Та "Internet explorer"-ийн сүүлийн хувилбар болох "Microsoft edge"-г ашиглана уу

Хэрэв "Microsoft edge"-г татах бол энд дарж татаж авна уу

ᠮᠡᠳᠡᠭᠡ
thumbnail бэлтгэл хурандаа,1
бэлтгэл хурандаа,1
ᠪᠡᠯᠡᠳᠬᠡᠯ ᠬᠤᠷᠠᠨᠳᠠ ᠷᠢᠨᠳᠤᠤ ᠢᠢᠨ ᠳᠠᠸᠠᠳᠣᠷᠵᠢ ᠳᠤ ᠡᠷᠡᠭᠦᠯ ᠢ ᠬᠠᠮᠠᠭᠠᠯᠠᠬᠤ ᠢᠢᠨ ᠭᠠᠪᠢᠶᠠᠲᠤ ᠠᠵᠢᠯᠲᠠᠨ ᠴᠣᠯᠠ ᠬᠦᠷᠲᠡᠭᠡᠪᠡ

ᠮᠣᠩ᠋ᠭᠣᠯ ᠴᠡᠷᠢᠭ ᠡᠩᠬᠡ ᠢᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨᠠ᠎ᠠ ᠢᠢᠨ ᠬᠦᠷᠡᠯᠰᠦ᠋ᠬᠡ ᠵᠠᠷᠯᠢᠭ ᠭᠠᠷᠭᠠᠨ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠠᠯᠪᠠ ᠬᠠᠭᠠᠭᠴᠢᠳ ᠢ ᠲᠥᠷᠥ ᠢᠢᠨ ᠳᠡᠭᠡᠳᠦ ᠱᠠᠩᠨᠠᠯ᠂ ᠣᠳᠣᠨ᠂ ᠮᠧᠳᠠᠯ ᠢᠶᠠᠷ ᠱᠠᠩᠨᠠᠯ ᠠ᠃

ᠡᠷᠡᠭᠦᠯ ᠢ ᠬᠠᠮᠠᠭᠠᠯᠠᠬᠤ ᠢᠢᠨ ᠭᠠᠪᠢᠶᠠᠲᠤ ᠠᠵᠢᠯᠲᠠᠨ ᠴᠣᠯᠠ ᠢᠢ᠄
ᠵᠡᠪᠰᠡᠭᠲᠦ ᠬᠦᠴᠦᠨ ᠦ ᠪᠡᠶ᠎ᠡ ᠪᠦᠷᠢᠯᠳᠦᠬᠦᠨ ᠦ ᠡᠷᠡᠭᠦᠯ ᠮᠡᠨᠳᠦ ᠢᠢ ᠰᠠᠬᠢᠨ ᠬᠠᠮᠠᠭᠠᠯᠠᠬᠤ᠂ ᠲᠤᠰ ᠰᠠᠯᠪᠤᠷᠢ ᠢᠢ ᠬᠥᠭ᠍ᠵᠢᠭᠦᠯᠬᠦ ᠳᠥ ᠢᠳᠡᠪᠬᠢ ᠰᠠᠨᠠᠭᠠᠴᠢᠯᠠᠭ᠎ᠠ᠂ ᠦᠷ᠎ᠡ ᠪᠦᠲᠦᠭᠡᠯ ᠲᠡᠢ ᠠᠵᠢᠯᠯᠠᠨ ᠵᠡᠪᠰᠡᠭᠲᠦ ᠬᠦᠴᠦᠨ ᠦ ᠠᠩᠬᠠᠨ ᠤ ᠡᠩᠬᠡ ᠢᠢ ᠰᠠᠬᠢᠭᠤᠯᠤᠭᠴᠢ ᠢᠢᠨ ᠡᠭᠦᠷᠭᠡ ᠢᠢ ᠠᠮᠵᠢᠯᠲᠠᠲᠠᠢ ᠭᠦᠢᠴᠡᠳᠭᠡᠵᠦ᠂ ᠡᠩᠬᠡ ᠢᠢ

thumbnail эрхэлсэн,1
эрхэлсэн,1
ᠡᠷᠬᠢᠯᠡᠭᠰᠡᠨ ᠠᠵᠢᠯ ᠳᠤ ᠪᠠᠨ ᠠᠮᠵᠢᠯᠲᠠ ᠭᠠᠷᠭᠠᠭᠰᠠᠨ ᠠᠯᠪᠠ ᠬᠠᠭᠠᠭᠴᠢᠳ ᠢ ᠲᠥᠷᠥ ᠶᠢᠨ ᠣᠳᠣᠨ᠂ ᠮᠧᠳᠠᠯ ᠢᠶᠠᠷ ᠱᠠᠩᠨᠠᠯ ᠠ

ᠮᠣᠩ᠋ᠭᠣᠯ ᠴᠡᠷᠢᠭ ᠡᠩᠬᠡ ᠶᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠶᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ ᠠ᠋ ᠶᠢᠨ ᠬᠦᠷᠡᠯᠰᠦ᠋ᠬᠡ ᠵᠠᠷᠯᠢᠭ ᠭᠠᠷᠭᠠᠨ ᠡᠷᠬᠢᠯᠡᠭᠰᠡᠨ ᠠᠵᠢᠯ ᠳᠤ ᠪᠠᠨ ᠠᠮᠵᠢᠯᠲᠠ ᠭᠠᠷᠭᠠᠭᠰᠠᠨ᠂ ᠡᠩᠬᠡ ᠶᠢ ᠰᠠᠬᠢᠭᠤᠯᠬᠤ ᠪᠣᠯᠤᠨ ᠬᠦᠮᠦᠨᠯᠢᠭ ᠦᠨ ᠠᠵᠢᠯᠯᠠᠭᠠᠨ ᠳᠤ ᠣᠷᠣᠯᠴᠠᠭᠰᠠᠨ ᠠᠯᠪᠠ ᠬᠠᠭᠠᠭᠴᠢᠳ ᠢ ᠲᠥᠷᠥ ᠶᠢᠨ ᠣᠳᠣᠨ᠂ ᠮᠧᠳᠠᠯ ᠢᠶᠠᠷ ᠱᠠᠩᠨᠠᠯ ᠠ ᠃

ᠬᠥᠳᠡᠯᠮᠦᠷᠢ ᠶᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ᠄
ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠠᠬᠠᠮᠠᠳ ᠤᠨ ᠬᠣᠷᠢᠶᠠᠨ ᠤ ᠭᠡᠰᠢᠭᠦᠨ᠂ ᠬᠤᠷᠠᠨᠳᠠ ᠵᠠᠮᠰᠠᠷᠠᠨᠵᠠᠪ ᠤᠨ ᠸᠠᠩᠴᠢᠨᠰᠦ᠋ᠷᠦᠩ;
ᠲᠠᠩᠨᠠᠭᠤᠯ ᠤᠨ ᠶᠡᠷᠦᠩᠬᠡᠢ ᠭᠠᠵᠠᠷ ᠤᠨ ᠴᠡᠷᠢᠭ ᠦᠨ ᠲᠠᠩᠨᠠᠭᠤᠯ ᠤᠨ ᠭᠠᠵᠠᠷ ᠤᠨ ᠠᠬᠠᠮᠠᠳ ᠠᠵᠢᠯᠲᠠᠨ᠂ ᠪᠡᠯᠡᠳᠬᠡᠯ ᠬᠤᠷᠠᠨᠳᠠ ᠪᠠᠶᠠᠭᠤᠰ ᠤᠨ ᠡᠷᠬᠢᠮᠪᠠᠶᠠᠷ;
ᠴᠡᠷᠢᠭ ᠦᠨ

thumbnail 21.12.14 Russia
21.12.14 Russia
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ 30 ᠵᠢᠯ ᠦᠨ ᠣᠢ ᠢᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠲᠡᠷᠢᠭᠦᠨ ᠤᠬᠤᠨ᠎ᠠ ᠢᠢᠨ ᠬᠦᠷᠡᠯᠰᠦ᠋ᠬᠡ ᠦᠨᠳᠦᠰᠦᠨ ᠦ ᠠᠶᠣᠯ ᠦᠭᠡᠢ ᠪᠠᠢᠢᠳᠠᠯ ᠤᠨ ᠵᠥᠪᠯᠡᠯ ᠡᠭᠦᠰᠦᠨ ᠪᠠᠢᠢᠭᠤᠯᠤᠭᠳᠠᠰᠤᠨ ᠤ 30 ᠵᠢᠯ ᠦᠨ ᠣᠢ ᠢᠢ ᠲᠣᠬᠢᠶᠠᠯᠳᠤᠭᠤᠯᠤᠨ ᠪᠠᠶᠠᠷ ᠬᠦᠷᠭᠡᠵᠦ᠂ ᠮᠡᠨᠳᠦᠴᠢᠯᠡᠭᠡ ᠳᠡᠪᠰᠢᠭᠦᠯᠪᠡ᠃

ᠤᠭ
ᠮᠡᠨᠳᠦᠴᠢᠯᠡᠭᠡᠨ ᠳᠥ᠄

《ᠮᠣᠩ᠋ᠭᠣᠯᠴᠤᠳ ᠪᠢᠳᠡ ᠡᠷᠲᠡ ᠳᠡᠭᠡᠷ᠎ᠡ ᠦᠶ ᠡ᠋ ᠡᠴᠡ ᠲᠥᠷᠥ ᠤᠯᠤᠰ᠂ ᠲᠥᠷᠥᠯᠬᠢ ᠨᠤᠲᠤᠭ᠂ ᠲᠦᠮᠡᠨ ᠣᠯᠠᠨ ᠢᠶᠠᠨ ᠨᠢᠭᠡᠳᠦᠮᠡᠯ ᠰᠠᠨᠠᠭ᠎ᠠ᠂ ᠨᠢᠭᠡᠨ ᠵᠣᠷᠢᠭ᠂ ᠡᠪ ᠦᠨ ᠬᠦᠴᠣ  ᠪᠡᠷ ᠬᠠᠮᠠᠭᠠᠯᠠᠵᠤ ᠢᠷᠡᠭᠰᠡᠨ ᠲᠥᠷᠥᠳᠥ ᠶᠣᠰᠣᠨ ᠤ ᠲᠡᠦᠬᠡᠨ ᠤᠯᠠᠮᠵᠢᠯᠠᠯ ᠲᠠᠢ ᠠᠷᠠᠳ ᠲᠦᠮᠡᠨ ᠪᠢᠯᠡ᠃

ᠡᠨᠡ ᠲᠡᠦᠬᠡᠨ ᠤᠯᠠᠮᠵᠢᠯᠠᠯ ᠢ ᠨᠡᠷ᠎ᠡ ᠲᠥᠷᠥ ᠲᠡᠢ ᠦᠷᠭᠦᠯᠵᠢᠯᠡᠭᠦᠯᠵᠦ᠂ ᠤᠯᠤᠰ

thumbnail enhiig sahiulagch 1
enhiig sahiulagch 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠡᠩᠬᠡ ᠢᠢ ᠰᠠᠬᠢᠭᠤᠯᠤᠭᠴᠢᠳ ᠤᠨ ᠢᠶᠠᠨ ᠲᠣᠭ᠎ᠠ ᠪᠠᠷ ᠳᠡᠯᠡᠬᠡᠢ ᠳᠥ ᠳᠡᠭᠡᠭᠦᠷ ᠲᠥ ᠣᠷᠣᠳᠠᠭ ᠨᠢ ᠮᠣᠩ᠋ᠭᠣᠯ ᠤᠯᠤᠰ ᠡᠩᠬᠡ ᠢᠢ ᠡᠷᠬᠢᠮᠯᠡᠭᠴᠢ ᠣᠷᠣᠨ ᠪᠣᠯᠬᠤ ᠢᠢᠨ ᠪᠣᠳᠠᠲᠤ ᠪᠠᠲᠤᠯᠠᠭ᠎ᠠ

ᠣᠯᠠᠨ ᠤᠯᠤᠰ ᠤᠨ ᠡᠩᠬᠡ ᠢᠢ ᠰᠠᠬᠢᠭᠤᠯᠤᠭᠴᠢᠳ ᠤᠨ ᠡᠳᠦᠷ᠂ ᠮᠣᠩ᠋ᠭᠣᠯ ᠴᠡᠷᠢᠭ ᠡᠩᠬᠡ ᠢᠢ ᠳᠡᠮᠵᠢᠬᠦ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠢᠢᠨ ᠴᠡᠷᠢᠭ ᠦᠨ ᠶᠣᠰᠣᠯᠠᠯ ᠤᠨ ᠵᠢᠭᠰᠠᠭᠠᠯ ᠵᠠᠩᠵᠤᠨ ᠳᠡ‍ ∙ ᠰᠦᠬᠡᠪᠠᠭᠠᠲᠤᠷ ᠤᠨ ᠲᠠᠯᠠᠪᠠᠢ ᠳᠤ ᠪᠣᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠤᠬᠤᠨᠠ᠎ᠠ ᠢᠢᠨ ᠬᠦᠷᠡᠯᠰᠦ᠋ᠬᠡ ᠵᠢᠭᠰᠠᠭᠠᠯ ᠢ ᠨᠡᠭᠡᠭᠡᠵᠦ ᠬᠡᠯᠡᠭᠰᠡᠨ ᠦᠭᠡ ᠢᠢ ᠪᠥᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨᠠ᠎ᠠ ᠢᠢᠨ ᠬᠦᠷᠡᠯᠰᠦ᠋ᠬᠡ ᠄
《ᠡᠷᠬᠢᠮ ᠬᠦᠨᠳᠡᠲᠥ ᠡᠩᠬᠡ ᠢᠢ ᠰᠠᠬᠢᠭᠤᠯᠤᠭᠴᠢ ᠴᠡᠩᠬᠡᠷ ᠳᠠᠭᠤᠯᠭᠠᠲᠠᠨ ᠳᠠᠢᠢᠴᠢᠳ ᠠ!

ᠡᠷᠬᠢᠮ ᠬᠦᠨᠳᠡᠲᠥ ᠵᠣᠴᠢᠳ ᠠ᠋!

ᠲᠠ ᠪᠦᠬᠦᠨ ᠳᠥ ᠣᠯᠠᠨ ᠤᠯᠤᠰ ᠤᠨ ᠡᠩᠬᠡ ᠢᠢ

thumbnail 15,1
15,1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠡᠬᠡ ᠬᠡᠯᠡ ᠪᠡᠨ ᠡᠷᠬᠢᠮᠯᠡᠨ ᠳᠡᠭᠡᠳᠦᠯᠡᠵᠦ᠂ ᠴᠠᠭ ᠦᠶ᠎ᠡ ᠢᠢᠨ ᠢᠶᠡᠨ ᠮᠡᠳᠡᠯᠭᠡ ᠣᠶᠤᠨ ᠢ ᠰᠢᠩ᠋ᠭᠡᠭᠡᠨ ᠪᠠᠶᠠᠵᠢᠭᠤᠯᠵᠤ᠂ ᠢᠷᠡᠭᠡᠳᠦᠢ ᠬᠣᠢᠢᠴᠢ ᠳᠤ ᠪᠠᠨ ᠥᠪᠯᠡᠭᠦᠯᠬᠦ ᠨᠢ ᠮᠣᠩ᠋ᠭᠣᠯ ᠬᠦᠮᠦᠨ ᠪᠦᠷᠢ ᠢᠢᠨ ᠡᠭᠦᠷᠭᠡ

ᠮᠣᠩ᠋ᠭᠣᠯ ᠤᠯᠤᠰ ᠤᠨ ᠶᠡᠬᠡ ᠰᠤᠷᠭᠠᠭᠤᠯᠢ᠂ ᠮᠣᠩ᠋ᠭᠣᠯ ᠤᠯᠤᠰ ᠤᠨ ᠪᠣᠯᠪᠠᠰᠤᠷᠠᠯ ᠤᠨ ᠶᠡᠬᠡ ᠰᠤᠷᠭᠠᠭᠤᠯᠢ᠂ ᠰᠢᠨᠵᠢᠯᠡᠬᠦ ᠤᠬᠠᠭᠠᠨ ᠤ ᠠᠺᠠᠳᠧᠮᠢ ᠢᠢᠨ 40 ᠭᠠᠷᠤᠢ ᠡᠷᠳᠡᠮᠲᠡᠨ ᠦ ᠬᠠᠮᠲᠤᠷᠠᠨ ᠵᠣᠬᠢᠶᠠᠭᠰᠠᠨ 《ᠮᠣᠩ᠋ᠭᠣᠯ ᠬᠡᠯᠡ ᠰᠤᠳᠤᠯᠤᠯ》 15 ᠪᠣᠲᠢ ᠨᠣᠮ ᠤᠨ ᠨᠡᠭᠡᠭᠡᠯᠲᠡ ᠥᠨᠥᠳᠥᠷ ᠮᠣᠩ᠋ᠭᠣᠯ ᠤᠯᠤᠰ ᠤᠨ ᠶᠡᠬᠡ ᠰᠤᠷᠭᠠᠭᠤᠯᠢ ᠢᠢᠨ ᠡᠷᠳᠡᠮ ᠦᠨ ᠲᠠᠩᠬᠢᠮ ᠳᠤ ᠪᠣᠯᠤᠯ᠎ᠠ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠠ᠎ᠠ ᠢᠢᠨ ᠬᠦᠷᠡᠯᠰᠦ᠋ᠬᠡ ᠨᠡᠭᠡᠭᠡᠯᠲᠡ ᠢᠢᠨ ᠶᠣᠰᠣᠯᠠᠯ ᠳᠤ ᠣᠷᠣᠯᠴᠠᠵᠤ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠭᠰᠡᠨ ᠦᠭᠡᠨ ᠳᠥ ᠪᠡᠨ᠂ ᠮᠣᠩ᠋ᠭᠣᠯ ᠤᠯᠤᠰ ᠤᠨ ᠦᠨᠳᠦᠰᠦᠨ ᠦ ᠠᠶᠤᠯ ᠦᠭᠡᠢ ᠪᠠᠢᠢᠳᠠᠯ ᠤᠨ ᠦᠵᠡᠯ ᠪᠠᠷᠢᠮᠲᠠᠯᠠᠯ ᠳᠤ 《ᠦᠨᠳᠦᠰᠦᠨ ᠦ ᠲᠡᠦᠬᠡ᠂ ᠬᠡᠯᠡ᠂ ᠰᠣᠶᠣᠯ᠂ ᠥᠪ ᠤᠯᠠᠮᠵᠢᠯᠠᠯ᠂ ᠵᠠᠩ

thumbnail Em enh.1
Em enh.1
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠤᠬᠤᠨᠠ᠎ᠠ ᠢᠢᠨ ᠬᠦᠷᠡᠯᠰᠦ᠋ᠬᠡ ᠡᠮᠡᠭᠲᠡᠢ ᠡᠩᠬᠡ ᠢᠢ ᠰᠠᠬᠢᠭᠤᠯᠤᠭᠴᠢᠳ ᠲᠤ ᠪᠠᠶᠠᠷ ᠬᠦᠷᠭᠡᠪᠡ

ᠮᠣᠩ᠋ᠭᠣᠯ ᠴᠡᠷᠢᠭ ᠡᠩᠬᠡ ᠢᠢ ᠰᠠᠬᠢᠭᠤᠯᠬᠤ ᠠᠵᠢᠯᠯᠠᠭᠠᠨ ᠳᠤ ᠣᠷᠣᠯᠴᠠᠵᠤ ᠡᠬᠢᠯᠡᠭᠰᠡᠨ ᠦ 20 ᠵᠢᠯ ᠦᠨ ᠣᠢ ᠪᠣᠯᠤᠨ 《ᠣᠯᠠᠨ ᠤᠯᠤᠰ ᠤᠨ ᠡᠩᠬᠡ ᠢᠢ ᠰᠠᠬᠢᠭᠤᠯᠤᠭᠴᠢᠳ ᠤᠨ ᠡᠳᠦᠷ》 ᠡᠨᠡ ᠡᠳᠦᠷ ᠦᠳ ᠲᠥ ᠲᠣᠬᠢᠶᠠᠵᠤ ᠪᠠᠢᠢᠨ᠎ᠠ᠃

ᠡᠮᠡᠭᠲᠡᠢ ᠡᠩᠬᠡ ᠢᠢ ᠰᠠᠬᠢᠭᠤᠯᠤᠭᠴᠢᠳ ᠢᠶᠠᠨ ᠠᠯᠳᠠᠷᠰᠢᠭᠤᠯᠬᠤ᠂ ᠬᠦᠨᠳᠦᠳᠬᠡᠯ ᠦᠵᠡᠭᠦᠯᠬᠦ ᠶᠣᠰᠣᠯᠠᠯ ᠰᠣᠶᠣᠯ ᠤᠨ ᠲᠥᠪ ᠥᠷᠭᠦᠭᠡᠨ ᠳᠥ ᠪᠣᠯᠵᠤ᠂ ᠲᠥᠷᠦ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠢᠢᠨ ᠡᠮᠡᠭᠲᠡᠢ ᠴᠡᠷᠢᠭ ᠦᠨ ᠠᠯᠪᠠ ᠬᠠᠭᠠᠭᠴᠢᠳ ᠣᠷᠣᠯᠴᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠤᠬᠤᠨᠠ᠎ᠠ ᠢᠢᠨ ᠬᠦᠷᠡᠯᠰᠦ᠋ᠬᠡ ᠲᠥᠷᠥ᠂ ᠠᠷᠠᠳ ᠲᠦᠮᠡᠨ ᠦ ᠪᠡᠨ ᠡᠮᠦᠨ᠎ᠡ ᠬᠦᠯᠢᠶᠡᠭᠰᠡᠨ ᠡᠭᠦᠷᠭᠡ ᠪᠡᠨ ᠨᠡᠷ᠎ᠡ ᠲᠥᠷᠥ ᠲᠡᠢ ᠪᠡᠶᠡᠯᠡᠭᠦᠯᠵᠦ ᠪᠠᠢᠢᠭ᠎ᠠ ᠡᠮᠡᠭᠲᠡᠢ

thumbnail Odon 1
Odon 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠡᠵᠢ ᠨᠦᠭᠦᠳ ᠲᠥ ᠠᠯᠳᠠᠷᠲᠤ ᠡᠬᠡ ᠢᠢᠨ ᠣᠳᠣᠨ ᠭᠠᠷᠳᠠᠭᠤᠯᠵᠤ᠂ ᠪᠠᠶᠠᠷ ᠬᠦᠷᠭᠡᠪᠡ

ᠣᠯᠠᠨ ᠤᠯᠤᠰ ᠤᠨ ᠬᠡᠦᠬᠡᠳ ᠦᠨ ᠡᠷᠬᠡ ᠢᠢ ᠬᠠᠮᠠᠭᠠᠯᠠᠬᠤ ᠡᠳᠦᠷ ᠢ ᠤᠭᠲᠤᠨ᠂ ᠣᠯᠠᠨ ᠬᠡᠦᠬᠡᠳ ᠲᠥᠷᠦᠭᠦᠯᠵᠦ ᠥᠰᠬᠡᠭ᠍ᠰᠡᠨ ᠡᠬᠡ ᠢᠢ ᠤᠷᠮᠠᠰᠢᠭᠤᠯᠬᠤ ᠲᠤᠬᠠᠢ ᠬᠠᠤᠯᠢ ᠪᠣᠯᠤᠨ ᠮᠣᠩ᠋ᠭᠣᠯ ᠤᠯᠤᠰ ᠤᠨ ᠦᠨᠳᠦᠰᠦᠨ ᠬᠠᠤᠯᠢ ᠳᠤ ᠵᠢᠭᠠᠭᠰᠠᠨ ᠪᠦᠷᠢᠨ ᠡᠷᠬᠡ ᠢᠢᠨ ᠢᠶᠡᠨ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠵᠠᠷᠯᠢᠭ ᠭᠠᠷᠭᠠᠵᠤ᠂ ᠠᠯᠳᠠᠷᠲᠤ ᠡᠬᠡᠴᠦᠳ ᠲᠥ ᠣᠳᠣᠨ ᠭᠠᠷᠳᠠᠭᠤᠯᠤᠯ᠎ᠠ᠃

ᠬᠠᠤᠯᠢ ᠳᠤ ᠵᠢᠷᠭᠤᠭᠠᠨ ᠬᠡᠦᠬᠡᠳ ᠲᠥᠷᠦᠭᠦᠯᠵᠦ ᠥᠰᠬᠡᠭ᠍ᠰᠡᠨ ᠡᠬᠡ ᠢᠢ I ᠵᠡᠷᠭᠡ ᠢᠢᠨ ᠣᠳᠣᠨ ᠢᠶᠠᠷ᠂ ᠳᠥᠷᠪᠡᠨ ᠬᠡᠦᠬᠡᠳ ᠲᠥᠷᠦᠭᠦᠯᠵᠦ ᠥᠰᠬᠡᠭᠰᠡᠨ ᠡᠬᠡ ᠢᠢ II ᠵᠡᠷᠭᠡ ᠢᠢᠨ ᠣᠳᠣᠨ ᠢᠶᠠᠷ ᠱᠠᠩᠨᠠᠨ᠎ᠠ ᠭᠡᠵᠦ ᠵᠢᠭᠠᠭᠰᠠᠨ᠃

ᠡᠨᠡ ᠵᠢᠯ ᠠᠯᠳᠠᠷᠲᠤ ᠡᠬᠡ ᠢᠢᠨ ᠣᠳᠣᠨ ᠢᠶᠠᠷ ᠤᠯᠤᠰ ᠤᠨ

thumbnail марш 1
марш 1
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠢᠢᠨ ᠨᠡᠷᠡᠮᠵᠢᠲᠦ ᠮᠠᠷᠱ ᠲᠤᠰᠬᠠᠢ ᠪᠡᠯᠡᠳᠬᠡᠯ ᠦᠨ ᠴᠣᠭᠴᠠᠯᠠᠪᠤᠷᠢ ᠲᠡᠮᠡᠴᠡᠭᠡᠨ ᠦ ᠠᠪᠤᠷᠭᠤ ᠨᠤᠭᠤᠳ ᠲᠣᠳᠣᠷᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ  ᠢᠢᠨ ᠨᠡᠷᠡᠮᠵᠢᠲᠦ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠨᠤᠭᠤᠳ ᠤᠨ ᠮᠠᠷᠱ ᠲᠤᠰᠬᠠᠢ ᠪᠡᠯᠡᠳᠬᠡᠯ ᠦᠨ ᠴᠣᠭᠴᠠᠯᠠᠪᠤᠷᠢ ᠲᠡᠮᠡᠴᠡᠭᠡᠨ ᠵᠡᠪᠰᠡᠭᠲᠦ ᠬᠦᠴᠦᠨ ᠦ ᠰᠤᠷᠭᠠᠯᠲᠠ ᠢᠢᠨ ᠨᠢᠭᠡᠳᠦᠭᠰᠡᠨ ᠲᠥᠪ ᠳ᠋ᠥ ᠪᠣᠯᠤᠯ᠎ᠠ᠃ 2007 ᠣᠨ ᠠᠴᠠ ᠤᠯᠠᠮᠵᠢᠯᠠᠯ ᠪᠣᠯᠭᠠᠨ ᠵᠣᠬᠢᠶᠠᠨ ᠪᠠᠢᠢᠭᠤᠯᠵᠤ ᠢᠷᠡᠭᠰᠡᠨ ᠴᠣᠭᠴᠠᠯᠠᠪᠤᠷᠢ ᠲᠡᠮᠡᠴᠡᠭᠡᠨ ᠦ ᠱᠠᠩᠨᠠᠯ ᠭᠠᠷᠳᠠᠭᠤᠯᠬᠤ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠤ᠊ ∙ ᠬᠦᠷᠡᠯᠰᠦ᠋ᠬᠡ ᠣᠷᠣᠯᠴᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠡᠯᠡᠭᠰᠡᠨ ᠦᠭᠡᠨ ᠳᠥ ᠪᠡᠨ᠂ ᠮᠠᠷᠱ ᠲᠤᠰᠬᠠᠢ ᠪᠡᠯᠡᠳᠬᠡᠯ ᠦᠨ ᠴᠣᠭᠴᠠᠯᠠᠪᠤᠷᠢ ᠲᠡᠮᠡᠴᠡᠭᠡᠨ ᠦ ᠨᠡᠷ᠎ᠡ ᠬᠦᠨᠳᠦ᠂ ᠴᠠᠷ᠎ᠠ

thumbnail Business emegteichuud 1
Business emegteichuud 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠪᠢᠽᠢᠨ᠋᠋ᠧᠰ ᠪᠠ ᠡᠮᠡᠭᠲᠡᠢᠢᠴᠦᠳ》 ᠵᠥᠪᠯᠡᠯᠳᠦᠬᠦ ᠠᠭᠤᠯᠵᠠᠯᠲᠠ ᠪᠣᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠪᠢᠽᠢᠨ᠋᠋ᠧᠰ ᠪᠠ ᠡᠮᠡᠭᠲᠡᠢᠢᠴᠦᠳ》 ᠵᠥᠪᠯᠡᠯᠳᠦᠬᠦ ᠠᠭᠤᠯᠵᠠᠯᠲᠠ ᠥᠨᠥᠳᠥᠷ ᠮᠣᠩ᠋ᠭᠣᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠤᠨ ᠶᠡᠬᠡ ᠲᠠᠩᠬᠢᠮ ᠳᠤ ᠪᠣᠯᠤᠯ᠎ᠠ᠃

ᠵᠥᠪᠯᠡᠯᠳᠦᠬᠦ ᠠᠭᠤᠯᠵᠠᠯᠲᠠ ᠢᠢᠨ ᠨᠡᠭᠡᠭᠡᠯᠲᠡ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠦᠪᠠᠭᠠᠲᠤᠷ ᠣᠷᠣᠯᠴᠠᠵᠤ᠂ ᠦᠭᠡ ᠬᠡᠯᠡᠪᠡ᠃

ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊ ∙ ᠰᠣᠳᠤᠪᠠᠭᠠᠲᠤᠷ ᠮᠣᠩ᠋ᠭᠣᠯ ᠤᠯᠤᠰ ᠤᠨ ᠶᠡᠷᠦᠩᠬᠡᠢᠢᠯᠡᠭᠴᠢ 《ᠬᠠᠯᠠᠮᠵᠢ ᠠᠴᠠ ᠬᠥᠳᠡᠯᠮᠦᠷᠢ ᠳᠥ》 ᠰᠠᠭᠤᠷᠢ ᠰᠢᠨᠡᠴᠢᠯᠡᠯ ᠦᠨ ᠬᠦᠷᠢᠶᠡᠨ ᠳᠥ ᠡᠮᠡᠭᠲᠡᠢᠢᠴᠦᠳ ᠦᠨ ᠠᠵᠢᠯ ᠡᠷᠬᠢᠯᠡᠯᠲᠡ᠂ ᠪᠢᠽᠢᠨ᠋᠋ᠧᠰ ᠢ ᠳᠡᠮᠵᠢᠬᠦ᠂ ᠡᠷᠦᠬᠡ ᠢᠢᠨ ᠣᠷᠣᠯᠭ᠎ᠠ ᠢᠢ ᠨᠡᠮᠡᠭᠳᠡᠭᠦᠯᠬᠦ ᠳᠥ ᠠᠩᠬᠠᠷᠤᠯ ᠬᠠᠨᠳᠤᠭᠤᠯᠤᠨ ᠠᠵᠢᠯᠯᠠᠵᠤ ᠪᠠᠢᠢᠭ᠎ᠠ ᠢᠢ