Та "Internet explorer"-ийн сүүлийн хувилбар болох "Microsoft edge"-г ашиглана уу

Хэрэв "Microsoft edge"-г татах бол энд дарж татаж авна уу

ᠬᠡᠯᠡᠭᠰᠡᠨ ᠦᠭᠡ
thumbnail 21.10.26 Exibition
21.10.26 Exibition
ᠨᠢᠭᠡᠨ ᠵᠠᠭᠤᠨ ᠤ ᠲᠡᠦᠬᠡ ᠢᠢ ᠦᠭᠦᠯᠡᠭᠰᠡᠨ ᠭᠡᠷᠡᠯ ᠵᠢᠷᠤᠭ ᠤᠨ ᠦᠵᠡᠰᠬᠦᠯᠡᠩ ᠨᠡᠭᠡᠭᠡᠯᠲᠡ ᠪᠡᠨ ᠬᠢᠯ᠎ᠡ

ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠡᠨᠡ ᠣᠨ ᠳᠤ ᠲᠣᠬᠢᠶᠠᠵᠤ ᠪᠠᠢᠢᠨ᠎ᠠ᠃

1921 ᠣᠨ ᠤ 11 ᠳᠦᠭᠡᠷ ᠰᠠᠷ᠎ᠠ ᠢᠢᠨ 05 ᠍ ᠤ ᠡᠳᠦᠷ ᠮᠣᠰᠺᠸᠠ ᠬᠣᠲᠠᠨ᠎ᠠ ᠠᠷᠠᠳ ᠤᠨ ᠵᠠᠰᠠᠭ ᠤᠨ ᠭᠠᠵᠠᠷ ᠪᠠ ᠵᠥᠪᠯᠡᠯᠲᠦ ᠰᠣᠼᠢᠶᠠᠯᠢᠰᠲ ᠪᠦᠭᠦᠳᠡ ᠨᠠᠢᠢᠷᠠᠮᠳᠠᠬᠤ ᠣᠷᠣᠰ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠨᠠᠢᠢᠷᠠᠮᠳᠠᠯ ᠤᠨ ᠬᠡᠯᠡᠯᠴᠡᠭᠡᠷ ᠲᠣ ᠭᠠᠷ ᠤᠨ ᠦᠰᠦᠭ ᠵᠢᠷᠤᠭᠰᠠᠨ ᠲᠡᠦᠬᠡ ᠲᠡᠢ᠃

ᠬᠣᠶᠠᠷ ᠣᠷᠣᠨ ᠤ ᠬᠠᠷᠢᠯᠴᠠᠭᠠᠨ ᠤ ᠨᠢᠭᠡᠨ ᠵᠠᠭᠤᠨ ᠤ ᠬᠥᠭ᠍ᠵᠢᠯ ᠦᠨ ᠲᠡᠦᠬᠡ ᠢᠢ ᠢᠷᠡᠭᠡᠳᠦᠢ ᠬᠣᠢᠢᠴᠢ ᠦᠶ᠎ᠡ᠂ ᠬᠡᠦᠬᠡᠳ᠂ ᠵᠠᠯᠠᠭᠤᠰ ᠲᠤ ᠰᠤᠷᠲᠠᠯᠴᠢᠯᠠᠨ ᠲᠠᠨᠢᠭᠤᠯᠬᠤ᠂ ᠮᠥᠩᠬᠡᠯᠡᠨ ᠦᠯᠡᠳᠡᠭᠡᠬᠦ ᠵᠣᠷᠢᠯᠭ᠎ᠠ ᠪᠠᠷ

thumbnail 21.10.21-Germany
21.10.21-Germany
ᠮᠣᠩ᠋ᠭᠣᠯ ᠤᠯᠤᠰ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠵᠡᠪᠰᠡᠭᠲᠦ ᠬᠦᠴᠦᠨ ᠦ ᠬᠠᠮᠲᠤᠷᠠᠭᠰᠠᠨ ᠠᠭᠤᠯᠠ ᠢᠢᠨ ᠶᠠᠪᠠᠭᠠᠨ ᠴᠡᠷᠢᠭ ᠦᠨ ᠰᠤᠷᠭᠠᠯᠲᠠ ᠢᠢᠨ ᠦᠢᠯᠡ ᠠᠵᠢᠯᠯᠠᠭ᠎ᠠ ᠲᠠᠢ ᠲᠠᠨᠢᠯᠴᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠤ᠊ ∙ ᠬᠦᠷᠡᠯᠰᠦ᠋ᠬᠡ ᠮᠣᠩ᠋ᠭᠣᠯ ᠤᠯᠤᠰ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠵᠡᠪᠰᠡᠭᠲᠦ ᠬᠦᠴᠦᠨ ᠦ ᠬᠠᠮᠲᠤᠷᠠᠭᠰᠠᠨ ᠠᠭᠤᠯᠠ ᠢᠢᠨ ᠶᠠᠪᠠᠭᠠᠨ ᠴᠡᠷᠢᠭ ᠦᠨ III ᠱᠠᠲᠤᠨ ᠤ ᠰᠤᠷᠭᠠᠯᠲᠠ ᠢᠢᠨ ᠦᠢᠯᠡ ᠠᠵᠢᠯᠯᠠᠭ᠎ᠠ ᠲᠠᠢ ᠲᠠᠨᠢᠯᠴᠠᠯ᠎ᠠ᠃

ᠬᠣᠶᠠᠷ ᠤᠯᠤᠰ ᠤᠨ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠲᠤᠰ ᠰᠤᠷᠭᠠᠯᠲᠠ ᠢᠢ 2019 ᠣᠨ ᠠᠴᠠ ᠡᠬᠢᠯᠡᠨ ᠵᠢᠯ ᠪᠦᠷᠢ ᠵᠣᠬᠢᠶᠠᠨ ᠪᠠᠢᠢᠭᠤᠯᠵᠤ ᠪᠤᠢ ᠪᠥᠭᠡᠳ ᠮᠣᠩ᠋ᠭᠣᠯ ᠤᠯᠤᠰ ᠤᠨ ᠵᠡᠪᠰᠡᠭᠲᠦ ᠬᠦᠴᠦᠨ ᠦ ᠠᠭᠤᠯᠠ ᠢᠢᠨ ᠲᠤᠰᠬᠠᠢ ᠪᠠᠲ᠋ᠯᠢᠶᠣᠨ ᠪᠤᠶᠤ 331  ᠳᠦᠭᠡᠷ ᠠᠩᠬᠢ ᠢᠢᠨ ᠠᠯᠪᠠ

thumbnail 21.10.21 Weather
21.10.21 Weather
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ᠄ ᠰᠡᠷᠬᠦᠭᠡᠭᠳᠡᠬᠦ ᠡᠷᠴᠢᠮ ᠬᠦᠴᠦᠨ ᠦ ᠡᠬᠢ ᠡᠭᠦᠰᠪᠦᠷᠢ ᠢᠢ ᠨᠡᠩ ᠶᠠᠭᠠᠷᠠᠯᠲᠠᠢ ᠨᠡᠮᠡᠨ᠎ᠡ

《ᠮᠣᠩ᠋ᠭᠣᠯ ᠤᠯᠤᠰ-ᠨᠣᠭᠣᠭᠠᠨ ᠬᠥᠭ᠍ᠵᠢᠯ》 ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠤᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠰᠠᠭᠤᠷᠢ ᠺᠣᠨ᠋ᠸᠧᠨ᠋ᠼ ᠤᠨ ᠲᠠᠯ᠎ᠠ ᠨᠤᠭᠤᠳ ᠤᠨ 26 ᠳ᠋ᠤᠭᠠᠷ ᠪᠠᠭ᠎ᠠ ᠬᠤᠷᠠᠯ ᠤᠨ ᠤᠷᠢᠳᠴᠢᠯᠠᠭᠰᠠᠨ ᠬᠡᠯᠡᠯᠴᠡᠭᠦᠯᠭᠡ ᠲᠥᠷᠥ ᠢᠢᠨ ᠣᠷᠳᠣᠨ ᠳᠤ ᠡᠬᠢᠯᠡᠯ᠎ᠡ᠃

ᠬᠡᠯᠡᠯᠴᠡᠭᠦᠯᠭᠡ ᠨᠢ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠬᠦᠷᠢᠶᠡᠨ ᠳᠥ ᠣᠢ ᠢᠢᠨ ᠠᠵᠤ ᠠᠬᠤᠢ᠂ ᠡᠷᠴᠢᠮ ᠬᠦᠴᠦ᠂ ᠪᠡᠯᠴᠢᠭᠡᠷ ᠦᠨ ᠵᠣᠬᠢᠴᠠᠭᠤᠯᠤᠯᠲᠠ ᠢᠢᠨ ᠴᠢᠭᠯᠡᠯ ᠢᠶᠡᠷ ᠬᠢᠵᠦ ᠪᠠᠢᠢᠭ᠎ᠠ ᠠᠵᠢᠯ ᠢᠶᠠᠨ ᠡᠷᠴᠢᠮᠵᠢᠭᠦᠯᠬᠦ᠂ ᠳᠡᠭᠡᠷᠡᠬᠢ ᠪᠠᠭ᠎ᠠ ᠬᠤᠷᠠᠯ ᠳᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠪᠦᠲᠦᠭᠡᠯᠴᠢ ᠣᠷᠣᠯᠴᠠᠭ᠎ᠠ ᠢᠢ ᠳᠡᠮᠵᠢᠬᠦ ᠵᠣᠷᠢᠯᠭ᠎ᠠ ᠲᠠᠢ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ

thumbnail 21.10.18-Election1
21.10.18-Election1
ᠤᠯᠤᠰ ᠤᠨ ᠶᠡᠬᠡ ᠬᠤᠷᠠᠯ ᠤᠨ ᠨᠥᠬᠦᠨ ᠰᠣᠩ᠋ᠭᠣᠭᠤᠯᠢ ᠢᠢᠨ ᠳ᠋ᠦᠩ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠡᠷᠭᠦᠨ ᠮᠡᠳᠡᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠦᠰᠦ᠋ᠬᠡ ᠳᠥ ᠰᠣᠩ᠋ᠭᠣᠭᠤᠯᠢ ᠢᠢᠨ ᠶᠡᠷᠦᠩᠬᠡᠢ ᠬᠣᠷᠢᠶᠠᠨ ᠤ ᠳᠠᠷᠤᠭ᠎ᠠ ᠫ ∙ ᠳᠡᠯᠭᠡᠷᠨᠠᠷᠠᠨ ᠲᠡᠷᠢᠭᠦᠲᠡᠢ ᠭᠡᠰᠢᠭᠦᠳ ᠪᠠᠷᠠᠭᠠᠯᠬᠠᠵᠤ ᠤᠯᠤᠰ ᠤᠨ ᠶᠡᠬᠡ ᠬᠤᠷᠠᠯ ᠤᠨ 18᠂ 28 ᠳ᠋ᠤᠭᠠᠷ ᠲᠣᠭᠣᠷᠢᠭ ᠤᠨ ᠨᠥᠬᠥᠨ ᠰᠣᠩ᠋ᠭᠣᠭᠤᠯᠢ ᠢᠢᠨ ᠳ᠋ᠦᠩ ᠢ ᠡᠷᠭᠦᠨ ᠮᠡᠳᠡᠭᠦᠯᠦᠯ᠎ᠡ᠃

ᠰᠣᠩ᠋ᠭᠣᠭᠤᠯᠢ ᠢᠢᠨ ᠶᠡᠷᠦᠩᠬᠡᠢ ᠬᠣᠷᠢᠶ᠎ᠠ ᠬᠠᠮᠤᠭ ᠤᠨ ᠣᠯᠠᠨ ᠰᠠᠨᠠᠯ ᠠᠪᠤᠭᠰᠠᠨ ᠵ ∙ ᠢᠳᠡᠷᠪᠠᠲᠤ᠂ ᠡ᠊ ∙ ᠪᠠᠲᠤᠱᠤᠭᠠᠷ᠎ᠠ ᠨᠠᠷ ᠢ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩ᠋ᠭᠣᠭᠳᠠᠭᠰᠠᠨ ᠳᠤ ᠲᠣᠭᠠᠴᠠᠭᠰᠠᠨ ᠲᠣᠭᠲᠠᠭᠠᠯ ᠭᠠᠷᠭᠠᠭᠰᠠᠨ ᠪᠠᠢᠢᠨ᠎ᠠ᠃

ᠤᠯᠤᠰ ᠤᠨ ᠶᠡᠬᠡ ᠬᠤᠷᠠᠯ ᠤᠨ 18 ᠳ᠋ᠤᠭᠠᠷ ᠲᠣᠭᠣᠷᠢᠭ ᠲᠤ ᠮᠣᠩ᠋ᠭᠣᠯ ᠠᠷᠠᠳ ᠤᠨ ᠨᠠᠮ ᠍ ᠠᠴᠠ

thumbnail 21.10.18-HBI
21.10.18-HBI
ᠬᠥᠭ᠍ᠵᠢᠯ ᠦᠨ ᠪᠡᠷᠬᠡᠰᠢᠶᠡᠯ ᠲᠡᠢ ᠢᠷᠭᠡᠳ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠳᠥ ᠨᠢᠭᠡᠳᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠳᠣ ᠬᠥᠭ᠍ᠵᠢᠯ ᠦᠨ ᠪᠡᠷᠬᠡᠰᠢᠶᠡᠯ ᠲᠡᠢ ᠢᠷᠭᠡᠳ ᠨᠢᠭᠡᠳᠦᠯ᠎ᠡ᠃

ᠬᠥᠭ᠍ᠵᠢᠯ ᠦᠨ ᠪᠡᠷᠬᠡᠰᠢᠶᠡᠯ ᠲᠡᠢ ᠬᠦᠮᠦᠨ ᠦ ᠬᠥᠭ᠍ᠵᠢᠯ ᠦᠨ ᠶᠡᠷᠦᠩᠬᠡᠢ ᠭᠠᠵᠠᠷ᠂ 《ᠲᠦᠭᠡᠮᠡᠯ ᠬᠥᠭ᠍ᠵᠢᠯ》 ᠲᠥᠪ᠂ ᠮᠣᠩ᠋ᠭᠣᠯ  ᠤᠨ ᠡᠫᠢᠯᠧᠫᠰ ᠦᠨ ᠬᠣᠯᠪᠣᠭ᠎ᠠ ᠬᠠᠮᠲᠤᠷᠠᠨ ᠴᠢᠩᠭᠢᠯᠲᠡᠢ ᠳᠡᠭᠦᠷᠭᠡ ᠢᠢᠨ 19  ᠳ᠋ᠦ᠋ᠭᠡᠷ ᠬᠣᠷᠢᠶᠠᠨ ᠤ ᠴᠡᠴᠡᠷᠯᠢᠭᠲᠦ ᠬᠦᠷᠢᠶᠡᠯᠡᠩ ᠳᠣ 100 ᠭᠠᠷᠤᠢ ᠬᠠᠢᠢᠯᠠᠰᠤ ᠮᠣᠳᠣ ᠲᠠᠷᠢᠯ᠎ᠠ᠃

《ᠪᠢᠳᠡ ᠬᠡᠳᠦᠢ ᠪᠡᠷ ᠬᠥᠭ᠍ᠵᠢᠯ ᠦᠨ ᠪᠡᠷᠬᠡᠰᠢᠶᠡᠯ ᠲᠡᠢ ᠴᠤ᠂ ᠡᠨᠡ ᠨᠢ ᠠᠯᠢᠪᠠ ᠵᠦᠢᠯ ᠢ ᠴᠢᠳᠠᠬᠤ ᠦᠭᠡᠢ ᠭᠡᠰᠡᠨ ᠦᠭᠡ ᠪᠢᠰᠢ᠃ ᠦᠨᠳᠦᠰᠦᠨ ᠦ ᠬᠥᠳᠡᠯᠭᠡᠭᠡᠨ ᠳᠣ ᠪᠤᠰᠤᠳ ᠤᠨ ᠠᠳᠠᠯᠢ ᠢᠳᠡᠪᠬᠢᠲᠡᠢ ᠣᠷᠣᠯᠴᠠᠬᠤ ᠪᠠᠨ ᠢᠯᠡᠷᠬᠡᠢᠢᠯᠡᠵᠦ ᠪᠠᠢᠢᠭ᠎ᠠ ᠢᠢᠨ ᠬᠡᠯᠪᠡᠷᠢ》 ᠭᠡᠵᠦ

thumbnail 21.10.15-IJB1
21.10.15-IJB1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠡᠯᠴᠢᠨ ᠰᠠᠢᠢᠳ ᠨᠠᠷ ᠲᠤ ᠢᠲᠡᠭᠡᠮᠵᠢᠯᠡᠬᠦ ᠵᠢᠭᠤᠬᠤ ᠪᠢᠴᠢᠭ ᠭᠠᠷᠳᠠᠭᠤᠯᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠥᠨᠥᠳᠥᠷ ᠮᠣᠩ᠋ᠭᠣᠯ ᠤᠯᠤᠰ ᠠᠴᠠ ᠭᠠᠳᠠᠭᠠᠳᠤ ᠢᠢᠨ ᠵᠠᠷᠢᠮ ᠤᠯᠤᠰ ᠲᠤ ᠰᠠᠭᠤᠬᠤ ᠡᠯᠴᠢᠨ ᠰᠠᠢᠢᠳ ᠨᠠᠷ ᠲᠤ ᠢᠲᠡᠭᠡᠮᠵᠢᠯᠡᠬᠦ ᠵᠢᠭᠤᠬᠤ ᠪᠢᠴᠢᠭ᠌ ᠭᠠᠷᠳᠠᠭᠤᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠡᠯᠴᠢᠨ ᠰᠠᠢᠢᠳ ᠨᠠᠷ ᠲᠤ ᠭᠠᠳᠠᠭᠠᠳᠤ ᠬᠠᠷᠢᠯᠴᠠᠭ᠎ᠠ ᠢᠢ ᠡᠳ᠋ ᠍ ᠦᠨ ᠵᠠᠰᠠᠭ ᠤᠨ ᠠᠭᠤᠯᠭ᠎ᠠ ᠪᠠᠷ ᠬᠥᠭ᠍ᠵᠢᠭᠦᠯᠬᠦ᠂ ᠡᠬᠡ ᠣᠷᠣᠨ ᠢᠶᠠᠨ ᠰᠤᠷᠲᠠᠯᠴᠢᠯᠠᠨ ᠲᠠᠨᠢᠭᠤᠯᠬᠤ᠂ ᠭᠠᠳᠠᠭᠠᠳᠤ ᠳᠤ ᠠᠮᠢᠳᠤᠷᠠᠵᠤ ᠪᠤᠢ ᠮᠣᠩ᠋ᠭᠣᠯᠴᠤᠳ ᠤᠨ ᠡᠷᠬᠡ ᠠᠰᠢᠭ ᠢ ᠬᠠᠮᠠᠭᠠᠯᠠᠬᠤ ᠳᠤ ᠣᠨᠴᠤᠭᠤᠢ ᠠᠩ᠋ᠬᠠᠷᠤᠯ ᠬᠠᠨᠳᠤᠭᠤᠯᠬᠤ᠂ ᠪᠠᠢᠢᠭᠠᠯᠢ ᠣᠷᠴᠢᠨ᠂ ᠴᠥᠯᠵᠢᠯᠲᠡ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ

thumbnail 21.10.15-BHIS-odon2
21.10.15-BHIS-odon2
ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠯ᠎ᠠ

ᠴᠡᠷᠢᠭ ᠦᠨ ᠪᠣᠯᠤᠨ ᠢᠷᠭᠡᠨ ᠦ ᠰᠠᠯᠪᠤᠷᠢ ᠳᠤ ᠥᠨᠳᠥᠷ ᠮᠡᠷᠭᠡᠵᠢᠯ ᠲᠡᠢ ᠣᠯᠠᠨ ᠮᠢᠩ᠋ᠭᠠᠨ ᠪᠣᠯᠪᠠᠰᠤᠨ ᠬᠦᠴᠦᠨ ᠪᠡᠯᠡᠳᠬᠡᠵᠦ᠂ ᠲᠥᠷᠥ ᠢᠢᠨ ᠪᠠᠲᠤᠯᠠᠨ ᠬᠠᠮᠠᠭᠠᠯᠠᠬᠤ ᠪᠣᠳᠣᠯᠭ᠎ᠠ᠂ ᠵᠡᠪᠰᠡᠭᠲᠦ ᠬᠦᠴᠦᠨ ᠦ ᠪᠠᠢᠢᠭᠤᠯᠤᠯᠲᠠ ᠢᠢᠨ ᠣᠨᠣᠯ᠂ ᠠᠷᠭ᠎ᠠ ᠵᠦᠢ ᠢᠢᠨ ᠦᠨᠳᠦᠰᠦᠯᠡᠯ ᠢ ᠪᠣᠯᠪᠠᠰᠤᠷᠠᠭᠤᠯᠬᠤ ᠳᠤ ᠣᠷᠣᠭᠤᠯᠤᠭᠰᠠᠨ ᠬᠤᠪᠢ ᠨᠡᠮᠡᠷᠢ ᠢᠢ ᠨᠢ ᠦᠨᠡᠯᠡᠵᠦ᠂ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠯ᠎ᠠ᠃

ᠱᠠᠩᠨᠠᠯ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠭᠠᠷᠳᠠᠭᠤᠯᠵᠤ᠂ ᠰᠤᠷᠭᠠᠭᠤᠯᠢ ᠢᠢᠨ ᠤᠳᠤᠷᠢᠳᠤᠯᠭ᠎ᠠ᠂ ᠬᠠᠮᠲᠤ ᠣᠯᠠᠨ ᠳᠤ ᠪᠠᠶᠠᠷ ᠬᠦᠷᠭᠡᠵᠦ᠂ ᠠᠮᠵᠢᠯᠲᠠ ᠬᠦᠰᠡᠪᠡ᠃

ᠮᠡᠷᠭᠡᠵᠢᠯ ᠦᠨ ᠪᠣᠯᠪᠠᠰᠤᠷᠠᠯ ᠤᠨ ᠤᠤᠭᠠᠨ ᠰᠤᠷᠭᠠᠭᠤᠯᠢ-ᠦᠨᠳᠦᠰᠦᠨ ᠦ ᠪᠠᠲᠤᠯᠠᠨ

thumbnail 21.10.15-BHIS
21.10.15-BHIS
ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ 100 ᠵᠢᠯ ᠦᠨ ᠣᠢ ᠢᠢ ᠲᠣᠬᠢᠶᠠᠯᠳᠤᠭᠤᠯᠤᠨ ᠲᠥᠷᠥ ᠢᠢᠨ ᠳᠡᠭᠡᠳᠦ ᠴᠣᠯᠠ᠂ ᠣᠳᠣᠨ᠂ ᠮᠧᠳᠠᠯ ᠬᠦᠷᠲᠡᠭᠡᠪᠡ

ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ 100 ᠵᠢᠯ ᠦᠨ ᠣᠢ ᠢᠢ ᠲᠣᠬᠢᠶᠠᠯᠳᠤᠭᠤᠯᠤᠨ ᠮᠣᠩ᠌ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠵᠠᠷᠯᠢᠭ ᠭᠠᠷᠭᠠᠵᠤ᠂ ᠪᠠᠲᠤᠯᠠᠨ ᠬᠠᠮᠠᠭᠠᠯᠠᠬᠤ᠂ ᠰᠤᠷᠭᠠᠨ ᠬᠦᠮᠦᠵᠢᠭᠦᠯᠬᠦ ᠰᠠᠯᠪᠤᠷᠢ ᠳᠤ ᠣᠯᠠᠨ ᠵᠢᠯ ᠦᠷ᠎ᠡ ᠪᠦᠲᠦᠭᠡᠯᠲᠡᠢ ᠠᠵᠢᠯᠯᠠᠵᠤ᠂ ᠲᠤᠰ ᠰᠠᠯᠪᠤᠷᠢ ᠢᠢᠨ ᠬᠦᠮᠦᠨ ᠦ ᠨᠥᠭᠡᠴᠡ ᠢᠢ ᠰᠤᠷᠭᠠᠵᠤ᠂ ᠪᠡᠯᠡᠳᠬᠡᠬᠦ ᠳᠥ ᠥᠨᠳᠥᠷ ᠬᠤᠪᠢ ᠨᠡᠮᠡᠷᠢ ᠣᠷᠣᠭᠤᠯᠤᠭᠰᠠᠨ ᠪᠠᠭᠰᠢ᠂ ᠮᠡᠷᠭᠡᠵᠢᠯᠲᠡᠨ᠂ ᠠᠵᠢᠯᠴᠢᠳ ᠲᠤ ᠲᠥᠷᠥ ᠢᠢᠨ ᠳᠡᠭᠡᠳᠦ ᠴᠣᠯᠠ᠂ ᠣᠳᠣᠨ᠂ ᠮᠧᠳᠠᠯ ᠬᠦᠷᠲᠡᠭᠡᠯ᠎ᠡ᠃

ᠮᠣᠩ᠌ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠠᠮᠵᠢᠯᠲᠠ ᠪᠦᠲᠦᠭᠡᠯ ᠠᠷᠪᠢᠨ ᠲᠠᠢ ᠡᠨᠡᠬᠦ ᠰᠤᠷᠭᠠᠭᠤᠯᠢ ᠢᠢᠨ ᠶᠡᠬᠡ ᠣᠢ ᠢᠢ

thumbnail 21.10.15-Chuulgan
21.10.15-Chuulgan
ᠰᠢᠭᠦᠬᠦ ᠡᠷᠬᠡ ᠮᠡᠳᠡᠯ᠂ ᠬᠠᠤᠯᠢ ᠰᠠᠬᠢᠭᠤᠯᠬᠤ ᠠᠯᠪᠠ ᠬᠠᠭᠠᠭᠴᠢᠳ ᠤᠨ ᠦᠨᠳᠦᠰᠦᠨ ᠦ ᠴᠢᠭᠤᠯᠭᠠᠨ ᠪᠣᠯᠵᠤ ᠪᠠᠶᠢᠨ᠎ᠠ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ 《ᠰᠢᠭᠦᠬᠦ ᠡᠷᠬᠡ ᠮᠡᠳᠡᠯ᠂ ᠬᠠᠤᠯᠢ ᠰᠠᠬᠢᠭᠤᠯᠬᠤ ᠪᠠᠶᠢᠭᠤᠯᠤᠯᠭ᠎ᠠ ᠶᠢᠨ ᠠᠯᠪᠠ ᠬᠠᠭᠠᠭᠴᠢᠳ ᠤᠨ ᠦᠨᠳᠦᠰᠦᠨ ᠦ ᠴᠢᠭᠤᠯᠭᠠᠨ》 ᠲᠥᠷᠥ ᠶᠢᠨ ᠣᠷᠳᠣᠨ ᠳᠤ ᠡᠬᠢᠯᠡᠯ᠎ᠡ᠃

ᠴᠢᠭᠤᠯᠭᠠᠨ ᠢᠶᠠᠷ ᠳᠡᠭᠡᠷᠡᠬᠢ ᠪᠠᠶᠢᠭᠤᠯᠤᠯᠭ᠎ᠠ ᠨᠤᠭᠤᠳ ᠤᠨ ᠪᠡᠶ᠎ᠡ ᠳᠠᠭᠠᠭᠭᠠᠰᠠᠨ᠂ ᠬᠠᠷᠠᠭᠠᠲᠤ ᠪᠤᠰᠤ ᠪᠠᠶᠢᠳᠠᠯ ᠳᠤ ᠲᠤᠯᠭᠠᠮᠳᠠᠵᠤ ᠪᠤᠢ ᠪᠡᠷᠬᠡᠰᠢᠶᠡᠯ᠂ ᠠᠰᠠᠭᠤᠳᠠᠯ ᠢ ᠬᠡᠯᠡᠯᠴᠡᠨ᠂ ᠰᠢᠭᠦᠬᠦ ᠳᠦ ᠢᠲᠡᠭᠡᠬᠦ ᠢᠷᠭᠡᠳ ᠦᠨ ᠢᠲᠡᠭᠡᠯ ᠢ ᠰᠡᠷᠭᠦᠭᠡᠬᠦ ᠶᠢᠨ ᠲᠥᠯᠥᠭᠡ ᠰᠢᠳᠤᠷᠭᠤ᠂ ᠬᠠᠷᠠᠭᠠᠲᠤ ᠪᠤᠰᠤ ᠰᠢᠭᠦᠬᠦ᠂ ᠫᠷᠣᠺᠦ᠋ᠷᠣᠷ ᠤᠨ ᠰᠢᠨᠡᠴᠢᠯᠡᠯ ᠢ ᠬᠡᠷᠡᠭᠵᠢᠭᠦᠯᠬᠦ ᠰᠢᠢᠳᠦᠯ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠶᠤᠮ᠃

ᠤᠯᠤᠰ ᠤᠨ ᠳᠡᠭᠡᠳᠦ ᠰᠢᠭᠦᠬᠦ ᠶᠢᠨ ᠶᠡᠷᠦᠩᠬᠡᠢ ᠰᠢᠭᠦᠭ᠍ᠴᠢ ᠲ ∙ ᠭᠠᠩᠵᠣᠷᠢᠭ- 《ᠰᠢᠭᠦᠬᠦ ᠶᠢᠨ ᠰᠢᠨᠡᠴᠢᠯᠡᠯ᠂ ᠪᠡᠶ᠎ᠡ ᠳᠠᠭᠠᠭᠭᠠᠰᠠᠨ