠯᠵᠠᠵᠤ ᠪᠠᠢᠢᠭᠠᠳ ᠪᠠᠶᠠᠷᠯᠠᠯ᠎ᠠ᠃ ᠶᠠᠭᠤᠨ ᠤ ᠡᠮᠦᠨ᠎ᠡ

thumbnail 18.1.05 UIH
18.1.05 UIH
ᠮᠣᠩᠭᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄ ᠤᠲᠤᠭᠠᠨ ᠤ ᠠᠰᠠᠭᠤᠳᠠᠯ ᠢ ᠰᠢᠢᠳᠴᠦ ᠴᠢᠳᠠᠬᠤ ᠦᠭᠡᠢ ᠪᠣᠯ ᠴᠠᠭᠠᠨ ᠰᠠᠷ᠎ᠠ ᠶᠢᠨ ᠳᠠᠷᠠᠭ᠎ᠠ ᠤᠯᠤᠰ ᠤᠨ ᠶᠡᠬᠡ ᠬᠤᠷᠠᠯ ᠢ ᠲᠠᠷᠠᠭᠠᠬᠤ ᠲᠠᠯ᠎ᠠ ᠪᠠᠷ ᠰᠠᠨᠠᠭᠠᠴᠢᠯᠠᠭᠠᠳᠠᠢ ᠠᠵᠢᠯᠯᠠᠨ᠎ᠠ  

 

ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠭᠠᠷ ᠤᠨ ᠪᠣᠬᠢᠷᠳᠠᠯ ᠲᠠᠢ 《ᠣᠨᠴᠠ ᠪᠠᠶᠢᠳᠠᠯ》 ᠵᠠᠷᠯᠠᠨ ᠲᠡᠮᠡᠴᠡᠬᠦ ᠠᠰᠠᠭᠤᠳᠠᠯ ᠢᠶᠠᠷ ᠥᠩᠭᠡᠷᠡᠭᠰᠡᠨ ᠣᠨ ᠤ ᠰᠡᠭᠦᠯ ᠢᠢᠡᠷ ᠪᠤᠶᠤ 12 ᠳ᠋ᠤᠭᠠᠷ ᠰᠠᠷ᠎ᠠ ᠶᠢᠨ 28 ᠍ ᠳᠤ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠠᠯᠪᠠᠨ ᠪᠢᠴᠢᠭ᠌ ᠢᠶᠡᠷ ᠰᠠᠨᠠᠯ ᠬᠦᠷᠭᠡᠭᠦᠯᠦᠭᠰᠡᠨ ᠪᠢᠯᠡ᠃ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠥᠨᠥᠳᠥᠷ ᠦᠨ ᠨᠢᠭᠡᠳᠦᠭᠰᠡᠨ ᠬᠤᠷᠠᠯᠳᠤᠭᠠᠨ ᠢᠶᠠᠷ ᠤᠭ ᠠᠰᠠᠭᠤᠳᠠᠯ ᠢ ᠬᠡᠯᠡᠯᠴᠡᠯ᠎ᠡ᠃ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠴᠢᠭᠤᠯᠭᠠᠨ ᠤ ᠬᠤᠷᠠᠯᠳᠤᠭᠠᠨ ᠳᠤ ᠣᠷᠣᠯᠴᠠᠵᠤ ᠦᠭᠡ ᠬᠡᠯᠡᠭᠰᠡᠨ ᠶᠤᠮ᠃ ᠶᠡᠷᠦᠩᠬᠡᠢᠢᠯᠡᠭᠴᠢ ᠬᠡᠯᠡᠭᠰᠡᠨ ᠦᠭᠡᠨ ᠳᠦ ᠪᠡᠨ 《ᠤᠲᠤᠭᠠᠨ ᠤ ᠠᠰᠠᠭᠤᠳᠠᠯ ᠢ ᠰᠢᠢᠳᠴᠦ ᠴᠢᠳᠠᠬᠤ ᠦᠭᠡᠢ

thumbnail 17.9.12 Huns
17.9.12 Huns
ᠮᠣᠩᠭᠤᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄ ᠬᠦᠨᠡᠰᠦ ᠥᠨᠥᠳᠥᠷ ᠦᠨᠳᠦᠰᠦᠨ ᠦ ᠠᠶᠤᠯ ᠦᠭᠡᠢ ᠪᠠᠶᠢᠳᠠᠯ ᠳᠤ ᠨᠡᠩ ᠲᠤᠯᠭᠠᠮᠳᠠᠭᠰᠠᠨ ᠠᠰᠠᠭᠤᠳᠠᠯ ᠪᠣᠯᠤᠭᠠᠳ ᠪᠠᠢᠢᠨ᠎ᠠ

 

ᠮᠣᠩᠭ᠋ᠤᠯ ᠤᠯᠤᠰ ᠤᠨ ᠬᠦᠨᠡᠰᠦᠨ ᠦ ᠠᠶᠤᠯ ᠦᠭᠡᠢ ᠪᠠᠢᠢᠳᠠᠯ ᠤᠨ ᠦᠨᠳᠦᠰᠦᠨ ᠦ ᠴᠢᠭᠤᠯᠭᠠᠨ ᠥᠨᠥᠳᠥᠷ ᠲᠥᠷᠥ ᠶᠢᠨ ᠣᠷᠳᠣᠨ ᠤ ᠶᠡᠬᠡ ᠲᠠᠩᠬᠢᠮ ᠳᠤ ᠴᠢᠭᠤᠯᠵᠤ ᠪᠠᠢᠢᠨ᠎ᠠ᠃

 

ᠮᠣᠩᠭ᠋ᠤᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠠᠭ᠎ᠠ ᠪᠠᠷ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠠᠵᠢᠯ ᠤᠨ ᠠᠯᠪᠠ᠂ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠶᠠᠮᠤ᠂ ᠮᠣᠩᠭ᠋ᠤᠯ ᠤᠨ ᠬᠦᠨᠡᠰᠦᠴᠢᠳ ᠦᠨ ᠬᠣᠯᠪᠣᠭ᠎ᠠ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠶᠢᠨ ᠬᠦᠨᠡᠰᠦ᠂ ᠬᠥᠳᠡᠭᠡ ᠠᠵᠤ ᠠᠬᠤᠢ ᠶᠢᠨ ᠪᠠᠢᠢᠭᠤᠯᠤᠯᠭ᠎ᠠ ᠬᠠᠮᠲᠤᠷᠠᠨ ᠮᠣᠩᠭ᠋ᠤᠯ ᠤᠯᠤᠰ ᠤᠨ ᠬᠦᠨᠡᠰᠦᠨ ᠦ ᠠᠶᠤᠯ ᠦᠭᠡᠢ ᠪᠠᠢᠢᠳᠠᠯ ᠤᠨ ᠦᠨᠳᠦᠰᠦᠨ ᠦ ᠴᠢᠭᠤᠯᠭᠠᠨ ᠢ ᠥᠨᠥᠳᠥᠷ ᠲᠥᠷᠥ ᠶᠢᠨ ᠣᠷᠳᠣᠨ ᠤ ᠶᠡᠬᠡ ᠲᠠᠩᠬᠢᠮ ᠳᠤ ᠵᠣᠬᠢᠶᠠᠨ ᠪᠠᠢᠢᠭᠤᠯᠵᠤ ᠪᠠᠢᠢᠨ᠎ᠠ᠃

 

ᠤᠭ