Та "Internet explorer"-ийн сүүлийн хувилбар болох "Microsoft edge"-г ашиглана уу

Хэрэв "Microsoft edge"-г татах бол энд дарж татаж авна уу

ᠮᠡᠨᠳᠦᠴᠢᠯᠡᠭᠡ
thumbnail 2024.07.12 BNASA-iin YK mendchilgee
2024.07.12 BNASA-iin YK mendchilgee
ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩ᠋ᠭᠣᠰ ᠠᠷᠠᠳ ᠤᠯᠤᠰ ᠤᠨ ᠲᠥᠷᠥ ᠢᠢᠨ ᠵᠥᠪᠯᠡᠯ ᠦᠨ ᠳᠠᠷᠤᠭ᠎ᠠ ᠻᠢᠮ ᠵᠥᠨ ᠥᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠰᠣᠯᠣᠩ᠋ᠭᠣᠰ ᠠᠷᠠᠳ ᠤᠯᠤᠰ ᠤᠨ ᠲᠥᠷᠥ ᠢᠢᠨ ᠵᠥᠪᠯᠡᠯ ᠦᠨ ᠳᠠᠷᠤᠭ᠎ᠠ ᠻᠢᠮ ᠵᠥᠨ ᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠮᠡᠨᠳᠦᠴᠢᠯᠡᠭᠡ ᠢᠷᠡᠭᠦᠯᠦᠯ᠎ᠡ᠃

ᠮᠡᠨᠳᠦᠴᠢᠯᠡᠭᠡᠨ ᠳᠥ᠄ 《ᠠᠷᠠᠳ ᠤᠨ ᠬᠤᠪᠢᠰᠬᠠᠯ ᠤᠨ 103 ᠵᠢᠯ ᠦᠨ ᠣᠢ ᠢᠢ ᠲᠣᠬᠢᠶᠠᠯᠳᠤᠭᠤᠯᠤᠨ ᠲᠠᠨ ᠳᠤ ᠪᠣᠯᠤᠨ ᠲᠠᠨ ᠤ ᠤᠯᠤᠰ ᠤᠨ ᠠᠷᠠᠳ ᠲᠦᠮᠡᠨ ᠳᠥ ᠪᠠᠶᠠᠷ ᠤᠨ ᠮᠡᠨᠳᠦᠴᠢᠯᠡᠭᠡ ᠳᠡᠪᠰᠢᠭᠦᠯᠦᠶ᠎ᠡ᠃ ᠮᠠᠨ ᠤ ᠬᠣᠶᠠᠷ ᠤᠯᠤᠰ ᠬᠣᠭᠣᠷᠣᠨᠳᠣ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠢᠳᠡᠨ ᠦ ᠨᠡᠢᠢᠲᠡ ᠢᠢᠨ ᠡᠷᠬᠡ ᠠᠰᠢᠭ ᠲᠤ ᠨᠡᠢᠢᠴᠡᠵᠦ᠂ ᠪᠡᠬᠢᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ》 ᠭᠡᠵᠡᠢ᠃

thumbnail 2024.07.12 BNSU-iin YK mendchilgee
2024.07.12 BNSU-iin YK mendchilgee
ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠶᠦᠨ ᠰᠤᠭ ᠶᠣᠯᠢ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠶᠦᠨ ᠰᠤᠭ ᠶᠣᠯᠢ ᠮᠡᠨᠳᠦᠴᠢᠯᠡᠭᠡ ᠢᠷᠡᠭᠦᠯᠦᠯ᠎ᠡ᠃

ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ᠄ 《ᠬᠣᠶᠠᠷ ᠤᠯᠤᠰ ᠤᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠢᠨᠠᠭᠰᠢᠳᠠ ᠤᠯᠠᠮ ᠪᠦᠷᠢ ᠬᠥᠭ᠍ᠵᠢᠨ ᠳᠡᠪᠵᠢᠵᠦ᠂ ᠢᠷᠭᠡᠳ ᠬᠣᠭᠣᠷᠣᠨᠳᠣ ᠢᠢᠨ ᠬᠠᠷᠢᠯᠴᠠᠭ᠎ᠠ᠂ ᠬᠠᠮᠲᠤ ᠢᠢᠨ ᠨᠥᠬᠥᠷᠯᠡᠯ ᠴᠤ ᠪᠠᠲᠤᠵᠢᠨ ᠪᠡᠬᠢᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ》 ᠭᠡᠵᠡᠢ᠃

thumbnail 2024.07.12 III Charliz khaan mendchilgee
2024.07.12 III Charliz khaan mendchilgee
ᠭᠤᠷᠪᠠᠳᠤᠭᠠᠷ ᠴᠠᠷᠯᠢᠽ ᠬᠠᠭᠠᠨ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠶᠡᠬᠡ ᠪᠷᠢᠲ᠋ᠠᠨᠢ᠂ ᠤᠮᠠᠷᠠᠳᠤ ᠢᠷᠸᠯᠠᠨ᠋ᠳ᠋ ᠤᠨ ᠨᠢᠭᠡᠳᠦᠭᠰᠡᠨ ᠬᠠᠭᠠᠨᠲᠤ ᠤᠯᠤᠰ ᠤᠨ ᠬᠠᠭᠠᠨ᠂ ᠬᠠᠮᠲᠤ ᠢᠢᠨ ᠨᠥᠬᠥᠷᠯᠡᠯ ᠦᠨ ᠲᠡᠷᠢᠭᠦᠨ ᠴᠣᠭ ᠵᠢᠪᠬᠤᠯᠠᠩᠲᠤ ᠭᠤᠷᠪᠠᠳᠤᠭᠠᠷ ᠴᠠᠷᠯᠢᠽ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

ᠮᠡᠨᠳᠦᠴᠢᠯᠡᠭᠡᠨ ᠳᠥ ᠄ 《ᠲᠠᠨ ᠳᠤ ᠪᠣᠯᠤᠨ ᠲᠠᠨ ᠤ ᠠᠷᠠᠳ ᠲᠦᠮᠡᠨ ᠳᠥ ᠦᠨᠳᠦᠰᠦᠨ ᠦ ᠶᠡᠬᠡ ᠪᠠᠶᠠᠷ ᠨᠠᠭᠠᠳᠤᠮ ᠤᠨ ᠣᠨᠴᠠᠭᠠᠢ ᠡᠳᠦᠷ ᠦᠨ ᠪᠠᠶᠠᠷ ᠤᠨ ᠮᠡᠨᠳᠦ ᠢᠢ ᠭᠡᠷᠭᠡᠢ ᠪᠢᠳᠡ ᠬᠣᠶᠠᠷ ᠬᠦᠷᠭᠡᠵᠦ ᠪᠠᠢᠢᠭ᠎ᠠ ᠳᠠᠭᠠᠨ ᠪᠠᠶᠠᠷᠲᠠᠢ ᠪᠠᠢᠢᠨ᠎ᠠ᠃ ᠮᠠᠨ ᠤ ᠬᠣᠶᠠᠷ ᠤᠯᠤᠰ ᠡ᠊ᠩᠬᠡ ᠲᠠᠢᠢᠪᠤᠩ᠂ ᠬᠥᠭ᠍ᠵᠢᠯ ᠴᠡᠴᠡᠭᠯᠡᠯᠲᠡ᠂ ᠪᠠᠢᠢᠭᠠᠯᠢ ᠣᠷᠴᠢᠨ᠂ ᠠᠭᠤᠷ ᠠᠮᠢᠰᠬᠤᠯ ᠤᠨ

thumbnail 2024.07.12 Yponii YS mendchilgee dewshuullee
2024.07.12 Yponii YS mendchilgee dewshuullee
ᠶᠠᠫᠣᠨ ᠤᠯᠤᠰ ᠤᠨ ᠶᠡᠷᠦᠩᠬᠡᠢ ᠰᠠᠢᠢᠳ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠶᠠᠫᠣᠨ ᠤᠯᠤᠰ ᠤᠨ ᠶᠡᠷᠦᠩᠬᠡᠢ ᠰᠠᠢᠢᠳ ᠻᠢᠱᠢᠳᠠ (ᠻᠢᠰᠢᠳᠠ) ᠹᠦᠮᠢᠤ‍ ᠪᠠᠶᠠᠷ ᠤᠨ ᠮᠡᠨᠳᠦᠴᠢᠯᠡᠭᠡ ᠳᠡᠪᠰᠢᠭᠦᠯᠵᠡᠢ᠃

ᠮᠡᠨᠳᠦᠴᠢᠯᠡᠭᠡᠨ ᠳᠥ 《ᠶᠠᠫᠣᠨ ᠤᠯᠤᠰ᠂ ᠮᠣᠩ᠋ᠭᠣᠯ ᠤᠯᠤᠰ ᠤᠨ ᠬᠣᠭᠣᠷᠣᠨᠳᠣ ᠰᠤᠶᠤᠯ ᠤᠨ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢ ᠤᠭᠲᠤᠨ ᠡᠨᠡ ᠵᠢᠯ ᠠᠷᠠᠳ ᠲᠦᠮᠡᠨ᠂ ᠲᠡᠷᠡ ᠳᠤᠮᠳᠠ ᠪᠠᠨ ᠬᠣᠢᠢᠴᠢ ᠦᠶ᠎ᠡ ᠢᠢ ᠠᠪᠴᠤ ᠶᠠᠪᠤᠬᠤ ᠵᠠᠯᠠᠭᠤᠴᠤᠳ ᠬᠣᠭᠣᠷᠣᠨᠳᠣ ᠢᠢᠨ ᠰᠣᠯᠢᠯᠴᠠᠭ᠎ᠠ ᠢᠳᠡᠪᠬᠢᠲᠡᠢ ᠥᠷᠨᠢᠵᠦ ᠪᠠᠢᠢᠭ᠎ᠠ ᠳᠤ ᠲᠤᠢᠢᠯ ᠤᠨ ᠪᠠᠶᠠᠷᠲᠠᠢ ᠪᠠᠢᠢᠨ᠎ᠠ᠃

ᠬᠣᠶᠠᠷ ᠣᠷᠣᠨ ᠤ ᠬᠠᠷᠢᠯᠴᠠᠭ᠎ᠠ ᠢᠢ 《ᠡ᠊ᠩᠬᠡ ᠲᠠᠢᠢᠪᠤᠩ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ

thumbnail 2024.07.12 Ypon ulsiin Ezen khaan mendchilgee dewshuullee
2024.07.12 Ypon ulsiin Ezen khaan mendchilgee dewshuullee
ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠥ᠋ᠾᠢᠲ᠋ᠤ‍ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠥ᠋ᠬᠡ ᠳᠥ ᠪᠠᠶᠠᠷ ᠤᠨ ᠮᠡᠨᠳᠦᠴᠢᠯᠡᠭᠡ ᠢᠷᠡᠭᠦᠯᠦᠯ᠎ᠡ᠃

thumbnail 2024.07.12 Shi Jinpin mendchilgee dewshuullee
2024.07.12 Shi Jinpin mendchilgee dewshuullee
ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠮᠡᠨᠳᠦᠴᠢᠯᠡᠭᠡ ᠳᠡᠪᠰᠢᠭᠦᠯᠦᠯ᠎ᠡ᠃

ᠮᠡᠨᠳᠦᠴᠢᠯᠡᠭᠡᠨ ᠳᠥ 《ᠮᠣᠩ᠋ᠭᠣᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠲᠠᠨ ᠳᠤ ᠪᠣᠯᠤᠨ ᠲᠠᠨ ᠤ ᠵᠠᠰᠠᠭ ᠤᠨ ᠭᠠᠵᠠᠷ᠂ ᠠᠷᠠᠳ ᠢᠷᠭᠡᠳ ᠲᠥ ᠴᠢᠨ ᠰᠡᠳᠬᠢᠯ ᠡᠴᠡ ᠪᠡᠨ ᠪᠠᠶᠠᠷ ᠬᠦᠷᠭᠡᠵᠦ᠂ ᠰᠠᠢᠢᠨ ᠰᠠᠢᠢᠬᠠᠨ ᠢ ᠬᠦᠰᠡᠨ ᠢᠷᠦᠭᠡᠶ᠎ᠡ᠃ ᠬᠢᠲᠠᠳ᠂ ᠮᠣᠩ᠋ᠭᠣᠯ ᠬᠣᠶᠠᠷ ᠤᠯᠤᠰ ᠪᠡᠶ᠎ᠡ ᠪᠡᠶ᠎ᠡ ᠢᠢᠨ ᠢᠶᠡᠨ ᠬᠤᠪᠢ ᠳᠤ ᠴᠢᠬᠤᠯᠠ ᠬᠥᠷᠰᠢ ᠪᠥᠭᠡᠳ ᠰᠠᠢᠢᠨ ᠬᠥᠷᠰᠢ ᠢᠢᠨ ᠨᠠᠢᠢᠷᠰᠠᠭ ᠬᠠᠷᠢᠯᠴᠠᠭ᠎ᠠ ᠢᠢ ᠤᠷᠲᠤ ᠬᠤᠭᠤᠴᠠᠭᠠᠨ ᠳᠤ ᠲᠣᠭᠲᠠᠪᠤᠷᠢᠲᠠᠢ

thumbnail 2024.07.12 Putin bayar naadmiin mendchilgee dewshuullee
2024.07.12 Putin bayar naadmiin mendchilgee dewshuullee
ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠊᠂ ᠸ᠊᠂ ᠫᠦᠲ᠋ᠢᠨ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠊᠂ ᠸ᠊᠂ ᠫᠦᠲ᠋ᠢᠨ ᠮᠡᠨᠳᠦᠴᠢᠯᠡᠭᠡ ᠢᠷᠡᠭᠦᠯᠦᠯ᠎ᠡ᠃

ᠮᠡᠨᠳᠦᠴᠢᠯᠡᠭᠡᠨ ᠳᠥ 《ᠦᠨᠳᠦᠰᠦᠨ ᠦ ᠶᠡᠬᠡ ᠪᠠᠶᠠᠷ ᠨᠠᠭᠠᠳᠤᠮ-ᠠᠷᠠᠳ ᠤᠨ ᠬᠤᠪᠢᠰᠬᠠᠯ ᠤᠨ 103 ᠵᠢᠯ ᠦᠨ ᠣᠢ ᠢᠢ ᠲᠣᠬᠢᠶᠠᠯᠳᠤᠭᠤᠯᠤᠨ ᠲᠠᠨ ᠳᠤ ᠴᠢᠨ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ ᠪᠠᠢᠢᠭ᠎ᠠ ᠢᠢ ᠮᠢᠨᠢ ᠬᠦᠯᠢᠶᠡᠨ ᠠᠪᠤᠨ᠎ᠠ ᠤᠤ᠃ ᠰᠠᠶᠢᠬᠠᠨ ᠠᠰᠲ᠋ᠠᠨ᠎ᠠ ᠬᠣᠲᠠᠨ᠎ᠠ ᠪᠣᠯᠤᠭᠰᠠᠨ ᠪᠢᠳᠡ ᠬᠣᠶᠠᠷ ᠤᠨ ᠠᠭᠤᠯᠵᠠᠯᠲᠠ ᠣᠷᠣᠰ᠂ ᠮᠣᠩ᠋ᠭᠣᠯ ᠤᠨ ᠬᠠᠷᠢᠯᠴᠠᠭᠠᠨ ᠤ ᠨᠠᠢᠢᠷᠰᠠᠭ᠂ ᠠᠵᠢᠯ ᠬᠡᠷᠡᠭᠴᠢ ᠰᠢᠨᠵᠢ ᠴᠢᠨᠠᠷ ᠢ ᠪᠦᠷᠢᠨ ᠨᠣᠲᠠᠯᠠᠭᠰᠠᠨ ᠪᠢᠯᠡ᠃ ᠬᠣᠶᠠᠷ ᠤᠯᠤᠰ ᠤᠨ ᠠᠷᠠᠳ ᠲᠦᠮᠡᠨ ᠦ

thumbnail 2024.04.28 Mongol generaluudiin udur-mendchilgee
2024.04.28 Mongol generaluudiin udur-mendchilgee
ᠮᠣᠩ᠋᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠌ᠳ᠋ᠯᠠᠭᠴᠢ ᠤ᠊᠂ ᠬᠦᠷᠡᠯᠰᠦ᠋ᠬᠡ 《ᠮᠣᠩ᠋᠋ᠭᠣᠯ ᠭᠧᠨᠧᠷᠠᠯ ᠤᠨ ᠡᠳᠦᠷ》 ᠍‍ᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠦᠯ᠎ᠡ

ᠮᠣᠩ᠋᠋ᠭᠣᠯ ᠤᠯᠤᠰ ᠲᠤ ᠴᠡᠷᠢᠭ ᠦᠨ ᠳᠡᠭᠡᠳᠦ ᠭᠧᠨᠧᠷᠠᠯ ᠴᠣᠯᠠ ᠣᠯᠭᠤᠵᠤ ᠡᠬᠢᠯᠡᠭᠰᠡᠨ ᠦ ᠲᠡᠦᠬᠡᠲᠦ 80 ᠵᠢᠯ ᠦᠨ ᠣᠢ ᠲᠣᠬᠢᠶᠠᠵᠤ ᠪᠠᠢᠢᠨ᠎ᠠ᠃ ᠮᠣᠩ᠋᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋ᠯᠠᠭᠴᠢ ᠤᠬᠤᠨ᠎ᠠ ᠢᠢᠨ ᠬᠦᠷᠡᠯᠰᠦ᠋ᠬᠡ ᠡᠨᠡ ᠡᠳᠦᠷ ᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠦᠯ᠎ᠡ᠃

《ᠮᠣᠩ᠋᠋ᠭᠣᠯ ᠭᠧᠨᠧᠷᠠᠯ ᠤᠨ ᠡᠳᠦᠷ》 ᠪᠣᠯ ᠦᠨᠳᠦᠰᠦᠨ ᠦ ᠰᠡᠬᠡᠭᠡᠲᠡᠨ ᠦ ᠰᠢᠯᠢᠳᠡᠭ ᠬᠡᠰᠡᠭ᠂ ᠮᠠᠩᠯᠠᠢᠢᠯᠠᠭᠴᠢᠳ ᠪᠠᠢᠢᠭᠰᠠᠭᠠᠷ ᠢᠷᠡᠭᠰᠡᠨ ᠴᠡᠷᠢᠭ ᠦᠨ ᠳᠡᠭᠡᠳᠦ ᠴᠣᠯᠠᠲᠠᠨ ᠨᠤᠭᠤᠳ ᠤᠨ ᠢᠶᠠᠨ ᠦᠢᠯᠡ ᠬᠡᠷᠡᠭ᠂ ᠠᠯᠳᠠᠷ ᠭᠠᠪᠢᠶ᠎ᠠ ᠢᠢ ᠬᠣᠢᠢᠴᠢ ᠦᠶ ᠡ ᠳᠡᠭᠡᠨ ᠠᠯᠳᠠᠷᠰᠢᠭᠤᠯᠤᠨ ᠮᠥᠩᠬᠡᠵᠢᠭᠦᠯᠬᠦ᠂ ᠴᠡᠷᠢᠭ ᠦᠨ ᠬᠡᠷᠡᠭ ᠦᠨ ᠥᠷᠭᠡᠨ ᠮᠡᠳᠡᠯᠭᠡ᠂ ᠠᠮᠢᠳᠤᠷᠠᠯ ᠤᠨ ᠪᠠᠶᠠᠯᠢᠭ ᠲᠤᠷᠰᠢᠯᠭ᠎ᠠ ᠢᠢ ᠨᠢ ᠲᠦᠭᠡᠭᠡᠨ ᠳᠡᠯᠭᠡᠷᠡᠭᠦᠯᠬᠦ ᠴᠢᠬᠤᠯᠠ

thumbnail 2024.03.22 Nauryzyn bayar mend 1
2024.03.22 Nauryzyn bayar mend 1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠨᠠᠥ᠋ᠷᠢᠽ (Nauryz) ‍ᠤᠨ ᠪᠠᠶᠠᠷ ᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠠᠰᠠᠭ ᠲᠦᠮᠡᠨ ᠦ ᠨᠠᠥ᠋ᠷᠢᠽ ᠤᠨ ᠪᠠᠶᠠᠷ ᠢ ᠲᠣᠬᠢᠶᠠᠯᠳᠤᠭᠤᠯᠤᠨ ᠮᠡᠨᠳᠦᠴᠢᠯᠡᠭᠡ ᠳᠡᠪᠰᠢᠭᠦᠯᠦᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠮᠡᠨᠳᠦᠴᠢᠯᠡᠭᠡᠨ ᠳᠥ᠄

《ᠲᠤᠭᠤᠷᠭ᠎ᠠ ᠲᠤᠰᠠᠭᠠᠷ ᠮᠣᠩ᠋ᠭᠣᠯ ᠡᠬᠡ ᠣᠷᠣᠨ ᠤ ᠪᠠᠨ ᠥᠨᠴᠦᠭ ᠪᠤᠯᠤᠩ ᠪᠦᠷᠢ ᠳᠥ ᠪᠣᠯᠤᠨ ᠭᠠᠳᠠᠭᠠᠳᠤ ᠢᠢᠨ ᠣᠷᠣᠨ ᠨᠤᠭᠤᠳ ᠲᠤ ᠠᠮᠢᠳᠤᠷᠠᠨ ᠰᠠᠭᠤᠭ᠎ᠠ᠂ ᠠᠵᠢᠯᠴᠢ ᠬᠢᠴᠢᠶᠡᠩ᠋ᠭᠦᠢ᠂ ᠠᠪᠢᠶᠠᠰᠯᠢᠭ᠂ ᠬᠥᠳᠡᠯᠮᠦᠷᠢᠴᠢ ᠬᠠᠰᠠᠭ ᠲᠦᠮᠡᠨ ᠳᠡᠭᠡᠨ ᠨᠠᠷᠠᠨ ᠤ ᠪᠠᠶᠠᠷ – ᠨᠠᠥ᠋ᠷᠢᠽ ᠤᠨ ᠮᠡᠨᠳᠦ ᠢᠢ ᠡᠷᠭᠦᠨ ᠳᠡᠪᠰᠢᠭᠦᠯᠦᠶ᠎ᠡ᠃

ᠡᠬᠡ ᠳᠡᠯᠡᠬᠡᠢ ᠮᠢᠨᠢ ᠢᠯᠴᠢ ᠭᠡᠷᠡᠯ ᠢᠶᠡᠷ ᠲᠡᠳᠬᠦᠭ᠍ᠴᠢ ᠠᠯᠲᠠᠨ ᠨᠠᠷᠠᠠ ᠢ ᠲᠣᠭᠣᠷᠢᠭᠰᠠᠭᠠᠷ᠂ ᠡᠳᠦᠷ ᠰᠥᠨᠢ ᠲᠡᠩᠴᠡᠬᠦ ᠡᠳᠦᠷ᠂ ᠰᠢᠮ᠎ᠡ ᠲᠡᠢ ᠪᠦᠬᠦᠨ ᠳᠡᠯᠭᠡᠷᠡᠵᠥ᠂ ᠦᠨᠳᠦᠰᠦ ᠲᠡᠢ ᠪᠦᠬᠦᠨ ᠦᠷᠡᠵᠢᠬᠦ᠂ ᠦᠢᠯᠡᠰ ᠠᠵᠢᠯ