Та "Internet explorer"-ийн сүүлийн хувилбар болох "Microsoft edge"-г ашиглана уу

Хэрэв "Microsoft edge"-г татах бол энд дарж татаж авна уу

ᠮᠡᠳᠡᠭᠡ
thumbnail china.1
china.1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠡᠯᠴᠢᠨ ᠰᠠᠢᠢᠳ ᠢ ᠨᠤᠲᠤᠭ ᠪᠤᠴᠠᠬᠤ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠴᠠᠢ ᠸᠡᠨᠢᠷᠤᠢ ᠢᠢ ᠡᠬᠡ ᠣᠷᠣᠨ ᠳᠤ ᠪᠠᠨ ᠪᠦᠷᠢᠮᠦᠰᠦᠨ ᠪᠤᠴᠠᠬᠤ ᠲᠠᠢ ᠨᠢ ᠬᠣᠯᠪᠣᠭᠳᠠᠭᠤᠯᠤᠨ ᠬᠦᠯᠢᠶᠡᠨ ᠠᠪᠴᠤ ᠠᠭᠤᠯᠵᠠᠪᠠ᠃

ᠴᠠᠢ ᠸᠡᠨᠢᠷᠤᠢ ᠡᠯᠴᠢᠨ ᠰᠠᠢᠢᠳ ᠢᠶᠠᠷ ᠠᠵᠢᠯᠯᠠᠬᠤ ᠬᠤᠭᠤᠴᠠᠭᠠᠨ ᠳᠤ ᠪᠠᠨ ᠮᠣᠩ᠋ᠭᠣᠯ᠂ ᠬᠢᠲᠠᠳ ᠤᠨ ᠢᠵᠢ ᠪᠥᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠪᠦᠬᠦ ᠰᠠᠯᠪᠤᠷᠢ ᠲᠤ ᠬᠥᠭ᠍ᠵᠢᠭᠦᠯᠬᠦ ᠢᠢᠨ ᠲᠥᠯᠦᠭᠡ ᠢᠳᠡᠪᠬᠢ ᠵᠢᠳᠬᠦᠯᠲᠡᠢ ᠠᠵᠢᠯᠯᠠᠭᠰᠠᠨ ᠢ ᠶᠡᠷᠦᠩᠬᠡᠢᠢᠯᠡᠭᠴᠢ ᠥᠨᠳᠦᠷ ᠢᠶᠡᠷ ᠦᠨᠡᠯᠡᠵᠦ ᠪᠤᠢ ᠢᠢ ᠪᠠᠨ ᠲᠡᠮᠳᠡᠭᠯᠡᠪᠡ᠃

ᠮᠥᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠳᠥ ᠰᠠᠭᠤᠷᠢᠯᠠᠭᠰᠠᠨ ᠪᠦᠬᠦ

thumbnail kirgyz.1
kirgyz.1
ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠪᠦᠭᠦᠳᠡ ᠨᠠᠢᠢᠷᠠᠮᠳᠠᠬᠤ ᠺᠢᠷᠭᠢᠽ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠠ‍᠂ ᠠᠷᠲ᠋ᠧᠺᠪᠠᠧᠸ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠡᠯᠴᠢᠨ ᠰᠠᠢᠢᠳ ᠠ‍᠂ ᠠᠷᠲ᠋ᠧᠺᠪᠠᠧᠸ  ᠢ ᠡᠭᠦᠷᠭᠡᠳᠥ ᠠᠵᠢᠯ ᠳᠤ ᠪᠠᠨ ᠣᠷᠣᠵᠤ ᠪᠤᠢᠢ ᠳ᠋ᠥ ᠨᠢ ᠪᠠᠶᠠᠷ ᠬᠦᠷᠭᠡᠵᠦ᠂ ᠠᠵᠢᠯ ᠤᠨ ᠠᠮᠵᠢᠯᠲᠠ ᠬᠦᠰᠡᠪᠡ᠃

ᠬᠣᠶᠠᠷ ᠣᠷᠣᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠤᠯᠠᠮ ᠭᠦᠨᠵᠡᠭᠡᠢᠢᠷᠡᠭᠦᠯᠬᠦ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠡᠬᠢᠵᠢᠭᠦᠯᠬᠦ᠂ ᠮᠥᠨ ᠪᠦᠭᠦᠳᠡ ᠨᠠᠢᠢᠷᠠᠮᠳᠠᠬᠤ ᠺᠢᠷᠭᠢᠽ

thumbnail ger.1
ger.1
ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠾᠡᠯᠢᠮᠤᠢᠲ ᠷᠦᠳᠣᠯᠢᠹ ᠺᠦᠯᠢᠲ᠋ᠴ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠮᠣᠩ᠋ᠭᠣᠯ ᠤᠯᠤᠰ ᠤᠨ ᠴᠢᠬᠤᠯᠠ ᠭᠤᠷᠪᠠᠳᠠᠭᠴᠢ ᠬᠥᠷᠰᠢ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠲᠠᠢ ᠥᠷᠨᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠣᠨᠴᠤᠭᠤᠢ ᠠᠴᠢ ᠬᠣᠯᠪᠣᠭᠳᠠᠯ ᠲᠠᠢ ᠢᠢ ᠲᠡᠮᠳᠡᠭᠯᠡᠵᠦ᠂ ᠬᠠᠷᠢᠯᠴᠠᠭ᠎ᠠ ᠢᠢ ᠴᠢᠨᠠᠭᠰᠢᠳᠠ ᠥᠷᠭᠡᠵᠢᠭᠦᠯᠦᠨ ᠭᠦᠨᠵᠡᠭᠡᠢᠢᠷᠡᠭᠦᠯᠬᠦ᠂ ᠰᠢᠲᠠ ᠠᠬᠢᠭᠤᠯᠬᠤ ᠳᠤ ᠡᠯᠴᠢᠨ ᠰᠠᠢᠢᠳ ᠴᠢᠬᠤᠯᠠ ᠬᠤᠪᠢ ᠨᠡᠮᠡᠷᠢ

thumbnail bri.1
bri.1
ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠍ ᠤᠨ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ᠂ ᠬᠠᠲᠤᠭᠲᠠᠢ ᠹᠢᠣᠨᠠ ᠪᠯᠠᠢᠢᠲ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠤᠢᠬᠡ ᠳᠥ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃ ᠡᠯᠴᠢᠨ ᠰᠠᠢᠢᠳ ᠢᠶᠠᠷ ᠲᠣᠮᠢᠯᠠᠭᠳᠠᠭᠰᠠᠨ ᠳᠤ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠠᠶᠠᠷ ᠬᠦᠷᠭᠡᠵᠦ᠂ ᠠᠮᠵᠢᠯᠲᠠ ᠬᠦᠰᠡᠪᠡ᠃

ᠲᠡᠷᠡ ᠪᠡᠷ᠎ᠡ ᠮᠣᠩ᠋ᠭᠣᠯ᠂ ᠪᠷᠢᠲ᠋ᠠᠨᠢ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠲᠡᠦᠬᠡᠲᠦ 60 ᠵᠢᠯ ᠦᠨ ᠣᠢ ᠡᠨᠡ ᠣᠨ ᠳᠤ ᠲᠣᠬᠢᠶᠠᠵᠤ ᠪᠤᠢ ᠢᠢ ᠣᠨᠴᠠᠯᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ

thumbnail huv.1
huv.1
ᠬᠥᠪᠰᠥᠭᠥᠯ ᠨᠠᠭᠤᠷᠠᠨ ᠳᠤ ᠵᠢᠪᠬᠥᠭ᠍ᠰᠡᠨ ᠵᠢᠷᠭᠤᠭᠠᠨ ᠨᠢᠭᠡᠴᠡ ᠲᠧᠭᠨᠢᠭ ᠬᠡᠷᠡᠭᠰᠡᠯ ᠢ ᠲᠠᠲᠠᠨ ᠭᠠᠷᠭᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠰᠠᠨᠠᠭᠠᠴᠢᠯᠠᠭ᠎ᠠ ᠪᠠᠷ ᠬᠥᠪᠰᠥᠭᠥᠯ ᠨᠠᠭᠤᠷ ᠤᠨ ᠡᠺᠣ ᠰᠢᠰᠲ᠋ᠧᠮ ᠢ ᠬᠠᠮᠠᠭᠠᠯᠠᠬᠤ᠂ ᠨᠠᠭᠤᠷ ᠤᠨ ᠢᠷᠤᠭᠠᠷ ᠤᠨ ᠠᠶᠤᠯᠲᠠᠢ ᠬᠣᠭ ᠬᠠᠶᠠᠭᠳᠠᠯ ᠢ ᠴᠡᠪᠡᠷᠯᠡᠬᠦ᠂ ᠪᠣᠬᠢᠷᠳᠠᠯ ᠢ ᠪᠠᠭᠤᠷᠠᠭᠤᠯᠬᠤ ᠵᠣᠷᠢᠯᠭ᠎ᠠ ᠪᠠᠷ ᠵᠢᠪᠬᠥᠭ᠍ᠰᠡᠨ ᠲᠡᠭᠡᠭᠡᠪᠦᠷᠢ ᠢᠢᠨ ᠬᠡᠷᠡᠭᠰᠡᠯ ᠢ ᠢᠯᠡᠷᠡᠭᠦᠯᠬᠦ᠂ ᠪᠠᠢᠢᠷᠢᠰᠢᠯ ᠢ ᠲᠣᠭᠲᠠᠭᠠᠬᠤ᠂ ᠲᠠᠲᠠᠨ ᠭᠠᠷᠭᠠᠬᠤ ᠠᠵᠢᠯᠯᠠᠭ᠎ᠠ ᠢᠢ ᠡᠨᠡ ᠣᠨ ᠤ ᠵᠢᠷᠭᠤᠭᠠᠳᠤᠭᠠᠷ ᠰᠠᠷ᠎ᠠ ᠠᠴᠠ ᠡᠬᠢᠯᠡᠨ ᠵᠣᠬᠢᠶᠠᠨ ᠪᠠᠢᠢᠭᠤᠯᠵᠤ ᠪᠠᠢᠢᠨ᠎ᠠ᠃

ᠲᠠᠲᠠᠨ ᠭᠠᠷᠭᠠᠬᠤ ᠠᠵᠢᠯᠯᠠᠭᠠᠨ ᠳᠤ ᠠᠰᠢᠭᠯᠠᠬᠤ ᠲᠣᠨᠣᠭ ᠲᠥᠬᠥᠭᠡᠷᠦᠮᠵᠢ ᠢᠢ ᠮᠣᠩ᠋ᠭᠣᠯ ᠡᠷᠳᠡᠮᠲᠡᠳ᠂ ᠵᠦᠪᠯᠡᠬᠦ ᠢᠨᠵᠧᠨᠧᠷ ᠦᠳ ᠵᠣᠬᠢᠶᠠᠨ ᠪᠦᠲᠦᠭᠡᠭ᠍ᠰᠡᠨ ᠪᠥᠭᠡᠳ ᠡᠷᠳᠡᠮᠲᠡᠨ ᠰᠤᠳᠤᠯᠤᠭᠠᠴᠢ᠂ ᠴᠡᠷᠢᠭ ᠦᠨ ᠵᠦᠪᠯᠡᠬᠦ ᠢᠨᠵᠧᠨᠧᠷ ᠦᠳ ᠦᠨ ᠲᠣᠭᠠᠴᠠᠭ᠎ᠠ᠂ ᠰᠤᠳᠤᠯᠭᠠᠨ ᠳᠤ ᠦᠨᠳᠦᠰᠦᠯᠡᠨ ᠪᠣᠯᠪᠠᠰᠤᠷᠠᠭᠤᠯᠤᠭᠰᠠᠨ ᠪᠣᠳᠣᠯᠭ᠎ᠠ ᠲᠥᠯᠥᠪᠯᠡᠭᠡ᠂ ᠲᠧᠭᠨᠣᠯᠣᠭᠢ ᠢᠢᠨ

thumbnail ME.1
ME.1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠣᠯᠠᠨ ᠤᠯᠤᠰ ᠤᠨ ᠮᠣᠩ᠋ᠭᠣᠯᠴᠢ ᠡᠷᠳᠡᠮᠲᠡᠨ ᠦ XII ᠶᠡᠬᠡ ᠬᠤᠷᠠᠯ ᠤᠨ ᠨᠡᠭᠡᠭᠡᠯᠲᠡ ᠳᠥ ᠣᠷᠣᠯᠴᠠᠵᠤ ᠦᠭᠡ ᠬᠡᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠤᠢ ᠣᠯᠠᠨ ᠤᠯᠤᠰ ᠤᠨ ᠮᠣᠩ᠋ᠭᠣᠯᠴᠢ ᠡᠷᠳᠡᠮᠲᠡᠨ ᠦ XII ᠶᠡᠬᠡ ᠬᠤᠷᠠᠯ 《ᠮᠣᠩ᠋ᠭᠣᠯ ᠤᠨ ᠡᠩᠬᠡ ᠲᠠᠢᠢᠪᠤᠩ ᠪᠠ ᠲᠡᠦᠬᠡᠨ ᠲᠤᠷᠰᠢᠯᠭ᠎ᠠ》 ᠰᠡᠳᠦᠪ ᠦᠨ ᠬᠦᠷᠢᠶᠡᠨ ᠳᠥ ᠲᠥᠷᠥ ᠢᠢᠨ ᠣᠷᠳᠣᠨ ᠳᠤ ᠡᠬᠢᠯᠡᠯ᠎ᠡ᠃ ᠶᠡᠬᠡ ᠬᠤᠷᠠᠯ ᠳᠤ ᠣᠷᠣᠯᠴᠠᠬᠤ ᠪᠠᠷ ᠳᠡᠯᠡᠬᠡᠢ ᠢᠢᠨ 27 ᠣᠷᠣᠨ ᠤ 500 ᠭᠠᠷᠤᠢ ᠡᠷᠳᠡᠮᠲᠡᠨ ᠰᠤᠳᠤᠯᠤᠭᠠᠴᠢᠳ ᠬᠦᠷᠦᠯᠴᠡᠨ ᠢᠷᠡᠭᠰᠡᠨ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠡᠭᠡᠭᠡᠯᠲᠡ ᠳᠥ ᠣᠷᠣᠯᠴᠠᠵᠤ ᠦᠭᠡ ᠬᠡᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠭᠰᠡᠨ ᠥᠭᠡᠨ ᠳ᠋ᠥ ᠪᠡᠨ᠄

《ᠡᠷᠬᠢᠮ ᠬᠦᠨᠳᠦᠳᠥ ᠡᠷᠳᠡᠮᠲᠡᠨ ᠮᠡᠷᠭᠡᠳ᠂ ᠮᠣᠩ᠋ᠭᠣᠯ ᠰᠤᠳᠤᠯᠤᠭᠠᠴᠢᠳ ᠠ᠂

ᠡᠷᠬᠢᠮ ᠬᠦᠨᠳᠦᠳᠥ

thumbnail AO.1
AO.1
ᠲᠥᠷᠥ ᠢᠢᠨ ᠲᠠᠬᠢᠯᠭᠠᠲᠤ ᠠᠯᠲᠠᠨ ᠣᠪᠣᠭᠠᠨ ᠤ ᠲᠩᠷᠢ ᠢᠢ ᠲᠠᠢᠢᠬᠤ ᠶᠣᠰᠣᠯᠠᠯ ᠪᠣᠯᠪᠠ

ᠠᠯᠲᠠᠨ ᠣᠪᠣᠭᠠᠨ ᠤ ᠲᠩᠷᠢ ᠢᠢ ᠲᠠᠢᠢᠬᠤ ᠲᠥᠷᠥ ᠢᠢᠨ ᠲᠠᠬᠢᠯᠭ᠎ᠠ ᠢᠢᠨ ᠶᠣᠰᠣᠯᠠᠯ 2023 ᠣᠨ ᠤ 08 ᠳ᠋ᠤᠭᠠᠷ ᠰᠠᠷ᠎ᠠ ᠢᠢᠨ 05 ᠍ ᠤ ᠡᠳᠦᠷ ᠪᠤᠶᠤ XVII ᠵᠢᠷᠠᠨ ᠤ ᠦᠵᠡᠰᠬᠦᠯᠡᠩ ᠪᠣᠯᠭᠠᠭᠴᠢ ᠬᠡᠮᠡᠬᠦ ᠬᠠᠷᠠᠭᠴᠢᠨ ᠲᠠᠤᠯᠠᠢ ᠵᠢᠯ ᠦᠨ ᠵᠤᠨ ᠤ ᠠᠳᠠᠭ ᠰᠢᠷᠠᠭᠴᠢᠨ ᠬᠣᠨᠢ ᠰᠠᠷ᠎ᠠ ᠢᠢᠨ ᠬᠥᠬᠡᠭ᠍ᠴᠢᠨ ᠬᠣᠨᠢ ᠡᠳᠦᠷ ᠠᠯᠲᠠᠨ ᠣᠪᠣᠭᠠᠨ ᠤ ᠲᠠᠬᠢᠯᠭᠠᠳᠤ ᠣᠪᠣᠭᠠᠨ ᠳᠤ ᠪᠣᠯᠤᠯ᠎ᠠ᠃

ᠲᠠᠬᠢᠯᠭ᠎ᠠ ᠢᠢᠨ ᠶᠣᠰᠣᠯᠠᠯ ᠤᠨ ᠡᠮᠦᠨᠡᠬᠢ ᠣᠷᠣᠢ ᠯᠠᠮᠠ ᠬᠤᠸᠠᠷᠠᠭ ᠤᠳ ᠢᠲᠡᠭᠡᠯ᠂ ᠭᠠᠨᠳᠤᠩᠯᠠᠵᠠ᠂ ᠥᠯᠵᠡᠢᠢᠬᠤᠲᠤᠭ ᠪᠠᠭᠤᠯᠭᠠᠬᠤ ᠰᠠᠩ ᠪᠣᠯᠤᠨ ᠳᠣᠯᠣᠭᠠᠨ ᠪᠤᠷᠬᠠᠨ ᠣᠳᠣᠨ ᠲᠤᠰ ᠪᠦᠷᠢ ᠲᠥ ᠲᠠᠬᠢᠯᠭ᠎ᠠ ᠢᠢᠨ ᠨᠣᠮ ᠬᠤᠷᠠᠪᠠ᠃

ᠣᠪᠣᠭᠠᠨ ᠤ ᠲᠩᠷᠢ ᠢᠢ ᠲᠠᠢᠢᠬᠤ ᠶᠣᠰᠣᠯᠠᠯ ᠡᠬᠢᠯᠡᠬᠦ

thumbnail henti.1
henti.1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠬᠠᠨ ᠬᠡᠨᠲᠡᠢ ᠠᠭᠤᠯᠠ ᠢᠢᠨ ᠠᠢᠢᠮᠠᠭ ᠪᠠᠢᠢᠭᠤᠯᠠᠬᠳᠠᠬᠰᠠᠨ ᠤ 100 ᠵᠢᠯ ᠦᠨ ᠣᠢ ᠢᠢᠨ ᠪᠠᠶᠠᠷ ᠤᠨ ᠬᠤᠷᠠᠯ ᠳᠤ ᠣᠷᠣᠯᠴᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠠᠨ ᠬᠡᠨᠲᠡᠢ ᠠᠭᠤᠯᠠ ᠢᠢᠨ ᠠᠢᠢᠮᠠᠭ ᠪᠠᠢᠢᠭᠤᠯᠤᠭᠳᠠᠬᠰᠠᠨ ᠤ 100 ᠵᠢᠯ ᠦᠨ ᠣᠢ ᠢᠢᠨ ᠪᠠᠶᠠᠷ ᠤᠨ ᠬᠤᠷᠠᠯ ᠳᠤ ᠣᠷᠣᠯᠴᠠᠵᠤ᠂ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠥᠨᠢ ᠡᠷᠲᠡᠨ ᠡᠴᠡ ᠤᠯᠠᠮᠵᠢᠯᠠᠯ ᠲᠠᠢ ᠲᠥᠷᠥᠳᠦ ᠤᠯᠤᠰ ᠢᠶᠠᠨ ᠰᠡᠷᠭᠦᠭᠡᠨ ᠮᠠᠨᠳᠤᠭᠤᠯᠵᠤ᠂ ᠶᠡᠬᠡ ᠮᠣᠩ᠋ᠭᠣᠯ ᠤᠯᠤᠰ ᠢ ᠪᠠᠢᠢᠭᠤᠯᠤᠨ ᠮᠣᠩ᠋ᠭᠣᠯ ᠤᠨ ᠡᠵᠡᠨᠲᠦ ᠭᠦᠷᠦᠨ ᠦ ᠰᠦᠷ ᠬᠦᠴᠦ ᠢᠢ ᠲᠤᠩᠬᠠᠭᠯᠠᠵᠤ᠂ ᠳᠡᠯᠡᠬᠡᠢ ᠳᠠᠬᠢᠨ ᠳᠤ ᠮᠣᠩ᠋ᠭᠣᠯ ᠤᠨ ᠶᠡᠬᠡ ᠠᠮᠤᠷ ᠠᠮᠤᠭᠤᠯᠠᠩ ᠢ ᠲᠣᠭᠲᠠᠭᠠᠨ᠂ ᠮᠣᠩ᠋ᠭᠣᠯ ᠦᠨᠳᠦᠰᠦᠲᠡᠨ ᠦ ᠰᠤᠤ ᠠᠯᠳᠠᠷ ᠢ ᠪᠠᠳᠠᠷᠠᠭᠠᠭᠰᠠᠨ ᠶᠡᠬᠡ ᠡᠵᠡᠨ ᠴᠢᠩ᠋ᠭᠢᠰ ᠬᠠᠭᠠᠨ ᠤ ᠲᠦᠷᠦᠭᠰᠡᠨ ᠨᠤᠲᠤᠭ ᠤᠨ ᠭᠠᠯ ᠭᠣᠯᠣᠮᠲᠠ ᠢᠢ ᠰᠠᠬᠢᠨ ᠰᠠᠭᠤᠭ᠎ᠠ ᠬᠠᠨ

thumbnail hent.1
hent.1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠬᠡᠨᠲᠡᠢ ᠠᠢᠢᠮᠠᠭ ᠲᠤ ᠠᠵᠢᠯᠯᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠬᠡᠨᠲᠡᠢ ᠠᠢᠢᠮᠠᠭ ᠲᠤ ᠠᠵᠢᠯᠯᠠᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠢᠢ ᠴᠢᠩ᠋ᠭᠢᠰ ᠬᠠᠭᠠᠨ ᠤ ᠲᠠᠯᠠᠪᠠᠢ ᠳᠤ ᠬᠦᠷᠦᠯᠴᠡᠨ ᠢᠷᠡᠬᠦ ᠳᠥ ᠬᠡᠨᠲᠡᠢ ᠠᠢᠢᠮᠠᠭ ᠤᠨ ᠴᠡᠷᠢᠭ ᠦᠨ ᠬᠦᠷᠢᠶ᠎ᠡ ᠵᠢᠬᠰᠠᠵᠤ᠂ ᠠᠢᠢᠮᠠᠭ ᠤᠨ ᠵᠠᠰᠠᠭ ᠳᠠᠷᠤᠭ᠎ᠠ ᠴ᠂ ᠴᠣᠭᠰᠣᠮᠵᠠᠪ ᠤᠭᠲᠤᠯ᠎ᠠ᠃ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠨᠲᠡᠢ ᠠᠢᠢᠮᠠᠭ ᠲᠤ ᠠᠵᠢᠯᠯᠠᠬᠤ ᠦᠶ᠎ᠡ ᠪᠡᠷ ᠢᠶᠡᠨ ᠡᠷᠬᠢᠯᠡᠭᠰᠡᠨ ᠠᠵᠢᠯ᠂ ᠰᠠᠯᠪᠤᠷᠢ ᠲᠤ ᠪᠠᠨ ᠥᠨᠳᠥᠷ ᠠᠮᠵᠢᠯᠲᠠ ᠭᠠᠷᠭᠠᠨ᠂ ᠡᠬᠡ ᠣᠷᠣᠨ ᠢᠶᠠᠨ ᠬᠥᠭ᠍ᠵᠢᠭᠦᠯᠬᠦ ᠦᠢᠯᠡ ᠬᠡᠷᠡᠭ ᠲᠥ ᠦᠨᠡᠲᠡᠢ ᠬᠤᠪᠢ ᠨᠡᠮᠡᠷᠢ ᠣᠷᠣᠭᠤᠯᠤᠭᠰᠠᠨ ᠨᠡᠷ᠎ᠡ ᠪᠦᠬᠦᠢ ᠬᠦᠮᠦᠰ ᠲᠥ ᠲᠥᠷᠥ ᠢᠢᠨ ᠳᠡᠭᠡᠳᠦ ᠴᠣᠯᠠ᠂ ᠣᠳᠣᠨ᠂