Та "Internet explorer"-ийн сүүлийн хувилбар болох "Microsoft edge"-г ашиглана уу

Хэрэв "Microsoft edge"-г татах бол энд дарж татаж авна уу

ᠮᠡᠳᠡᠭᠡ
thumbnail 19.04.04 Asian
19.04.04 Asian
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠽᠢᠶ᠎ᠠ ᠢᠢᠨ ᠬᠥᠭᠵᠢᠯ ᠦᠨ ᠪᠠᠩᠬᠢᠨ ᠤ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠠᠽᠢᠶ᠎ᠠ ᠢᠢᠨ ᠬᠥᠭ᠍ᠵᠢᠯ ᠦᠨ ᠪᠠᠩᠬᠢᠨ᠍ ᠤ ᠵᠡᠭᠦᠨ ᠠᠽᠢᠶ᠎ᠠ ᠢᠢ ᠬᠠᠷᠢᠭᠤᠴᠠᠭᠰᠠᠨ ᠶᠡᠷᠦᠩᠬᠡᠢ ᠵᠠᠬᠢᠷᠤᠯ ᠡᠧᠮᠢ ᠯᠧᠤᠢᠩ ᠢ ᠪᠣᠯᠤᠨ ᠠᠽᠢᠶ᠎ᠠ ᠢᠢᠨ ᠬᠥᠭ᠍ᠵᠢᠯ ᠦᠨ ᠪᠠᠩᠬᠢᠨ᠍ ᠍ ᠤ ᠮᠣᠩ᠋ᠭᠣᠯ ᠳ᠋ᠠᠬᠢ ᠰᠠᠭᠤᠷᠢᠨ ᠲᠥᠯᠥᠭᠡᠯᠡᠭᠴᠢ ᠶᠣᠯᠠᠨ᠋ᠳᠠ ᠹᠧᠷᠨᠠᠨ᠋ᠳᠧᠽ ᠯᠣᠮᠮᠧᠨ ᠨᠠᠷ ᠤᠨ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠽᠢᠶ᠎ᠠ ᠢᠢᠨ ᠬᠥᠭ᠍ᠵᠢᠯ ᠦᠨ ᠪᠠᠩᠬᠢ ᠨᠢ ᠮᠣᠩ᠋ᠭᠣᠯ ᠤᠯᠤᠰ ᠲᠤ ᠦᠢᠯᠡ ᠠᠵᠢᠯᠯᠠᠭ᠎ᠠ ᠪᠠᠨ ᠶᠠᠪᠤᠭᠤᠯᠵᠤ ᠪᠠᠢᠢᠭ᠎ᠠ ᠣᠯᠠᠨ ᠤᠯᠤᠰ ᠤᠨ ᠰᠠᠩᠬᠦᠦ ᠢᠢᠨ ᠪᠠᠢᠢᠭᠤᠯᠤᠯᠭ᠎ᠠ ᠨᠤᠭᠤᠳ ᠠᠴᠠ ᠬᠠᠮᠤᠭ ᠤᠨ ᠢᠳᠡᠪᠬᠢᠲᠡᠢ᠂ ᠰᠠᠩᠬᠦᠵᠢᠭᠦᠯᠦᠭᠰᠡᠨ ᠲᠥᠰᠥᠯ᠂ ᠬᠥᠲᠥᠯᠪᠦᠷᠢ

thumbnail 19.04.04 Shuleg
19.04.04 Shuleg
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2222 ᠰᠤᠷᠤᠭᠴᠢ ᠢᠢᠨ ᠬᠠᠮᠲᠤ 《ᠲᠤᠰᠠᠭᠠᠷ ᠲᠣᠭᠲᠠᠨᠢᠯ》 ᠰᠢᠯᠦᠭ ᠤᠩᠰᠢᠯ᠎ᠠ

ᠮᠣᠩ᠋ᠭᠣᠯ ᠤᠯᠤᠰ ᠤᠨ ᠬᠥᠳᠡᠯᠮᠦᠷᠢ ᠢᠢᠨ ᠪᠠᠭᠠᠲᠤᠷ᠂ ᠲᠥᠲᠦ ᠢᠢᠨ ᠱᠠᠩᠨᠡᠯᠳᠤ᠂ ᠠᠷᠠᠳ ᠤᠨ ᠤᠷᠠᠨ ᠵᠣᠬᠢᠶᠠᠯᠴᠢ ᠳᠡᠩᠳᠡᠪ ᠦᠨ ᠫᠦᠷᠪᠦᠳᠣᠷᠵᠢ ᠢᠢᠨ 《ᠲᠤᠰᠠᠭᠠᠷ ᠲᠣᠭᠲᠠᠨᠢᠯ》 ᠰᠢᠯᠦᠭ ᠢ ᠵᠢᠯ ᠪᠦᠷᠢ ᠢᠢᠨ ᠳᠥᠷᠪᠡᠳᠦᠭᠡᠷ ᠰᠠᠷ᠎ᠠ ᠢᠢᠨ ᠡᠬᠢᠨ ᠦ ᠳᠣᠯᠣᠭ᠎ᠠ ᠬᠣᠨᠣᠭ ᠲᠤ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠢᠢᠨ ᠰᠤᠷᠤᠭᠴᠢᠳ ᠤᠩᠰᠢᠳᠠᠭ ᠤᠯᠠᠮᠵᠢᠯᠠᠯ ᠲᠣᠭᠲᠠᠭᠰᠠᠨ ᠨᠢ ᠥᠨᠥᠳᠥᠷ ᠪᠣᠯᠵᠤ ᠥᠨᠳᠥᠷᠯᠡᠯ᠎ᠡ᠃

 

ᠰᠤᠷᠤᠭᠴᠢᠳ ᠲᠤ ᠡᠬᠡ ᠣᠷᠣᠨᠴᠢ ᠰᠡᠳᠬᠢᠯ᠂ ᠲᠤᠰᠠᠭᠠᠷ ᠲᠣᠭᠲᠠᠨᠢᠯ ᠤᠨ ᠤᠬᠠᠭᠳᠠᠬᠤᠨ ᠢ ᠰᠢᠯᠦᠭ ᠢᠶᠡᠷ ᠳᠠᠮᠵᠢᠭᠤᠯᠤᠨ ᠢᠯᠡᠷᠬᠡᠢᠢᠯᠡᠵᠦ᠂ ᠵᠢᠯ ᠪᠦᠷᠢ ᠡᠨᠡ ᠬᠦ ᠰᠢᠯᠦᠭ ᠢ ᠤᠩᠰᠢᠬᠤ ᠨᠢ ᠢᠷᠠᠭᠤ ᠨᠠᠢᠢᠷᠠᠭᠴᠢ ᠳᠡᠩᠳᠡᠪ ᠦᠨ ᠫᠦᠷᠪᠦᠳᠣᠷᠵᠢ ᠢᠢᠨ 《ᠲᠤᠰᠠᠭᠠᠷ ᠲᠣᠭᠲᠠᠨᠢᠯ》 ᠰᠢᠯᠦᠭ ᠢ ᠦᠨᠳᠦᠰᠦᠨ ᠦ ᠪᠠᠬᠠᠷᠬᠠᠯᠳᠤ ᠰᠢᠯᠦᠭ ᠪᠣᠯᠭᠠᠬᠤ ᠵᠣᠷᠢᠯᠭ᠎ᠠ ᠲᠠᠢ

thumbnail 19.04.03 Shagnal
19.04.03 Shagnal
ᠣᠷᠣᠰ ᠤᠨ ᠬᠣᠯᠪᠣᠭᠠᠨ ᠤ ᠤᠯᠤᠰ ᠤᠨ ᠳ᠋ᠣᠺᠲ᠋ᠣᠷ᠂ ᠫᠷᠣᠹᠧᠰᠰᠣᠷ ᠲᠠᠮᠠᠷᠠ ᠸᠢᠺᠲ᠋ᠣᠷᠣᠸᠨ᠎ᠠ ᠮᠠᠬᠠᠢᠢᠯᠣᠸᠠ ᠢᠢ ᠨᠠᠢᠢᠷᠠᠮᠳᠠᠯ ᠮᠧᠳᠠᠯ ᠢᠶᠠᠷ ᠱᠠᠩᠨᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ ᠣᠷᠣᠰ ᠤᠨ ᠬᠣᠯᠪᠣᠭᠠᠨ ᠤ ᠤᠯᠤᠰ ᠤᠨ ᠭᠠᠪᠢᠶᠠᠲᠤ ᠳᠠᠰᠬᠠᠯᠵᠢᠭᠤᠯᠤᠭᠴᠢ᠂ ᠣᠷᠣᠰ ᠤᠨ ᠬᠣᠯᠪᠣᠭᠠᠨ ᠤ ᠤᠯᠤᠰ ᠤᠨ ᠪᠡᠶ᠎ᠡ ᠢᠢᠨ ᠲᠠᠮᠢᠷ᠂ ᠰᠫᠣᠷᠲ᠂ ᠵᠠᠯᠠᠭᠤᠴᠤᠳ ᠤᠨ ᠪᠣᠳᠣᠯᠭ᠎ᠠ᠂ ᠠᠶᠠᠯᠠᠯ ᠵᠢᠭᠤᠯᠴᠢᠯᠠᠯ ᠤᠨ ᠶᠡᠬᠡ ᠰᠤᠷᠭᠠᠭᠤᠯᠢ ᠢᠢᠨ ᠷᠧᠺᠲ᠋ᠣᠷ᠂ ᠳ᠋ᠣᠺᠲ᠋ᠣᠷ᠂ ᠫᠷᠣᠹᠧᠰᠰᠣᠷ ᠲᠠᠮᠠᠷᠠ ᠸᠢᠺᠲ᠋ᠣᠷᠣᠸᠨ᠎ᠠ ᠮᠠᠬᠠᠢᠢᠯᠣᠸᠠ ᠢᠢ ᠲᠥᠷᠥ ᠢᠢᠨ ᠳᠡᠭᠡᠳᠦ ᠱᠠᠩᠨᠠᠯ ᠨᠠᠢᠢᠷᠠᠮᠳᠠᠯ ᠮᠧᠳᠠᠯ ᠢᠶᠠᠷ ᠱᠠᠩᠨᠠᠯ᠎ᠠ᠃

 

ᠱᠠᠩᠨᠠᠯ ᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠲᠥᠷᠥ ᠢᠢᠨ ᠣᠷᠳᠣᠨ ᠤ ᠶᠣᠰᠣᠯᠠᠯ ᠬᠦᠨᠳᠦᠳᠬᠡᠯ ᠦᠨ ᠲᠠᠩᠬᠢᠮ ᠳᠤ ᠭᠠᠷᠳᠠᠭᠤᠯᠵᠤ᠂ ᠳᠠᠷᠠᠭ᠎ᠠ ᠨᠢ ᠪᠠᠶᠠᠷ ᠬᠦᠷᠭᠡᠨ ᠬᠦᠯᠢᠶᠡᠨ ᠠᠪᠴᠤ ᠠᠭᠤᠯᠵᠠᠪᠠ᠃

 

ᠲᠠᠮᠠᠷᠠ

thumbnail 19.03.29 Gal
19.03.29 Gal
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠭᠠᠯ ᠲᠦᠢᠮᠡᠷ ᠦᠨ ᠭᠠᠮᠰᠢᠭ ᠤᠨ ᠬᠣᠬᠢᠷᠠᠯ ᠢ ᠪᠠᠭᠤᠷᠠᠭᠤᠯᠬᠤ ᠳᠤ ᠪᠦᠬᠦ ᠨᠡᠢᠢᠲᠡ ᠢᠢᠨ ᠣᠷᠣᠯᠴᠠᠭ᠎ᠠ》 ᠰᠡᠳᠦᠪᠲᠦ ᠬᠡᠯᠡᠯᠴᠡᠭᠦᠯᠭᠡ ᠳᠥ ᠣᠷᠣᠯᠴᠠᠵᠤ᠂ ᠦᠭᠡ ᠬᠡᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠲᠡᠷᠢᠭᠦᠨ ᠦ ᠢᠪᠡᠭᠡᠯ ᠳᠣᠣᠷ᠎ᠠ 《ᠭᠠᠯ ᠲᠦᠢᠮᠡᠷ ᠦᠨ ᠭᠠᠮᠰᠢᠭ ᠤᠨ ᠬᠣᠬᠢᠷᠠᠯ ᠢ ᠪᠠᠭᠤᠷᠠᠭᠤᠯᠬᠤ ᠳᠤ ᠪᠦᠬᠦ ᠨᠡᠢᠢᠲᠡ ᠢᠢᠨ ᠣᠷᠣᠯᠴᠠᠭ᠎ᠠ》 ᠰᠡᠳᠦᠪᠲᠦ ᠬᠡᠯᠡᠯᠴᠡᠭᠦᠯᠭᠡ ᠢᠢ ᠥᠨᠥᠳᠥᠷ ᠲᠥᠷᠥ ᠢᠢᠨ ᠣᠷᠳᠣᠨ ᠳᠤ ᠵᠣᠬᠢᠶᠠᠨ ᠪᠠᠢᠢᠭᠤᠯᠤᠯ᠎ᠠ᠃

 

ᠭᠠᠮᠰᠢᠭ ᠠᠴᠠ ᠬᠠᠮᠠᠭᠠᠯᠠᠬᠤ ᠲᠤᠬᠠᠢ ᠬᠠᠤᠯᠢ᠂ ᠭᠠᠯ ᠤᠨ ᠠᠶᠤᠯ ᠦᠭᠡᠢ ᠪᠠᠢᠢᠳᠠᠯ ᠤᠨ ᠲᠤᠬᠠᠢ ᠬᠠᠤᠯᠢ ᠢᠢ ᠬᠡᠷᠡᠭᠵᠢᠭᠦᠯᠬᠦ᠂ ᠭᠠᠯ ᠲᠦᠢᠮᠡᠷ ᠦᠨ ᠭᠠᠮᠰᠢᠭ ᠤᠨ ᠬᠣᠬᠢᠷᠠᠯ ᠢ ᠪᠠᠭᠤᠷᠠᠭᠤᠯᠬᠤ ᠳᠤ ᠪᠦᠬᠦ ᠲᠠᠯ᠎ᠠ ᠢᠢᠨ ᠣᠷᠣᠯᠴᠠᠭ᠎ᠠ ᠢᠢ ᠬᠠᠩ᠋ᠭᠠᠬᠤ᠂ ᠣᠯᠠᠨ ᠨᠡᠢᠢᠲᠡ ᠢᠢᠨ ᠣᠷᠣᠯᠴᠠᠭ᠎ᠠ᠂ ᠡᠭᠦᠷᠭᠡ᠂ ᠬᠠᠷᠢᠭᠤᠴᠠᠯᠭ᠎ᠠ ᠢᠢ ᠥᠨᠳᠥᠷᠵᠢᠭᠦᠯᠬᠦ᠂ ᠭᠠᠯ ᠲᠦᠢᠮᠡᠷ ᠲᠡᠢ ᠲᠡᠮᠡᠴᠡᠬᠦ ᠪᠡᠯᠡᠳᠬᠡᠯ᠂ ᠪᠡᠯᠡᠨ ᠪᠠᠢᠢᠳᠠᠯ᠂ ᠴᠢᠳᠠᠪᠬᠢ ᠢᠢ ᠰᠠᠢᠢᠵᠢᠷᠠᠭᠤᠯᠬᠤ᠂ ᠣᠯᠠᠨ ᠲᠠᠯᠠᠲᠤ ᠬᠠᠮᠲᠤ ᠢᠢᠨ

thumbnail 19.03.26 UIH1
19.03.26 UIH1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠯᠤᠰ ᠤᠨ ᠶᠡᠬᠡ ᠬᠤᠷᠠᠯ ᠤᠨ ᠡᠭᠡᠯᠵᠢᠲᠦ ᠪᠤᠰᠤ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠬᠣᠷᠢᠨ ᠵᠢᠷᠭᠤᠳᠤᠭᠠᠷ ᠵᠦᠢᠯ ᠦᠨ 1 ᠳ᠋ᠡᠬᠢ ᠬᠡᠰᠡᠭ ᠲᠥ ᠵᠢᠭᠠᠭᠰᠠᠨ ᠪᠦᠷᠢᠨ ᠡᠷᠬᠡ ᠢᠢᠨ ᠢᠶᠡᠨ ᠬᠦᠷᠢᠶᠡᠨ ᠳᠥ ᠰᠢᠭᠦᠭ᠍ᠴᠢ ᠢᠢᠨ ᠡᠷᠬᠡ ᠵᠦᠢ ᠢᠢᠨ ᠪᠠᠢᠢᠳᠠᠯ ᠤᠨ ᠲᠤᠬᠠᠢ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠢᠢᠨ ᠲᠥᠰᠥᠯ ᠢ ᠰᠠᠨᠠᠭᠠᠴᠢᠯᠠᠨ ᠪᠣᠯᠪᠠᠰᠤᠷᠠᠭᠤᠯᠤᠭᠰᠠᠨ ᠶᠤᠮ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠨ ᠪᠣᠯᠪᠠᠰᠤᠷᠠᠭᠤᠯᠤᠭᠰᠠᠨ ᠰᠢᠭᠦᠭ᠍ᠴᠢ ᠢᠢᠨ ᠡᠷᠬᠡ ᠵᠦᠢ ᠢᠢᠨ ᠪᠠᠢᠢᠳᠠᠯ ᠤᠨ ᠲᠤᠬᠠᠢ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠲᠤᠬᠠᠢ᠂ ᠫᠷᠣᠺᠦ᠋ᠷᠣᠷ ᠤᠨ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ᠂ ᠠᠪᠯᠢᠭ᠎ᠠ ᠢᠢᠨ ᠡᠰᠡᠷᠬᠦ ᠬᠠᠤᠯᠢ ᠳᠤ ᠨᠡᠮᠡᠯᠲᠡ᠂ ᠥᠭᠡᠷᠡᠴᠢᠯᠡᠯᠲᠡ ᠤᠷᠤᠭᠤᠯᠬᠤ ᠲᠤᠬᠠᠢ ᠬᠠᠤᠯᠢ ᠢᠢᠨ

thumbnail 19.03.26 Li Nag Yong
19.03.26 Li Nag Yong
ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ

ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠬᠦ ᠪᠡᠷ ᠬᠦᠷᠦᠯᠴᠡᠨ ᠢᠷᠡᠭᠰᠡᠨ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ᠍ ᠤᠨ ᠶᠡᠷᠦᠩᠬᠡᠢ ᠰᠠᠢᠢᠳ ᠯᠢ ᠨᠠᠭ ᠶᠣᠩ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ ᠢ ᠮᠣᠩ᠋ᠭᠣᠯ ᠤᠯᠤᠰ ᠲᠤ ᠲᠠᠪᠠᠲᠠᠢ ᠮᠣᠷᠢᠯᠠᠬᠤ ᠢᠢ ᠬᠦᠰᠡᠭᠡᠳ ᠥᠩᠭᠡᠷᠡᠭᠰᠡᠨ ᠣᠨ ᠳᠤ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠤᠭᠰᠠᠨ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭ᠎ᠠ ᠠᠭᠤᠯᠵᠠᠯᠲᠠ ᠢᠢᠨ ᠦᠶ᠎ᠡ ᠪᠡᠷ

thumbnail 19.03.25 Olymp
19.03.25 Olymp
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠰᠬᠠᠢ ᠣᠯᠢᠮᠫ ᠤᠨ ᠵᠤᠨ ᠤ ᠨᠠᠭᠠᠳᠤᠮ ᠳᠤ ᠡᠬᠡ ᠣᠷᠣᠨ ᠢᠶᠠᠨ ᠲᠥᠯᠥᠭᠡᠯᠡᠨ ᠠᠮᠵᠢᠯᠲᠠᠲᠠᠢ ᠣᠷᠣᠯᠴᠠᠭᠰᠠᠨ ᠪᠠᠭ ᠲᠠᠮᠢᠷᠴᠢᠳ ᠢ ᠬᠦᠯᠢᠶᠡᠨ ᠠᠪᠴᠤ ᠠᠭᠤᠯᠵᠠᠪᠠ

ᠠᠷᠠᠪ ᠤᠨ ᠨᠢᠭᠡᠳᠦᠭᠰᠡᠨ ᠡᠸᠮᠢᠷᠲ ᠤᠯᠤᠰ ᠤᠨ ᠠᠪᠤ ᠳ᠋ᠠᠪᠢ ᠬᠣᠲᠠᠨ᠎ᠠ ᠣᠶᠤᠨ ᠤ ᠪᠡᠷᠬᠡᠰᠢᠶᠡᠯ ᠲᠡᠢ ᠬᠦᠮᠦᠰ ᠦᠨ ᠲᠤᠰᠬᠠᠢ ᠣᠯᠢᠮᠫ ᠤᠨ ᠵᠤᠨ ᠤ ᠨᠠᠭᠠᠳᠤᠮ ᠡᠨᠡ ᠰᠠᠷ᠎ᠠ ᠢᠢᠨ 8-22 ᠍ ᠤ ᠡᠳᠦᠷ ᠦᠳ ᠲᠥ ᠪᠣᠯᠵᠤ ᠥᠩᠭᠡᠷᠡᠭᠰᠡᠨ ᠶᠤᠮ᠃ ᠮᠣᠩ᠋ᠭᠣᠯ ᠤᠯᠤᠰ ᠠᠴᠠ ᠡᠨᠡ ᠣᠯᠢᠮᠫ ᠲᠤᠷ 28 ᠲᠠᠮᠢᠷᠴᠢᠨ ᠣᠷᠣᠯᠴᠠᠵᠤ 3 ᠠᠯᠲᠠ᠂ 7 ᠮᠥᠩᠭᠥ᠂ 9 ᠬᠦᠷᠡᠯ ᠮᠧᠳᠠᠯ ᠬᠦᠷᠲᠡᠭᠰᠡᠨ ᠪᠠᠬᠠᠳᠤᠮ᠎ᠠ ᠠᠮᠵᠢᠯᠲᠠ ᠲᠠᠢ ᠢᠷᠡᠵᠡᠢ᠃

 

ᠣᠶᠤᠨ ᠤ ᠪᠡᠷᠬᠡᠰᠢᠶᠡᠯ ᠲᠡᠢ ᠬᠦᠮᠦᠰ ᠦᠨ ᠲᠤᠰᠬᠠᠢ ᠣᠯᠢᠮᠫ ᠤᠨ ᠵᠤᠨ ᠤ ᠨᠠᠭᠠᠳᠤᠮ ᠳᠤ ᠣᠷᠣᠯᠴᠠᠭᠰᠠᠨ ᠮᠣᠩ᠋ᠭᠣᠯ ᠤᠨ ᠪᠠᠭ᠂ ᠲᠠᠮᠢᠷᠴᠢᠳ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠣᠶᠠᠳᠤᠭᠠᠷ ᠰᠠᠷ᠎ᠠ ᠢᠢᠨ 28 ᠍ ᠤ

thumbnail 19.03.22 Ganbat
19.03.22 Ganbat
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠤᠳᠤᠷᠢᠳᠤᠯᠭ᠎ᠠ ᠢᠢᠨ ᠠᠵᠢᠯ ᠬᠦᠯᠢᠶᠡᠯᠴᠡᠬᠦ ᠠᠷᠭ᠎ᠠ ᠬᠡᠮᠵᠢᠶᠡᠨ ᠳᠥ ᠣᠷᠣᠯᠴᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠠ᠊ ∙ ᠭᠠᠩᠪᠠᠲᠤ ᠢᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠲᠣᠮᠢᠯᠠᠬᠤ ᠵᠠᠷᠯᠢᠭ ᠭᠠᠷᠭᠠᠭᠰᠠᠨ ᠪᠢᠯᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠭᠠᠷᠤᠭᠰᠠᠨ ᠲᠠᠢ ᠬᠣᠯᠪᠣᠭᠳᠠᠭᠤᠯᠵᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠥᠨᠥᠳᠥᠷ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠤᠳᠤᠷᠢᠳᠤᠯᠭ᠎ᠠ ᠢᠢᠨ ᠠᠵᠢᠯ ᠬᠦᠯᠢᠶᠡᠯᠴᠡᠬᠦ ᠶᠣᠰᠣᠯᠠᠯ ᠤᠨ ᠠᠷᠭ᠎ᠠ ᠬᠡᠮᠵᠢᠶᠡᠨ ᠳᠥ ᠣᠷᠣᠯᠴᠠᠪᠠ᠃

 

ᠡᠨᠡ ᠦᠶ᠎ᠡ ᠪᠡᠷ ᠢᠶᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠪᠡᠶ᠎ᠡ

thumbnail 18.7.25 suld
18.7.25 suld
ᠠ᠊ ∙ ᠭᠠᠩᠪᠠᠲᠤ ᠢᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠲᠣᠮᠢᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠬᠣᠰᠢᠭᠤᠴᠢ ᠭᠧᠨᠧᠷᠠᠯ ᠠ᠊ ∙ ᠭᠠᠩᠪᠠᠲᠤ ᠢᠢ ᠲᠣᠮᠢᠯᠠᠬᠤ ᠰᠠᠨᠠᠯ ᠢᠢᠠᠨ ᠤᠯᠤᠰ ᠤᠨ ᠶᠡᠬᠡ ᠬᠤᠷᠠᠯ ᠲᠠᠢ ᠵᠥᠪᠰᠢᠯᠴᠡᠬᠦ ᠪᠡᠷ ᠬᠦᠷᠭᠡᠭᠦᠯᠦᠭᠰᠡᠨ ᠦ ᠳᠠᠭᠠᠭᠤ ᠥᠨᠥᠳᠥᠷ ᠤᠯᠤᠰ ᠤᠨ ᠶᠡᠬᠡ ᠬᠤᠷᠠᠯ ᠤᠨ ᠬᠣᠯᠪᠣᠭᠣᠳᠠᠬᠤ ᠪᠠᠢᠢᠩ᠋ᠭᠤ ᠢᠢᠨ ᠬᠣᠷᠢᠶ᠎ᠠ ᠪᠣᠯᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠲᠤᠰ ᠰᠠᠨᠠᠯ ᠢ ᠬᠡᠯᠡᠯᠴᠡᠨ᠂ ᠳᠡᠮᠵᠢᠯ᠎ᠡ᠃

 

ᠤᠯᠠᠮ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠠ᠊ ∙ ᠭᠠᠩᠪᠠᠲᠤ ᠢᠢ ᠠᠯᠪᠠᠨ ᠲᠤᠰᠢᠶᠠᠯ ᠳᠤ ᠲᠤᠮᠢᠯᠠᠬᠤ ᠲᠤᠬᠠᠢ》 ᠵᠠᠷᠯᠢᠭ ᠭᠠᠷᠭᠠᠪᠠ᠃

 

ᠵᠠᠷᠯᠢᠭ᠄

《ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 13