Та "Internet explorer"-ийн сүүлийн хувилбар болох "Microsoft edge"-г ашиглана уу

Хэрэв "Microsoft edge"-г татах бол энд дарж татаж авна уу

ᠮᠡᠳᠡᠭᠡ
thumbnail 18.7.31 President
18.7.31 President
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠬᠤ ᠳᠣᠷᠣᠨ᠎ᠠ ᠶᠢᠨ ᠡᠳ᠋ ᠍ ᠦᠨ ᠵᠠᠰᠠᠭ ᠤᠨ ᠴᠢᠭᠤᠯᠭᠠᠨ ᠳᠤ ᠣᠷᠣᠯᠴᠠᠨ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2018 ᠣᠨ ᠤ ᠶᠢᠰᠦᠳᠦᠭᠡᠷ ᠰᠠᠷ᠎ᠠ ᠢᠢᠨ 11-13 ᠍ ᠤ ᠡᠳᠦᠷ ᠦᠳ ᠲᠥ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠪᠣᠯᠬᠤ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭ᠎ᠠ ᠠᠭᠤᠯᠵᠠᠯᠲᠠ ᠳᠤ ᠣᠷᠣᠯᠴᠠᠨ᠎ᠠ᠃

 

ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠤ ᠰᠠᠨᠠᠭᠠᠴᠢᠯᠠᠭ᠎ᠠ ᠪᠠᠷ ᠳᠥᠷᠪᠡ ᠳ᠋ᠡᠬᠢ ᠵᠢᠯ ᠳᠥ ᠪᠡᠨ ᠵᠣᠬᠢᠶᠠᠨ ᠪᠠᠢᠢᠭᠤᠯᠤᠭᠳᠠᠵᠤ ᠪᠤᠢ ᠡᠨᠡ ᠤᠳᠠᠭ᠎ᠠ ᠢᠢᠨ ᠴᠢᠭᠤᠯᠭ᠎ᠠ ᠠᠭᠤᠯᠵᠠᠯᠲᠠ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ᠂ ᠶᠠᠫᠣᠨ ᠤᠯᠤᠰ ᠤᠨ ᠶᠡᠷᠦᠩᠬᠡᠢ ᠰᠠᠢᠢᠳ ᠱᠢᠨᠵᠣ‍

thumbnail 18.9.10 Helmegdegsed
18.9.10 Helmegdegsed
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠡᠯᠮᠡᠭᠳᠡᠭᠰᠡᠳ ᠦᠨ ᠬᠥᠰᠢᠭᠡᠨ ᠳᠦ ᠴᠡᠴᠡᠭ ᠡᠷᠭᠦᠪᠡ

ᠤᠯᠤᠰ ᠲᠥᠷᠥ ᠢᠢᠨ ᠬᠢᠯᠢᠰ ᠬᠡᠷᠡᠭ ᠲᠥ ᠬᠡᠯᠮᠡᠭᠳᠡᠭᠰᠡᠳ ᠦᠨ ᠳᠤᠷᠠᠰᠬᠠᠯ ᠢ ᠵᠢᠯ ᠪᠦᠷᠢ ᠢᠢᠨ ᠶᠢᠰᠦᠳᠦᠭᠡᠷ ᠰᠠᠷ᠎ᠠ ᠢᠢᠨ 10 ᠍ ᠤ ᠡᠳᠦᠷ ᠬᠦᠨᠳᠦᠳᠬᠡᠨ ᠳᠤᠷᠠᠰᠳᠠᠭ ᠶᠤᠮ᠃

 

ᠡᠨᠡᠬᠦ ᠡᠳᠦᠷ ᠢ ᠲᠣᠬᠢᠶᠠᠯᠳᠤᠭᠤᠯᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠮᠣᠩᠭ᠋ᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ᠂ ᠮᠣᠩᠭ᠋ᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠢᠢᠭᠤᠯᠬᠤ ᠤᠯᠤᠰ ᠤᠨ ᠺᠣᠮᠢᠰ ᠤᠨ ᠳᠠᠷᠤᠭ᠎ᠠ ᠶᠠ᠊ ∙ ᠰᠠᠨᠵᠢᠮᠢᠲᠠᠪᠠ ᠨᠠᠷ ᠬᠡᠯᠮᠡᠭᠳᠡᠭᠰᠡᠳ ᠦᠨ ᠬᠥᠰᠢᠭᠡᠨ ᠳᠥ ᠴᠡᠴᠡᠭ ᠡᠷᠭᠦᠯ᠎ᠡ᠃

 

ᠮᠥᠨ ᠬᠡᠯᠮᠡᠭᠳᠡᠭᠰᠡᠳ ᠢ ᠳᠤᠷᠠᠰᠤᠨ ᠰᠠᠨᠠᠵᠤ᠂ ᠬᠦᠨᠳᠦᠳᠬᠡᠯ ᠦᠵᠡᠭᠦᠯᠬᠦ ᠪᠡᠷ

thumbnail 18.9.09 MYHC
18.9.09 MYHC
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠦᠨᠳᠦᠰᠦᠨ ᠦ ᠨᠣᠮ ᠤᠨ ᠰᠠᠩ ᠤᠨ ᠥᠷᠭᠡᠳᠬᠡᠯ ᠦᠨ ᠠᠵᠢᠯ ᠳᠤ ᠠᠩᠬᠠᠷᠤᠯ ᠬᠠᠨᠳᠤᠭᠤᠯᠬᠤ ᠪᠠᠨ ᠬᠡᠯᠡᠪᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩᠭ᠋ᠣᠯ ᠤᠯᠤᠰ ᠤᠨ ᠦᠨᠳᠦᠰᠦᠨ ᠦ ᠨᠣᠮ ᠤᠨ ᠰᠠᠩ ᠪᠤᠶᠤ ᠪᠢᠳᠡᠨ ᠦ ᠬᠡᠯᠡᠵᠦ ᠵᠠᠩᠰᠢᠭᠰᠠᠨ ᠢᠶᠠᠷ ᠲᠥᠪ ᠨᠣᠮ ᠤᠨ ᠰᠠᠩ ᠤᠨ ᠦᠢᠯᠡ ᠠᠵᠢᠯᠯᠠᠭ᠎ᠠ ᠲᠠᠢ ᠲᠠᠨᠢᠯᠴᠠᠯ᠎ᠠ᠃

 

ᠠᠩᠬᠠᠯᠠᠨ 500 ᠮᠢᠩᠭ᠋ᠠᠨ ᠨᠣᠮ ᠲᠠᠢ ᠪᠠᠢᠢᠬᠤ ᠪᠠᠷ ᠲᠥᠯᠥᠪᠯᠡᠭᠳᠡᠭᠰᠡᠨ ᠨᠣᠮ ᠤᠨ ᠰᠠᠩ ᠤᠨ ᠪᠠᠢᠢᠷᠢᠨ ᠳᠤ ᠡᠳᠦᠭᠡ 3.6 ᠰᠠᠶ᠎ᠠ ᠭᠠᠷᠤᠢ ᠨᠣᠮ ᠰᠤᠳᠤᠷ᠂ ᠲᠡᠷᠡ ᠳᠤᠮᠳᠠ ᠪᠠᠨ ᠮᠣᠩᠭ᠋ᠣᠯ ᠤᠨ ᠠᠷᠠᠳ ᠲᠦᠮᠡᠨ ᠦ ᠪᠢᠴᠢᠭ᠌ ᠰᠣᠶᠣᠯ ᠤᠨ ᠮᠥᠩᠬᠡ ᠢᠢᠨ ᠳᠤᠷᠠᠰᠬᠠᠯ ᠪᠥᠭᠡᠳ ᠲᠥᠪ ᠠᠽᠢᠶ᠎ᠠ ᠢᠢᠨ ᠨᠡᠭᠦᠳᠡᠯᠴᠢᠳ ᠦᠨ ᠰᠣᠶᠣᠯ ᠢᠷᠭᠡᠨᠰᠢᠯ ᠦᠨ ᠦᠨᠡᠲᠦ ᠬᠡᠷᠡᠭᠯᠡᠭᠳᠡᠬᠦᠨ ᠪᠣᠯᠤᠭᠰᠠᠨ 1.5 ᠰᠠᠶ᠎ᠠ ᠭᠠᠷᠤᠢ ᠰᠢᠷᠬᠡᠭ᠌ ᠬᠠᠭᠤᠴᠢᠨ ᠤ ᠬᠣᠪᠣᠷ᠂

thumbnail 18.9.07 Shagnal1
18.9.07 Shagnal1
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠢᠶᠠᠷ 《ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ》 ᠢᠢ ᠲᠥᠷᠥ ᠶᠢᠨ ᠥᠮᠴᠢᠲᠤ ᠬᠤᠪᠢᠴᠠᠭᠠᠲᠤ ᠺᠣᠮᠫᠠᠨᠢ ᠶᠢ ᠬᠥᠳᠡᠯᠮᠦᠷᠢ ᠶᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠪᠠ

《ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ》 ᠲᠥᠷᠥ ᠢᠢᠨ ᠥᠮᠴᠢᠲᠤ ᠬᠤᠪᠢᠴᠠᠭᠠᠲᠤ ᠺᠣᠮᠫᠠᠨᠢ ᠢᠢᠨ ᠲᠡᠦᠬᠡᠲᠦ 50 ᠵᠢᠯ ᠦᠨ ᠣᠢ ᠢᠢ ᠲᠣᠬᠢᠶᠠᠯᠳᠤᠭᠤᠯᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ 《ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ》ᠲᠥᠷᠥ ᠢᠢᠨ ᠥᠮᠴᠢ ᠢᠢᠨ ᠬᠤᠪᠢᠴᠠᠭᠠᠲᠤ ᠺᠣᠮᠫᠠᠨᠢ ᠢ ᠲᠥᠷᠥ ᠢᠢᠨ ᠳᠡᠭᠡᠳᠦ ᠱᠠᠩᠨᠠᠯ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠬᠤ ᠵᠠᠷᠯᠢᠭ ᠲᠤ᠂ 《ᠳᠤᠯᠠᠭᠠᠨ ᠤ ᠡᠷᠴᠢᠮ ᠬᠦᠴᠦᠨ ᠦ ᠥᠰᠦᠨ ᠨᠡᠮᠡᠭᠳᠡᠵᠦ ᠪᠤᠢ ᠬᠡᠷᠡᠭᠴᠡᠭᠡ ᠢᠢ ᠨᠠᠢᠢᠳᠠᠪᠤᠷᠢᠲᠠᠢ ᠬᠠᠩᠭ᠋ᠠᠵᠤ᠂ ᠲᠧᠭᠨᠢᠭ ᠲᠧᠭᠨᠣᠯᠣᠭᠢ ᠢᠢᠨ

thumbnail 18.7.25 suld
18.7.25 suld
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ 《ᠮᠣᠩᠭᠣᠯ ᠪᠥᠬᠡ ᠶᠢᠨ ᠥᠷᠭᠥᠭᠡ》  ᠢᠢ ᠲᠥᠷᠥ ᠶᠢᠨ ᠥᠮᠴᠢ ᠳᠦ ᠰᠢᠯᠵᠢᠭᠦᠯᠬᠦ ᠠᠰᠠᠭᠤᠳᠠᠯ ᠢᠶᠠᠷ ᠶᠡᠷᠦᠩᠬᠡᠢ ᠰᠠᠶᠢᠳ ᠤ᠊ ∙ ᠬᠦᠷᠡᠯᠰᠦ᠋ᠬᠡ ᠳᠥ ᠠᠯᠪᠠᠨ ᠪᠢᠴᠢᠭ ᠬᠦᠷᠭᠡᠭᠦᠯᠪᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ 《ᠮᠣᠩᠭ᠋ᠣᠯ ᠪᠥᠬᠡ ᠢᠢᠨ ᠥᠷᠭᠦᠭᠡ ᠢᠢ ᠲᠥᠷᠦ ᠢᠢᠨ ᠥᠮᠴᠢ ᠳᠥ ᠰᠢᠯᠵᠢᠭᠦᠯᠬᠦ ᠠᠰᠠᠭᠤᠳᠠᠯ ᠢᠶᠠᠷ 《ᠠᠷᠭ᠎ᠠ ᠬᠡᠮᠵᠢᠶ᠎ᠡ ᠠᠪᠬᠤ ᠲᠤᠬᠠᠢ》 ᠠᠯᠪᠠᠨ ᠪᠢᠴᠢᠭ᠌ ᠢ ᠮᠣᠩᠭ᠋ᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠡᠯᠰᠦ᠋ᠬᠡ ᠳᠥ ᠢᠯᠡᠭᠡᠯ᠎ᠡ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠮᠦᠨ᠎ᠡ ᠨᠢ ᠪᠤᠶᠤ 2018 ᠣᠨ ᠤ ᠳᠥᠷᠪᠡᠳᠦᠭᠡᠷ ᠰᠠᠷ᠎ᠠ ᠳᠤ ᠮᠣᠩᠭ᠋ᠣᠯ ᠪᠥᠬᠡ ᠢᠢᠨ ᠥᠷᠭᠥᠭᠡ᠂ ᠮᠣᠩᠭ᠋ᠣᠯ ᠤᠨ ᠦᠨᠳᠦᠰᠦᠨ ᠦ ᠪᠥᠬᠡ ᠢᠢᠨ ᠬᠣᠯᠪᠣᠭᠠᠨ ᠳᠤ ᠡᠭᠦᠰᠦᠭᠰᠡᠨ ᠠᠰᠠᠭᠤᠳᠠᠯ ᠢ ᠲᠥᠷᠥ ᠢᠢᠨ ᠪᠤᠰᠤ ᠪᠠᠢᠢᠭᠤᠯᠤᠯᠭ᠎ᠠ ᠢᠢᠨ ᠲᠤᠬᠠᠢ ᠬᠠᠤᠯᠢ ᠪᠣᠯᠤᠨ ᠬᠣᠯᠪᠣᠭᠳᠠᠬᠤ ᠪᠤᠰᠤᠳ ᠳᠦᠷᠢᠮ ᠵᠢᠷᠤᠮ ᠤᠨ ᠢᠶᠠᠨ ᠬᠦᠷᠢᠶᠡᠨ ᠳᠥ

thumbnail 18.9.06 Elchin
18.9.06 Elchin
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠡᠯᠴᠢᠨ ᠰᠠᠶᠢᠳ ᠢᠶᠠᠷ ᠲᠣᠮᠢᠯᠠᠭᠳᠠᠭᠰᠠᠨ ᠸᠴ᠊ ∙ ᠡᠩᠬᠡᠴᠡᠴᠡᠭ᠂ ᠢ‍ ∙ ᠠᠷᠢᠭᠤᠨᠪᠣᠯᠤᠳ᠂ ᠨ ∙ ᠲᠤᠯᠭ᠎ᠠ ᠨᠠᠷᠠᠲᠤ ᠢᠲᠡᠭᠡᠮᠵᠢᠯᠡᠬᠦ ᠵᠢᠭᠤᠬᠤ ᠪᠢᠴᠢᠭ ᠢ ᠨᠢ ᠭᠠᠷᠳᠠᠭᠤᠯᠤᠯ᠎ᠠ

ᠱᠸᠧᠳ᠋ ᠤᠨ ᠸᠠᠩᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠭᠰᠠᠨ ᠸᠴᠢᠷ ᠤᠨ ᠡᠩᠬᠡᠴᠡᠴᠡᠭ᠂ ᠺᠠᠨᠠᠳ᠋ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠭᠰᠠᠨ ᠢᠳᠠᠮ ᠠ᠋ ᠢᠢᠨ ᠠᠷᠢᠭᠤᠨᠪᠣᠯᠤᠳ᠂ ᠶᠡᠬᠡ ᠪᠷᠢᠲ᠋ᠠᠨᠢ᠂ ᠤᠮᠠᠷᠠᠳᠤ ᠢᠷᠯᠠᠨ᠋ᠳ᠋ ᠍ ᠤᠨ ᠨᠢᠭᠡᠳᠦᠭᠰᠡᠨ ᠸᠠᠩᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠤ ᠡᠯᠴᠢᠨ ᠰᠠᠢᠢᠳ ᠢᠶᠠᠷ ᠲᠣᠮᠢᠯᠠᠭᠳᠠᠭᠰᠠᠨ ᠨᠠᠷᠠᠬᠦᠦ ᠢᠢᠨ ᠲᠤᠯᠭ᠎ᠠ ᠨᠠᠷ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠵᠤ᠂ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠭᠠᠷᠳᠠᠨ ᠠᠪᠤᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ

thumbnail 18.9.06 Inash
18.9.06 Inash
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠬᠣᠯᠪᠣᠭᠠᠨ ᠤ ᠶᠡᠷᠦᠩᠬᠡᠶᠢᠯᠡᠭᠴᠢ ᠵ ∙ ᠢᠨᠠᠢᠢᠱᠸᠢᠯᠢ ᠬᠦᠯᠢᠶᠡᠨ ᠠᠪᠴᠤ ᠠᠭᠤᠯᠵᠠᠯ᠎ᠠ

《ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠬᠣᠯᠪᠣᠭ᠎ᠠ ᠪᠠᠷ ᠳᠠᠮᠵᠢᠭᠤᠯᠤᠨ ᠪᠢᠽᠢᠨ᠋᠋ᠧᠰ ᠦᠨ ᠬᠠᠮᠲᠤ ᠶᠢᠨ ᠠᠵᠢᠯᠯᠠᠭ᠎ᠠ ᠶᠢ ᠪᠠᠨ ᠥᠷᠭᠡᠵᠢᠭᠦᠯᠬᠦ》 ᠨᠢ ᠰᠡᠳᠦᠪᠲᠦ ᠣᠯᠠᠨ ᠤᠯᠤᠰ ᠤᠨ ᠴᠢᠭᠤᠯᠭ᠎ᠠ ᠠᠭᠤᠯᠵᠠᠯᠲᠠ ᠤᠯᠠᠭᠠᠨᠪᠠᠭᠠᠲᠤᠷ ᠬᠣᠲᠠ ᠳᠤ ᠵᠣᠬᠢᠶᠠᠨ ᠪᠠᠶᠢᠭᠤᠯᠤᠭᠳᠠᠵᠤ ᠪᠠᠶᠢᠨ᠎ᠠ᠃

 

ᠳᠡᠭᠡᠷᠡᠬᠢ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠢᠷᠡᠭᠰᠡᠨ ᠠᠽᠢᠶ᠎ᠠ᠂ ᠨᠣᠮᠣᠬᠠᠨ ᠳᠠᠯᠠᠢ ᠶᠢᠨ ᠪᠥᠰᠡ ᠨᠤᠲᠤᠭ ᠤᠨ ᠬᠤᠳᠠᠯᠳᠤᠭ᠎ᠠ ᠠᠵᠤ ᠦᠢᠯᠡᠳᠪᠦᠷᠢ ᠶᠢᠨ ᠲᠠᠩᠬᠢᠮ ᠤᠳ ᠤᠨ ᠬᠣᠯᠪᠣᠭᠠᠨ ᠤ ᠶᠡᠷᠦᠩᠬᠡᠶᠢᠯᠡᠭᠴᠢ ᠵᠧᠮᠠᠯ ᠢᠨᠠᠶᠢᠱᠢᠸᠢᠯᠢ᠂ ᠲᠤᠰ ᠬᠣᠯᠪᠣᠭᠠᠨ ᠤ ᠤᠳᠤᠷᠢᠳᠤᠯᠭ᠎ᠠ ᠨᠤᠭᠤᠳ ᠪᠣᠯᠤᠨ ᠲᠣᠷᠭᠠᠨ ᠤ ᠵᠠᠮ ᠤᠨ ᠣᠯᠠᠨ ᠤᠯᠤᠰ ᠤᠨ ᠬᠤᠳᠠᠯᠳᠤᠭᠠᠨ ᠤ ᠲᠠᠩᠬᠢᠮ ᠤᠨ ᠲᠥᠯᠥᠭᠡᠯᠡᠭᠴᠢᠳ ᠥᠨᠥᠳᠥᠷ ᠮᠣᠩᠭᠣᠯ ᠤᠯᠤᠰ ᠤᠨ ᠶᠡᠷᠦᠩᠬᠡᠶᠢᠯᠡᠭᠴᠢ ᠬ ∙

thumbnail 18.9.06 MNT
18.9.06 MNT
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ 《ᠮᠣᠩᠭᠣᠯ ᠤᠨ ᠨᠢᠭᠤᠴᠠ ᠲᠣᠪᠴᠢᠶ᠎ᠠ – ᠲᠦᠭᠡᠮᠡᠯ ᠡᠬᠢ》 ᠨᠣᠮ ᠤᠨ ᠳᠡᠯᠭᠡᠴᠡ ᠶᠢᠨ ᠬᠤᠪᠢᠯᠪᠤᠷᠢ ᠶᠢ ᠲᠠᠨᠢᠯᠴᠠᠭᠤᠯᠬᠤ ᠨᠡᠭᠡᠭᠡᠯᠲᠡ ᠶᠢᠨ ᠶᠣᠰᠣᠯᠠᠯ ᠳᠤ ᠤᠷᠤᠯᠴᠠᠪᠠ

《ᠮᠣᠩᠭ᠋ᠣᠯ ᠤᠨ ᠨᠢᠭᠤᠴᠠ ᠲᠣᠪᠴᠢᠶ᠎ᠠ ᠢᠢ ᠳᠡᠯᠡᠬᠡᠢ ᠳᠥ ᠲᠦᠭᠡᠭᠡᠶ᠎ᠡ》 ᠰᠠᠩ ᠤᠨ ᠡᠭᠦᠰᠬᠡᠨ ᠪᠠᠢᠢᠭᠤᠯᠤᠭᠴᠢ᠂ ᠵᠢᠷᠤᠭᠠᠴᠢ ᠷ ∙ ᠪᠠᠲᠤᠴᠡᠩᠭᠡᠯ 《ᠮᠣᠩᠭ᠋ᠣᠯ ᠤᠨ ᠨᠢᠭᠤᠴᠠ ᠲᠣᠪᠴᠢᠶ᠎ᠠ ᠲᠦᠭᠡᠮᠡᠯ ᠡᠬᠢ》 ᠨᠣᠮ ᠤᠨ ᠳᠡᠯᠭᠡᠴᠡ ᠢᠢᠨ ᠬᠤᠪᠢᠯᠪᠤᠷᠢ ᠢᠢ ᠥᠨᠥᠳᠥᠷ /Motion illustration ᠪᠤᠶᠤ ᠬᠥᠳᠡᠯᠭᠡᠭᠡᠨᠳᠥ ᠴᠤᠪᠤᠷᠠᠯ/ ᠣᠯᠠᠨ ᠨᠡᠢᠢᠲᠡ ᠳᠥ ᠲᠠᠨᠢᠯᠴᠠᠭᠤᠯᠤᠯ᠎ᠠ᠃

 

ᠨᠡᠭᠡᠭᠡᠯᠲᠡ ᠢᠢᠨ ᠶᠣᠰᠣᠯᠠᠯ ᠳᠤ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠷᠢᠭᠳᠠᠨ ᠣᠷᠣᠯᠴᠠᠵᠤ᠂ ᠶᠠᠭᠤᠨ ᠲᠦᠷᠦᠭᠦᠨ ᠳᠥ ᠲᠥᠷᠦᠳᠥ ᠶᠣᠰᠣᠨ ᠤ ᠲᠡᠦᠬᠡ ᠲᠡᠳᠦᠢ ᠦᠭᠡᠢ ᠮᠣᠩᠭ᠋ᠣᠯ ᠤᠨ ᠪᠢᠴᠢᠭ᠌ ᠰᠣᠶᠣᠯ ᠤᠨ᠂ ᠤᠷᠠᠨ ᠵᠣᠬᠢᠶᠠᠯ ᠤᠨ ᠳᠤᠷᠠᠰᠬᠠᠯ ᠪᠢᠴᠢᠭ᠌᠂ ᠲᠤᠯᠭᠠᠭᠤᠷᠢ ᠰᠤᠳᠤᠯᠤᠭᠳᠠᠬᠤᠨ ᠢ ᠳᠡᠯᠭᠡᠴᠡ ᠢᠢᠨ ᠪᠦᠲᠦᠭᠡᠯ ᠪᠣᠯᠭᠠᠨ ᠲᠤᠭᠤᠷᠪᠢᠬᠤ ᠳᠤ ᠣᠷᠣᠯᠴᠠᠭᠰᠠᠨ ᠬᠦᠮᠦᠨ ᠪᠦᠷᠢ ᠳᠥ

thumbnail 18.9.05 Tretiyak
18.9.05 Tretiyak
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠢᠶᠠᠷ ᠣᠷᠣᠰ ᠤᠨ ᠬᠣᠯᠪᠣᠭᠠᠨ ᠤ ᠤᠯᠤᠰ ᠤᠨ ᠲᠥᠷᠥ ᠶᠢᠨ ᠳ᠋ᠤᠢᠮ ᠤᠨ ᠭᠡᠰᠢᠭᠦᠨ ᠸᠯᠠᠳᠢᠰᠯᠠᠸ ᠠᠯᠧᠺᠰᠠᠨ᠋ᠳ᠋ᠷᠣᠸᠢᠴ ᠲᠷᠧᠲ᠋ᠢᠶᠠᠺ ᠢ 《ᠨᠠᠶᠢᠷᠠᠮᠳᠠᠯ》 ᠮᠧᠳᠠᠯ ᠢᠶᠠᠷ ᠱᠠᠩᠨᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠤᠷᠢᠯᠭ᠎ᠠ ᠪᠠᠷ ᠣᠷᠣᠰ ᠤᠨ ᠬᠣᠯᠪᠣᠭᠠᠨ ᠤ ᠤᠯᠤᠰ ᠤᠨ ᠲᠥᠷᠥ ᠢᠢᠨ ᠳ᠋ᠤᠢᠮ ᠤᠨ ᠭᠡᠰᠢᠭᠦᠨ᠂ ᠣᠷᠣᠰ ᠤᠨ ᠬᠣᠯᠪᠣᠭᠠᠨ ᠤ ᠤᠯᠤᠰ ᠤᠨ ᠬᠣᠺᠺᠧᠢ ᠢᠢᠨ ᠬᠣᠯᠪᠣᠭᠠᠨ ᠤ ᠶᠡᠷᠦᠩᠬᠡᠢᠢᠯᠡᠭᠴᠢ ᠸᠯᠠᠳᠢᠰᠯᠠᠸ ᠠᠯᠧᠺᠰᠠᠨ᠋ᠳ᠋ᠷᠣᠸᠢᠴ ᠲᠷᠧᠲ᠋ᠢᠶᠠᠺ ᠮᠣᠩᠭ᠋ᠣᠯ ᠤᠯᠤᠰ ᠲᠤ ᠠᠢᠢᠯᠴᠢᠯᠠᠵᠤ ᠪᠠᠢᠢᠨ᠎ᠠ᠃

 

ᠠᠢᠢᠯᠴᠢᠯᠠᠯ ᠤᠨ ᠬᠦᠷᠢᠶᠡᠨ ᠳᠥ᠂ ᠮᠣᠩᠭ᠋ᠣᠯ-ᠣᠷᠣᠰ ᠬᠣᠶᠠᠷ ᠤᠯᠤᠰ ᠤᠨ ᠤᠷᠲᠤ ᠬᠤᠭᠤᠴᠠᠭᠠᠨ ᠤ ᠣᠯᠠᠨ ᠲᠠᠯᠠᠲᠤ ᠬᠠᠮᠲᠤ ᠢᠢᠨ ᠠᠵᠢᠯᠯᠠᠭ᠎ᠠ᠂ ᠲᠡᠷᠡ ᠳᠤᠮᠳᠠ ᠪᠠᠨ ᠡᠪᠦᠯ ᠦᠨ ᠰᠫᠣᠷᠲ ᠢ ᠮᠣᠩᠭ᠋ᠣᠯ ᠤᠯᠤᠰ ᠲᠤ ᠬᠥᠭ᠍ᠵᠢᠭᠦᠯᠬᠦ ᠦᠢᠯᠡᠰ ᠲᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠣᠷᠣᠰ ᠤᠨ ᠬᠣᠯᠪᠣᠭᠠᠨ ᠤ ᠤᠯᠤᠰ ᠤᠨ ᠲᠥᠷᠥ ᠢᠢᠨ ᠳ᠋ᠤᠢᠮ ᠤᠨ ᠭᠡᠰᠢᠭᠦᠨ᠂ ᠣᠷᠣᠰ ᠤᠨ ᠬᠣᠯᠪᠣᠭᠠᠨ ᠤ ᠤᠯᠤᠰ ᠤᠨ ᠬᠣᠺᠺᠧᠢ ᠢᠢᠨ ᠬᠣᠯᠪᠣᠭᠠᠨ ᠤ