Та "Internet explorer"-ийн сүүлийн хувилбар болох "Microsoft edge"-г ашиглана уу

Хэрэв "Microsoft edge"-г татах бол энд дарж татаж авна уу

ᠬᠡᠯᠡᠭᠰᠡᠨ ᠦᠭᠡ
thumbnail 18.9.01 Bayar
18.9.01 Bayar
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠲᠥᠪ ᠠᠶᠢᠮᠠᠭ ᠤᠨ ᠰᠡᠷᠭᠦᠯᠡᠩ ᠰᠤᠮᠤ ᠶᠢᠨ ᠳᠤᠮᠳᠠ ᠰᠤᠷᠭᠠᠭᠤᠯᠢ ᠶᠢᠨ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠳᠦ ᠣᠷᠣᠯᠴᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ 2018-2019 ᠣᠨ ᠤ ᠬᠢᠴᠢᠶᠡᠯ ᠦᠨ ᠰᠢᠨ᠎ᠡ ᠵᠢᠯ ᠢ ᠲᠣᠬᠢᠶᠠᠯᠳᠤᠭᠤᠯᠤᠨ ᠲᠥᠪ ᠠᠢᠢᠮᠠᠭ ᠤᠨ ᠰᠡᠷᠭᠦᠯᠡᠩ ᠰᠤᠮᠤ ᠢᠢᠨ ᠳᠤᠮᠳᠠ ᠰᠤᠷᠭᠠᠭᠤᠯᠢ ᠢᠢᠨ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠳᠥ ᠣᠷᠣᠯᠴᠠᠬᠤ ᠪᠠᠷ ᠲᠤᠰ ᠰᠤᠷᠭᠠᠭᠤᠯᠢ ᠳᠡᠭᠡᠷ᠎ᠡ ᠣᠴᠢᠯ᠎ᠠ᠃

 

ᠡᠨᠡ ᠵᠢᠯ ᠶᠡᠷᠦᠩᠬᠡᠢ ᠪᠣᠯᠪᠠᠰᠤᠷᠠᠯ ᠤᠨ 814 ᠰᠤᠷᠭᠠᠭᠤᠯᠢ ᠳᠤ 597.2 ᠮᠢᠩᠭ᠋ᠠᠨ ᠰᠤᠷᠤᠯᠴᠠᠭᠴᠢ ᠰᠤᠷᠤᠯᠴᠠᠬᠤ ᠪᠥᠭᠡᠳ ᠨᠡᠢᠢᠲᠡ ᠰᠤᠷᠭᠠᠭᠤᠯᠢ ᠢᠢᠨ 563 ᠨᠢ ᠬᠥᠳᠡᠭᠡ ᠣᠷᠣᠨ ᠨᠤᠲᠤᠭ ᠲᠤ᠂ 251 ᠨᠢ ᠨᠡᠢᠢᠰᠯᠡᠯ ᠳᠥ ᠦᠢᠯᠡ ᠠᠵᠢᠯᠯᠠᠭ᠎ᠠ ᠶᠠᠪᠤᠭᠤᠯᠬᠤ ᠶᠤᠮ᠃

 

ᠬᠠᠷᠢᠨ ᠰᠡᠷᠭᠦᠯᠡᠩ ᠰᠤᠮᠤ ᠢᠢᠨ ᠰᠤᠷᠭᠠᠭᠤᠯᠢ ᠳᠤ 2018-2019 ᠣᠨ ᠤ ᠬᠢᠴᠢᠶᠡᠯ ᠦᠨ ᠵᠢᠯ ᠳᠥ 1

thumbnail 18.8.30 Huuhed
18.8.30 Huuhed
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠡᠦᠬᠡᠳ ᠬᠠᠮᠠᠭᠠᠯᠠᠯ ᠤᠨ ᠠᠰᠠᠭᠤᠳᠠᠯ ᠢᠶᠠᠷ ᠲᠥᠷᠥ ᠶᠢᠨ ᠪᠠᠶᠢᠭᠤᠯᠤᠯᠭ᠎ᠠ ᠶᠢᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠶᠠᠷᠢᠯᠴᠠᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠡᠦᠬᠡᠳ ᠬᠠᠮᠠᠭᠠᠯᠠᠯ ᠤᠨ ᠠᠰᠠᠭᠤᠳᠠᠯ ᠢᠶᠠᠷ ᠲᠥᠷᠥ ᠢᠢᠨ ᠪᠠᠢᠢᠭᠤᠯᠤᠯᠭ᠎ᠠ ᠢᠢᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠶᠠᠷᠢᠯᠴᠠᠯ᠎ᠠ᠃

 

ᠡᠢᠢᠨ ᠬᠦ ᠠᠭᠤᠯᠵᠠᠬᠤ ᠪᠣᠯᠤᠭᠰᠠᠨ ᠰᠢᠯᠲᠠᠭᠠᠨ ᠨᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2018 ᠣᠨ ᠤ ᠵᠢᠷᠭᠤᠳᠤᠭᠠᠷ ᠰᠠᠷ᠎ᠠ ᠢᠢᠨ 28 ᠍ ᠤ ᠡᠳᠦᠷ ᠦᠨ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠬᠤ ᠳᠤ ᠪᠠᠨ ᠬᠡᠦᠬᠡᠳ ᠬᠠᠮᠠᠭᠠᠯᠠᠯ ᠤᠨ ᠠᠰᠠᠭᠤᠳᠠᠯ ᠢᠶᠠᠷ ᠲᠥᠷᠦ ᠢᠢᠨ ᠪᠠᠢᠢᠭᠤᠯᠤᠯᠭ᠎ᠠ ᠨᠤᠭᠤᠳ ᠲᠤ ᠡᠭᠦᠷᠭᠡ᠂ ᠴᠢᠭᠯᠡᠯ ᠥᠭᠭᠦᠭ᠍ᠰᠡᠨ ᠲᠡᠢ᠂ ᠮᠥᠨ 2018-2019 ᠣᠨ ᠤ ᠬᠢᠴᠢᠶᠡᠯ ᠦᠨ ᠰᠢᠨ᠎ᠡ ᠵᠢᠯ ᠡᠬᠢᠯᠡᠬᠦ ᠭᠡᠵᠦ ᠪᠤᠢ ᠲᠠᠢ ᠬᠣᠯᠪᠣᠭ᠎ᠠ ᠲᠠᠢ ᠶᠤᠮ᠃

 

ᠮᠣᠩᠭ᠋ᠣᠯ ᠤᠯᠤᠰ ᠤᠨ

thumbnail 18.8.26 Emch1
18.8.26 Emch1
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠮᠣᠩᠭᠣᠯ ᠤᠨ ᠡᠮᠴᠢ ᠨᠠᠷ ᠢ ᠰᠤᠷᠭᠠᠵᠤ᠂ ᠳᠠᠳᠤᠯᠭᠠᠵᠢᠭᠤᠯᠬᠤ ᠳᠤ ᠴᠢᠨᠠᠭᠰᠢᠳᠠ ᠤᠯᠠᠮ ᠪᠦᠷ ᠠᠩᠬᠠᠷᠤᠭᠠᠰᠠᠢ ᠬᠡᠮᠡᠨ ᠬᠦᠰᠡᠯ᠎ᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠣᠭᠣᠯᠠ ᠪᠣᠯᠪᠠᠰᠤᠷᠠᠭᠤᠯᠬᠤ ᠵᠠᠮ ᠤᠨ ᠮᠡᠰᠡ ᠵᠠᠰᠠᠯ᠂ ᠡᠮᠴᠢᠯᠡᠭᠡᠨ ᠦ ᠲᠤᠬᠠᠢ ᠶᠠᠫᠣᠨ-ᠮᠣᠩᠭ᠋ᠣᠯ ᠤᠨ ᠬᠠᠮᠲᠤᠷᠠᠭᠰᠠᠨ 10 ᠳ᠋ᠠᠬᠢ ᠤᠳᠠᠭ᠎ᠠ ᠢᠢᠨ ᠣᠯᠠᠨ ᠤᠯᠤᠰ ᠤᠨ ᠬᠤᠷᠠᠯ ᠳᠤ ᠣᠷᠣᠯᠴᠠᠬᠤ ᠪᠠᠷ ᠢᠷᠡᠭᠰᠡᠨ ᠳ᠋ᠣᠺᠲ᠋ᠣᠷ᠂ ᠫᠷᠣᠹᠧᠰᠰᠣᠷ ᠤᠳ ᠢ ᠲᠥᠷᠥ ᠢᠢᠨ ᠣᠷᠳᠣᠨ ᠳᠤ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠬᠠᠪᠤᠳᠠᠷ ᠰᠤᠳᠤᠯᠤᠯ ᠤᠨ ᠦᠨᠳᠦᠰᠦᠨ ᠦ ᠲᠥᠪ ᠦᠨ ᠶᠡᠷᠦᠩᠬᠡᠢ ᠵᠠᠬᠢᠷᠤᠯ ᠵ ∙ ᠴᠢᠩᠪᠦᠢᠷᠢᠨ 10 ᠳ᠋ᠠᠬᠢ ᠤᠳᠠᠭ᠎ᠠ ᠢᠢᠨ ᠣᠯᠠᠨ ᠤᠯᠤᠰ ᠤᠨ ᠬᠤᠷᠠᠯ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠦᠷ ᠵᠣᠬᠢᠶᠠᠨ ᠪᠠᠢᠢᠭᠤᠯᠵᠤ ᠪᠤᠢ ᠳᠤ ᠲᠠᠯᠠᠷᠬᠠᠯ ᠢᠯᠡᠷᠬᠡᠢᠢᠯᠡᠭᠡᠳ ᠬᠤᠷᠠᠯ ᠤᠨ ᠴᠠᠷ᠎ᠠ ᠬᠦᠷᠢᠶ᠎ᠡ ᠵᠢᠯ

thumbnail 18.8.25 Japan
18.8.25 Japan
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠠᠫᠣᠨ-ᠮᠣᠩᠭᠣᠯ ᠤᠨ ᠬᠠᠮᠲᠤᠷᠠᠭᠰᠠᠨ ᠣᠯᠠᠨ ᠤᠯᠤᠰ ᠤᠨ ᠣᠨᠣᠯ ᠫᠷᠠᠺᠲ᠋ᠢᠭ ᠤᠨ ᠬᠤᠷᠠᠯ ᠳᠤ ᠣᠷᠣᠯᠴᠠᠵᠤ᠂ ᠦᠭᠡ ᠬᠡᠯᠡᠯ᠎ᠡ

ᠬᠣᠭᠣᠯᠠ ᠪᠣᠯᠪᠠᠰᠤᠷᠠᠭᠤᠯᠬᠤ ᠵᠠᠮ ᠤᠨ ᠮᠡᠰᠡ ᠵᠠᠰᠠᠯ᠂ ᠡᠮᠴᠢᠯᠡᠭᠡᠨ ᠦ ᠲᠤᠬᠠᠢ ᠶᠠᠫᠣᠨ-ᠮᠣᠩᠭ᠋ᠣᠯ ᠤᠨ ᠬᠠᠮᠲᠤᠷᠠᠭᠰᠠᠨ 10 ᠳ᠋ᠠᠬᠢ ᠤᠳᠠᠭ᠎ᠠ ᠢᠢᠨ ᠣᠯᠠᠨ ᠤᠯᠤᠰ ᠤᠨ ᠬᠤᠷᠠᠯ ᠨᠠᠢᠢᠮᠠᠳᠤᠭᠠᠷ ᠰᠠᠷ᠎ᠠ ᠢᠢᠨ 23-25 ᠍ ᠤ ᠡᠳᠦᠷ ᠦᠳ ᠲᠥ ᠤᠯᠠᠭᠠᠨᠪᠠᠭᠠᠲᠤᠷ ᠬᠣᠲᠠ ᠳᠤ ᠵᠣᠬᠢᠶᠠᠨ ᠪᠠᠢᠢᠭᠤᠯᠤᠭᠳᠠᠵᠤ ᠪᠠᠢᠢᠨ᠎ᠠ᠃ ᠡᠨᠡ ᠵᠢᠯ ᠦᠨ ᠣᠯᠠᠨ ᠤᠯᠤᠰ ᠤᠨ ᠬᠤᠷᠠᠯ 《ᠡᠯᠢᠭᠡ᠂ ᠰᠥᠰᠥ᠂ ᠨᠣᠢᠢᠷ ᠪᠤᠯᠴᠢᠷᠬᠠᠢ ᠢᠢᠨ ᠬᠣᠣᠷᠲᠤ ᠬᠠᠪᠤᠳᠠᠷ ᠤᠨ ᠣᠷᠴᠢᠨ ᠦᠶ᠎ᠡ ᠢᠢᠨ ᠣᠨᠣᠰᠢᠯᠠᠭ᠎ᠠ ᠡᠮᠴᠢᠯᠡᠭᠡ》 ᠰᠡᠳᠦᠪ ᠢᠶᠡᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠦᠷ ᠵᠣᠬᠢᠶᠠᠨ ᠪᠠᠢᠢᠭᠤᠯᠤᠭᠳᠠᠵᠤ ᠪᠠᠢᠢᠭ᠎ᠠ ᠶᠤᠮ᠃ ᠥᠩᠭᠡᠷᠡᠭᠰᠡᠨ ᠡᠳᠦᠷ ᠦᠳ ᠲᠥ ᠶᠠᠫᠣᠨ᠂ ᠰᠣᠯᠣᠩᠭ᠋ᠣᠰ᠂ ᠡᠨᠡᠳᠬᠡᠭ᠌᠂ ᠺᠠᠽᠠᠭᠰᠲ᠋ᠠᠨ᠂ ᠣᠷᠣᠰ ᠤᠨ ᠬᠣᠯᠪᠣᠭᠠᠨ ᠤ ᠤᠯᠤᠰ ᠪᠣᠯᠤᠨ ᠮᠣᠩᠭ᠋ᠣᠯ

thumbnail 18.8.24 China1
18.8.24 China1
ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠥᠷᠥ ᠶᠢᠨ ᠵᠥᠪᠯᠡᠯ ᠦᠨ ᠭᠡᠰᠢᠭᠦᠨ᠂ ᠭᠠᠳᠠᠭᠠᠳᠤ ᠬᠡᠷᠡᠭ ᠦᠨ ᠰᠠᠶᠢᠳ ᠸᠠᠩ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ

ᠮᠣᠩᠭ᠋ᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠲ ∙ ᠴᠣᠭᠲᠤᠪᠠᠭᠠᠲᠤᠷ ᠤᠨ ᠤᠷᠢᠯᠭ᠎ᠠ ᠪᠠᠷ ᠮᠣᠩᠭ᠋ᠣᠯ ᠤᠯᠤᠰ ᠲᠤ ᠠᠯᠪᠠᠨ ᠠᠢᠢᠯᠴᠢᠯᠠᠯ ᠬᠢᠵᠦ ᠪᠤᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠥ ᠢᠢᠨ ᠵᠥᠪᠯᠡᠯ ᠦᠨ ᠭᠡᠰᠢᠭᠦᠨ᠂ ᠭᠠᠳᠠᠭᠠᠳᠤ ᠬᠡᠷᠡᠭ ᠦᠨ ᠰᠠᠢᠢᠳ ᠸᠠᠩ ᠶᠢ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

 

ᠨᠣᠶᠠᠨ ᠸᠠᠩ ᠶᠢ ᠠᠭᠤᠯᠵᠠᠯᠲᠠ ᠢᠢᠨ ᠡᠬᠢᠨ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠫᠢᠨ ᠦ ᠮᠡᠨᠳᠦᠴᠢᠯᠡᠭᠡ ᠢᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠤᠯᠠᠮᠵᠢᠯᠠᠭᠠᠳ᠂ ᠡᠢᠢᠨ ᠬᠦ ᠬᠦᠯᠢᠶᠡᠨ ᠠᠪᠴᠤ

thumbnail 18.8.21 Kovalenko
18.8.21 Kovalenko
ᠠᠯᠲᠠᠨ ᠭᠠᠳᠠᠰᠤ ᠣᠳᠣᠨ ᠢᠶᠠᠷ ᠱᠠᠩᠨᠠᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠵᠠᠷᠯᠢᠭ ᠢᠶᠠᠷ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠣᠷᠣᠭᠤᠯᠤᠭᠰᠠᠨ ᠬᠤᠪᠢ ᠨᠡᠮᠡᠷᠢ ᠢᠢ ᠨᠢ ᠥᠨᠳᠥᠷ ᠢᠶᠡᠷ ᠦᠨᠡᠯᠡᠵᠦ᠂ ᠥᠨᠥᠳᠥᠷ ᠣᠷᠣᠰ ᠤᠨ ᠬᠣᠯᠪᠣᠭᠠᠨ ᠤ ᠤᠯᠤᠰ ᠢᠢᠨ ᠢᠷᠭᠡᠨ ᠠᠨ᠋ᠲ᠋ᠣᠨ ᠸᠢᠲ᠋ᠠᠯᠢᠶᠧᠸᠢᠴ ᠺᠣᠸᠠᠯᠧᠨ᠋ᠺᠣ ᠢ ᠲᠥᠷᠥ ᠢᠢᠨ ᠳᠡᠭᠡᠳᠦ ᠱᠠᠩᠨᠠᠯ ᠠᠯᠲᠠᠨ ᠭᠠᠳᠠᠰᠤ ᠣᠳᠣᠨ ᠢᠶᠠᠷ ᠱᠠᠩᠨᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠵᠠᠷᠯᠢᠭ ᠢ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠠᠯᠲᠠᠨ ᠭᠠᠳᠠᠰᠤ ᠣᠳᠣᠨ ᠢ ᠣᠷᠣᠰ ᠤᠨ ᠬᠣᠯᠪᠣᠭᠠᠨ ᠤ ᠤᠯᠤᠰ ᠢᠢᠨ ᠢᠷᠭᠡᠨ ᠠᠨ᠋ᠲ᠋ᠣᠨ

thumbnail 18.8.21 OBEG
18.8.21 OBEG
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ ᠪᠠᠶᠢᠭᠠᠯᠢ ᠢᠢᠨ ᠭᠠᠮᠰᠢᠭ ᠤᠨ ᠦᠶ᠎ᠡ ᠳᠦ ᠦᠯᠢᠭᠡᠷ ᠵᠢᠱᠢᠶ᠎ᠡ ᠠᠵᠢᠯᠯᠠᠭᠰᠠᠨ ᠢᠷᠭᠡᠳ ᠲᠦ ᠲᠥᠷᠥ ᠶᠢᠨ ᠣᠳᠣᠨ ᠮᠧᠳᠠᠯ ᠭᠠᠷᠳᠠᠭᠤᠯᠤᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠥᠨᠥᠳᠥᠷ ᠲᠥᠷᠦ ᠶᠢᠨ ᠣᠳᠤᠨ ᠮᠧᠳᠠᠯ ᠢᠶᠠᠷ ᠱᠠᠩᠨᠠᠬᠤ ᠲᠤᠬᠠᠢ ᠵᠠᠷᠯᠢᠭ ᠭᠠᠷᠭᠠᠵᠤ᠂ ᠳᠣᠷᠣᠨᠠᠭᠣᠪᠢ ᠠᠶᠢᠮᠠᠭ ᠤᠨ ᠠᠶᠢᠷᠠᠭ ᠰᠤᠮᠤ ᠶᠢᠨ ᠨᠤᠲᠤᠭ ᠲᠤ ᠪᠣᠯᠤᠭᠰᠠᠨ ᠪᠠᠶᠢᠭᠠᠯᠢ ᠢᠢᠨ ᠭᠠᠮᠰᠢᠭ ᠤᠨ ᠦᠶ᠎ᠡ ᠪᠡᠷ ᠡᠷ᠎ᠡ ᠵᠣᠷᠢᠭ᠂ ᠠᠪᠬᠠᠯᠵᠢ ᠰᠠᠮᠪᠠᠭ᠎ᠠ ᠭᠠᠷᠭᠠᠨ ᠠᠵᠢᠯᠯᠠᠵᠤ᠂ ᠣᠯᠠᠨ ᠬᠦᠮᠦᠨ ᠦ ᠠᠮᠢ ᠨᠠᠰᠤ᠂ ᠡᠷᠡᠭᠦᠯ ᠮᠡᠨᠳᠦ ᠶᠢ ᠰᠠᠬᠢᠨ ᠬᠠᠮᠠᠭᠠᠯᠠᠵᠤ᠂ ᠡᠬᠡ ᠣᠷᠣᠨ᠂ ᠠᠷᠠᠳ ᠲᠦᠮᠡᠨ ᠦ ᠪᠡᠨ ᠡᠮᠦᠨ᠎ᠡ ᠬᠦᠯᠢᠶᠡᠭᠰᠡᠨ ᠡᠭᠦᠷᠭᠡ ᠪᠡᠨ ᠨᠡᠷ᠎ᠡ ᠲᠥᠷᠦ ᠲᠡᠢ ᠪᠡᠶᠡᠯᠡᠭᠦᠯᠦᠭᠰᠡᠨ ᠣᠨᠴᠤᠭᠤᠢ ᠪᠠᠶᠢᠳᠠᠯ ᠤᠨ ᠶᠡᠷᠦᠩᠬᠡᠢ ᠭᠠᠵᠠᠷ᠂ ᠴᠠᠭᠳᠠᠭ᠎ᠠ ᠶᠢᠨ ᠶᠡᠷᠦᠩᠬᠡᠢ ᠭᠠᠵᠠᠷ᠂ ᠤᠯᠠᠭᠠᠨᠪᠠᠭᠠᠲᠤᠷ ᠲᠡᠮᠦᠷ ᠵᠠᠮ ᠬᠤᠪᠢ ᠨᠡᠶᠢᠯᠡᠭᠦᠯᠦᠭᠰᠡᠨ ᠨᠡᠶᠢᠭᠡᠮᠯᠢᠭ᠌

thumbnail 18.8.17 Japan
18.8.17 Japan
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠮᠣᠩᠭᠣᠯ ᠤᠯᠤᠰ ᠠᠴᠠ ᠶᠠᠫᠣᠨ ᠤᠯᠤᠰ ᠲᠤ ᠰᠠᠭᠤᠬᠤ ᠡᠯᠴᠢᠨ ᠰᠠᠶᠢᠳ ᠲ ∙ ᠪᠠᠲᠤᠵᠢᠷᠭᠠᠯ ᠳᠤ ᠢᠲᠡᠭᠡᠮᠵᠢᠯᠡᠬᠦ ᠵᠢᠭᠤᠬᠤ ᠪᠢᠴᠢᠭ ᠭᠠᠷᠳᠠᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠠᠴᠠ ᠶᠠᠫᠣᠨ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲ ∙ ᠪᠠᠲᠤᠵᠢᠷᠭᠠᠯ ᠳᠤ ᠥᠨᠥᠳᠥᠷ ᠢᠲᠡᠭᠡᠮᠵᠢᠯᠡᠬᠦ ᠵᠢᠭᠤᠬᠤ ᠪᠢᠴᠢᠭ᠌ ᠭᠠᠷᠳᠠᠭᠤᠯᠤᠯᠤᠭ᠎ᠠ᠃

 

ᠮᠣᠩ᠋ᠭᠣᠯ ᠤᠯᠤᠰ ᠠᠴᠠ ᠶᠠᠫᠣᠨ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠠᠮᠪᠠᠳᠠᠷᠵᠡᠢ ᠢᠢᠨ ᠪᠠᠲᠤᠵᠢᠷᠭᠠᠯ᠄

 

1966 ᠣᠨ ᠳᠤ ᠤᠯᠠᠭᠠᠨᠪᠠᠭᠠᠲᠤᠷ ᠬᠣᠲᠠ ᠳᠤ ᠲᠦᠷᠦᠭᠰᠡᠨ᠃

1989 ᠣᠨ ᠳᠤ ᠮᠣᠩ᠋ᠭᠣᠯ ᠤᠯᠤᠰ ᠤᠨ ᠶᠡᠬᠡ ᠰᠤᠷᠭᠠᠭᠤᠯᠢ ᠢᠢᠨ ᠣᠯᠠᠨ ᠤᠯᠤᠰ ᠤᠨ ᠬᠠᠷᠢᠯᠴᠠᠭᠠᠨ ᠤ ᠰᠤᠷᠭᠠᠭᠤᠯᠢ᠂

1995 ᠣᠨ ᠳᠤ ᠶᠠᠫᠣᠨ ᠤᠯᠤᠰ ᠤᠨ ᠲᠣᠺᠢᠣ᠋ ᠍ ᠢᠢᠨ ᠶᠡᠬᠡ ᠰᠤᠷᠭᠠᠭᠤᠯᠢ᠂

2002 ᠣᠨ ᠳᠤ ᠶᠠᠫᠣᠨ ᠤᠯᠤᠰ ᠤᠨ

thumbnail 18.8.16 KAS
18.8.16 KAS
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠣᠯᠪᠤᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠺᠥᠨ᠋ᠷᠠᠳ᠋ ᠠᠳ᠋ᠧᠨᠠᠤᠢᠧᠷ ᠰᠠᠩ ᠤᠨ ᠶᠡᠷᠦᠩᠬᠡᠢ ᠨᠠᠷᠢᠨ ᠪᠢᠴᠢᠭ ᠦᠨ ᠣᠷᠣᠯᠠᠭᠴᠢ ᠭᠧᠷᠬᠠᠷᠳ᠋ ᠸᠠᠯᠧᠷᠰ ᠢ ᠬᠦᠯᠢᠶᠡᠨ ᠠᠪᠴᠤ ᠠᠭᠤᠯᠵᠠᠪᠠ

ᠬᠣᠯᠪᠤᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠺᠥᠨ᠋ᠷᠠᠳ᠋ ᠠᠳ᠋ᠧᠨᠠᠤᠢᠧᠷ ᠰᠠᠩ ᠤᠨ ᠶᠡᠷᠦᠩᠬᠡᠢ ᠨᠠᠷᠢᠨ ᠪᠢᠴᠢᠭ᠌ ᠦᠨ ᠣᠷᠣᠯᠠᠭᠴᠢ ᠪᠥᠭᠡᠳ ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠲᠥᠪ ᠭᠠᠵᠠᠷ ᠤᠨ ᠳᠠᠷᠤᠭ᠎ᠠ ᠳ᠋ᠣᠺᠲᠣᠷ ᠭᠧᠷᠬᠠᠷᠳ᠋ ᠸᠠᠯᠧᠷᠰ ᠮᠣᠩᠭ᠋ᠣᠯ ᠤᠯᠤᠰ ᠲᠤ ᠠᠵᠢᠯ ᠤᠨ ᠠᠢᠢᠯᠴᠢᠯᠠᠯ ᠬᠢᠵᠦ ᠪᠠᠢᠢᠨ᠎ᠠ᠃ ᠺᠥᠨ᠋ᠷᠠᠳ᠋ ᠠᠳ᠋ᠧᠨᠠᠤᠢᠧᠷ ᠰᠠᠩ ᠨᠢ 1993 ᠣᠨ ᠠᠴᠠ ᠡᠬᠢᠯᠡᠨ ᠮᠣᠩᠭ᠋ᠣᠯ ᠤᠯᠤᠰ ᠲᠤ ᠥᠪᠡᠷ ᠦᠨ ᠰᠠᠭᠤᠷᠢᠨ ᠲᠥᠯᠥᠭᠡᠯᠡᠭᠴᠢ ᠪᠡᠨ ᠲᠣᠮᠢᠯᠠᠨ ᠠᠵᠢᠯᠯᠠᠭᠤᠯᠵᠤ ᠪᠠᠢᠢᠭ᠎ᠠ ᠴᠣᠷ ᠤᠨ ᠭᠠᠭᠴᠠ ᠤᠯᠤᠰ ᠲᠥᠷᠥ ᠢᠢᠨ ᠰᠠᠩ ᠪᠥᠭᠡᠳ ᠡᠨᠡ ᠵᠢᠯ ᠬᠠᠮᠲᠤ ᠢᠢᠨ ᠠᠵᠢᠯᠯᠠᠭᠠᠨ ᠤ 25 ᠵᠢᠯ ᠦᠨ ᠣᠢ ᠲᠣᠬᠢᠶᠠᠵᠤ ᠪᠠᠢᠢᠭ᠎ᠠ ᠶᠤᠮ᠃ ᠡᠨᠡ