Та "Internet explorer"-ийн сүүлийн хувилбар болох "Microsoft edge"-г ашиглана уу

Хэрэв "Microsoft edge"-г татах бол энд дарж татаж авна уу

ᠬᠡᠯᠡᠭᠰᠡᠨ ᠦᠭᠡ
thumbnail 21.05.24-Tumur-zam1
21.05.24-Tumur-zam1
ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠳᠠᠭᠤᠰᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ 2021 ᠣᠨ ᠤ ᠲᠠᠪᠤᠳᠤᠭᠠᠷ ᠰᠠᠷ᠎ᠠ ᠢᠢᠨ 22-23 ᠍ ᠤ ᠡᠳᠦᠷ ᠦᠳ ᠲᠥ ᠳᠣᠷᠣᠨᠠᠭᠣᠪᠢ᠂ ᠡᠮᠦᠨᠡᠭᠣᠪᠢ ᠠᠢᠢᠮᠠᠭ ᠤᠳ ᠲᠤ ᠠᠵᠢᠯᠯᠠᠵᠤ᠂ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ᠂ ᠲᠠᠪᠤᠨᠲᠣᠯᠣᠭᠠᠢ-ᠭᠠᠰᠢᠭᠤᠨᠠᠰᠤᠬᠠᠢ ᠳᠤ ᠴᠢᠭᠯᠡᠯ ᠦᠨ 240 ᠺᠢᠯᠣᠮᠧᠲ᠋ᠷ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠲᠠᠢ ᠲᠠᠨᠢᠯᠴᠠᠯ᠎ᠠ᠃

ᠣᠳᠣ ᠠᠴᠠ ᠬᠣᠶᠠᠷ ᠵᠢᠯ ᠦᠨ ᠡᠮᠦᠨ᠎ᠡ ᠪᠤᠶᠤ 2019 ᠣᠨ ᠤ ᠲᠠᠪᠤᠳᠤᠭᠠᠷ ᠰᠠᠷ᠎ᠠ ᠢᠢᠨ 24 ᠍ ᠦ ᠡᠳᠦᠷ ᠨᠡᠭᠡᠭᠡᠯᠲᠡ ᠪᠡᠨ ᠬᠢᠭ᠍ᠰᠡᠨ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠬᠡᠪᠲᠡᠭᠡ ᠲᠡᠩᠬᠡᠯᠢᠭ᠌ ᠦᠨ ᠲᠡᠮᠦᠷ ᠵᠠᠮ ᠤᠨ ᠳᠡᠭᠡᠳᠦ᠂ ᠳᠣᠣᠷᠠᠳᠤ ᠪᠦᠲᠦᠴᠡ ᠢᠢᠨ ᠠᠵᠢᠯ ᠦᠨᠳᠦᠰᠦᠨ ᠳᠥ ᠪᠡᠨ ᠳᠠᠭᠤᠰᠴᠤ᠂ 2021 ᠣᠨ ᠤ ᠵᠢᠷᠭᠤᠳᠤᠭᠠᠷ

thumbnail 21.05.20-Suld
21.05.20-Suld
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠢᠩᠭᠢᠭᠦᠯᠬᠦ ᠲᠠᠢᠢᠯᠭ᠎ᠠ ᠢᠢᠨ ᠶᠣᠰᠣᠯᠠᠯ ᠳᠤ ᠤᠷᠤᠯᠴᠠᠪᠠ

ᠪᠢᠯᠢᠭ᠌ ᠦᠨ ᠲᠣᠭᠠᠯᠠᠯ ᠤᠨ XVII ᠵᠢᠷᠠᠨ ᠤ 《ᠴᠥᠭᠡᠪᠦᠷᠢ》 ᠬᠡᠮᠡᠬᠦ ᠴᠠᠭᠠᠭᠴᠢᠨ ᠦᠬᠡᠷ ᠵᠢᠯ ᠦᠨ ᠵᠤᠨ ᠤ ᠲᠡᠷᠢᠭᠦᠨ ᠬᠠᠷᠠᠭᠴᠢᠨ ᠮᠣᠭᠠᠢ ᠰᠠᠷ᠎ᠠ ᠢᠢᠨ ᠰᠢᠨ᠎ᠡ ᠢᠢᠨ 08 ᠍ ᠤ ᠡᠨᠡ ᠡᠳᠦᠷ ᠦᠨ ᠮᠣᠷᠢᠨ ᠴᠠᠭ ᠲᠤ ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠢᠩᠭᠢᠭᠦᠯᠬᠦ ᠲᠠᠢᠢᠯᠭ᠎ᠠ ᠢᠢᠨ ᠶᠣᠰᠣᠯᠠᠯ ᠲᠥᠪ ᠠᠢᠢᠮᠠᠭ ᠤᠨ ᠡᠷᠳᠡᠨᠢ ᠰᠤᠮᠤ ᠢᠢᠨ ᠨᠤᠲᠤᠭ ᠲᠤ ᠪᠠᠢᠢᠷᠢᠯᠠᠬᠤ ᠠᠭᠤᠢᠳᠤ ᠠᠭᠤᠯᠠ ᠢᠢᠨ ᠣᠷᠭᠢᠯ ᠳᠤ ᠪᠣᠯᠤᠯ᠎ᠠ᠃

ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠢᠩᠭᠢᠭᠦᠯᠬᠦ ᠲᠠᠢᠢᠯᠭ᠎ᠠ ᠢᠢᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬᠠᠯᠲᠠᠮ᠎ᠠ ᠢᠢᠨ ᠪᠠᠲᠤᠲᠤᠯᠭ᠎ᠠ᠂ ᠮᠣᠩ᠋ᠭᠣᠯ ᠤᠯᠤᠰ ᠤᠨ ᠵᠠᠰᠠᠭ ᠤᠨ

thumbnail 21.05.17-Academy
21.05.17-Academy
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠷᠳᠡᠮᠲᠡᠳ ᠲo 《ᠠᠺᠠᠳᠧᠮᠢᠴᠢ》 ᠬᠡᠷᠭᠡᠮ ᠬᠦᠷᠲᠡᠭᠡᠯ᠎ᠡ

ᠮᠣᠩ᠋ᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠡᠭᠡᠯᠵᠢᠲᠦ ᠶᠡᠬᠡ ᠴᠢᠭᠤᠯᠭᠠᠨ 2021 ᠣᠨ ᠤ ᠬᠣᠶᠠᠳᠤᠭᠠᠷ ᠰᠠᠷ᠎ᠠ ᠢᠢᠨ 25 ᠍ ᠤ ᠡᠳᠦᠷ ᠪᠣᠯᠵᠤ᠂ ᠵ ∙ ᠳᠠᠸᠠᠰᠠᠮᠪᠤᠤ᠂ ᠴ ∙ ᠨᠠᠩᠵᠠᠳ᠂ ᠵ ∙ ᠨᠣᠷᠪᠤᠰᠦ᠋ᠷᠦᠩ᠂ ᠨ ∙ ᠲᠣᠭᠲᠠᠬᠤᠪᠠᠶᠠᠷ᠂ ᠴ ∙ ᠪᠠᠲᠤᠪᠠᠶᠠᠷ ᠨᠠᠷ ᠢ ᠠᠺᠠᠳᠧᠮᠢ ᠢᠢᠨ ᠭᠡᠰᠢᠭᠦᠨ ᠢᠶᠡᠷ ᠰᠣᠩ᠋ᠭᠣᠭᠰᠠᠨ ᠪᠠᠢᠢᠨ᠎ᠠ᠃

ᠰᠢᠨᠵᠢᠯᠡᠬᠦ ᠤᠬᠠᠭᠠᠨ ᠤ ᠠᠺᠠᠳᠧᠮᠢ ᠢᠢᠨ ᠶᠡᠷᠦᠩᠬᠡᠢᠢᠯᠡᠭᠴᠢ ᠡᠴᠡ ᠳᠡᠭᠡᠷᠡᠬᠢ ᠡᠷᠳᠡᠮᠲᠡᠳ ᠲᠥ 《ᠠᠺᠠᠳᠧᠮᠢᠴᠢ》 ᠬᠡᠷᠭᠡᠮ ᠣᠯᠭᠣᠭᠤᠯᠬᠤ ᠪᠠᠷ ᠡᠷᠭᠦᠨ ᠮᠡᠳᠡᠭᠦᠯᠦᠭᠰᠡᠨ ᠦ ᠳᠠᠭᠠᠭᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ 《ᠠᠺᠠᠳᠧᠮᠢᠴᠢ》 ᠬᠡᠷᠭᠡᠮ ᠬᠦᠷᠲᠡᠭᠡᠬᠦ ᠲᠤᠬᠠᠢ ᠵᠠᠷᠯᠢᠭ ᠢ

thumbnail 21.05.13 MTB
21.05.13 MTB
《ᠮᠥᠩᠬᠡ ᠲᠩᠷᠢ ᠢᠢᠨ ᠪᠢᠴᠢᠭ》 ᠮᠣᠩ᠋ᠭᠣᠯ ᠤᠷᠠᠨ ᠪᠢᠴᠢᠯᠭᠡ ᠢᠢᠨ ᠦᠵᠡᠰᠬᠦᠯᠡᠩ ᠦᠨ ᠰᠢᠯᠢᠳᠡᠭ ᠪᠦᠲᠦᠭᠡᠯ ᠦᠨ ᠡᠵᠡᠳ ᠲᠦ ᠱᠠᠩᠨᠠᠯ ᠭᠠᠷᠳᠠᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠥᠨᠥᠳᠥᠷ 《ᠮᠥᠩᠬᠡ ᠲᠩᠷᠢ ᠢᠢᠨ ᠪᠢᠴᠢᠭ᠌》 ᠮᠣᠩ᠋ᠭᠣᠯ ᠤᠷᠠᠨ ᠪᠢᠴᠢᠯᠭᠡ ᠢᠢᠨ ᠦᠵᠡᠰᠬᠦᠯᠡᠩ ᠦᠨ ᠰᠢᠯᠢᠳᠡᠭ ᠣᠷᠣᠯᠴᠠᠭᠴᠢᠳ ᠲᠤ ᠡᠷᠭᠦᠮᠵᠢᠯᠡᠯ᠂ ᠮᠥᠩᠭᠥᠨ ᠱᠠᠩᠨᠠᠯ᠂ ᠭᠠᠷ ᠤᠨ ᠪᠡᠯᠡᠭ ᠭᠠᠷᠳᠠᠭᠤᠯᠤᠯ᠎ᠠ᠃

ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ 《ᠮᠣᠩ᠋ᠭᠣᠯ ᠪᠠᠬᠠᠷᠬᠠᠯ ᠤᠨ ᠡᠳᠦᠷ》 ᠍ ᠲᠥ ᠵᠣᠷᠢᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠪᠠᠷ ᠵᠣᠬᠢᠶᠠᠨ ᠪᠠᠢᠢᠭᠤᠯᠳᠠᠭ 《ᠮᠥᠩᠬᠡ ᠲᠩᠷᠢ ᠢᠢᠨ ᠪᠢᠴᠢᠭ᠌》 ᠮᠣᠩ᠋ᠭᠣᠯ ᠤᠷᠠᠨ ᠪᠢᠴᠢᠯᠭᠡ ᠢᠢᠨ ᠦᠵᠡᠰᠬᠦᠯᠡᠩ ᠢ ᠴᠠᠷ᠎ ᠲᠠᠬᠤᠯ ᠤᠨ ᠨᠥᠬᠥᠴᠡᠯ ᠪᠠᠢᠢᠳᠠᠯ ᠤᠨ ᠤᠯᠠᠮ ᠠᠴᠠ ᠬᠣᠢᠢᠰᠢᠯᠠᠭᠤᠯᠤᠭᠠᠳ ᠪᠠᠢᠢᠭᠰᠠᠨ ᠪᠢᠯᠡ᠃

ᠲᠡᠭᠡᠪᠡᠯ ᠲᠠᠪᠤᠳᠤᠭᠠᠷ ᠰᠠᠷ᠎ᠠ ᠳᠤ ᠲᠣᠬᠢᠶᠠᠵᠤ ᠪᠤᠢ

thumbnail 21.05.07 Talbai
21.05.07 Talbai
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄ ᠡᠷᠬᠡ ᠪᠠᠷᠢᠭᠴᠢ ᠨᠠᠮ ᠦᠨᠡᠬᠡᠷ ᠣᠯᠠᠩᠬᠢ ᠪᠠᠢᠢᠨ᠎ᠠ᠂ ᠡᠷᠬᠡ ᠮᠡᠳᠡᠯ ᠲᠡᠢ ᠪᠠᠢᠢᠨ᠎ᠠ᠂ ᠮᠥᠩᠭᠥ ᠲᠡᠢ ᠪᠠᠢᠢᠨ᠎ᠠ᠂ ᠣᠹᠹᠰᠢᠷᠴᠢᠳ ᠳᠡᠢᠢᠯᠳᠡᠬᠦ ᠦᠭᠡᠢ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠲᠥᠪ ᠲᠠᠯᠠᠪᠠᠢ ᠳᠤ ᠥᠯᠥᠰᠬᠦᠯᠡᠩ ᠵᠠᠷᠯᠠᠵᠤ ᠪᠤᠢ ᠤᠯᠤᠰ ᠤᠨ ᠶᠡᠬᠡ ᠬᠤᠷᠠᠯ ᠳ᠋ᠠᠬᠢ ᠠᠷᠠᠳᠴᠢᠯᠠᠭᠰᠠᠨ ᠨᠠᠮ ᠤᠨ ᠪᠦᠯᠦᠭ ᠦᠨ ᠭᠡᠰᠢᠭᠦᠳ ᠲᠡᠢ ᠥᠨᠥᠳᠥᠷ ᠠᠭᠤᠯᠵᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠠᠷᠠᠳᠴᠢᠯᠠᠭᠰᠠᠨ ᠨᠠᠮ ᠤᠨ ᠪᠦᠯᠦᠭ ᠦᠨ ᠭᠡᠰᠢᠭᠦᠳ ᠦᠨ ᠪᠠᠢᠢᠷᠢ ᠰᠠᠭᠤᠷᠢ᠂ ᠰᠠᠨᠠᠯ ᠬᠦᠰᠡᠯᠲᠡ ᠢᠢ ᠰᠣᠨᠣᠰᠤᠭᠰᠠᠨ ᠤ ᠪᠠᠨ ᠳᠠᠷᠠᠭ᠎ᠠ᠂ 《ᠪᠢ ᠥᠨᠥ ᠥᠷᠯᠥᠭᠡ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠴ ∙ ᠨᠢᠮᠠᠳᠣᠷᠵᠢ ᠲᠠᠢ ᠠᠭᠤᠯᠵᠠᠬᠤ ᠦᠶ᠎ᠡ ᠪᠡᠷ ᠢᠶᠡᠨ 《ᠲᠠ ᠲᠤᠯᠬᠤᠲᠠᠢ ᠤᠯᠤᠰ ᠲᠥᠷᠦᠴᠢ ᠬᠦᠮᠦᠨ ᠲᠤᠯᠠ ᠤᠯᠤᠰ ᠤᠨ ᠪᠠᠩᠬᠢᠨ ᠤ ᠶᠡᠷᠦᠩᠬᠡᠢ ᠭᠠᠵᠠᠷ ᠤᠨ

thumbnail president1
president1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠢᠭᠡᠳᠦᠭᠰᠡᠨ ᠦᠨᠳᠦᠰᠦᠳᠡᠨ ᠦ ᠪᠠᠢᠢᠭᠤᠯᠤᠯᠭ᠎ᠠ ᠢᠢᠨ ᠠᠽᠢᠶ᠎ᠠ᠂ ᠨᠣᠮᠣᠬᠠᠨ ᠳᠠᠯᠠᠢ ᠢᠢᠨ ᠡᠳ᠋ ᠍ ᠦᠨ ᠵᠠᠰᠠᠭ᠂ ᠨᠡᠢᠢᠭᠡᠮ ᠤᠨ ᠺᠣᠮᠢᠰ ᠤᠨ 77 ᠳ᠋ᠤᠭᠠᠷ ᠴᠢᠭᠤᠯᠭᠠᠨ ᠤ ᠨᠡᠭᠡᠭᠡᠯᠲᠡ ᠳᠥ ᠮᠡᠨᠳᠦᠴᠢᠯᠡᠭᠡ ᠳᠡᠪᠰᠢᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠥᠨᠥᠳᠥᠷ ᠴᠠᠬᠢᠮ ᠢᠶᠠᠷ ᠵᠣᠬᠢᠶᠠᠨ ᠪᠠᠢᠢᠭᠤᠯᠤᠭᠳᠠᠵᠤ ᠪᠤᠢ ᠨᠢᠭᠡᠳᠦᠭᠰᠡᠨ ᠦᠨᠳᠦᠰᠦᠳᠡᠨ ᠦ ᠪᠠᠢᠢᠭᠤᠯᠤᠯᠭ᠎ᠠ ᠢᠢᠨ ᠠᠽᠢᠶ᠎ᠠ᠂ ᠨᠣᠮᠣᠬᠠᠨ ᠳᠠᠯᠠᠢ ᠢᠢᠨ ᠡᠳ᠋ ᠍ ᠦᠨ ᠵᠠᠰᠠᠭ᠂ ᠨᠡᠢᠢᠭᠡᠮ ᠤᠨ ᠺᠣᠮᠢᠰ ᠤᠨ 77 ᠳ᠋ᠤᠭᠠᠷ ᠴᠢᠭᠤᠯᠭᠠᠨ ᠤ ᠨᠡᠭᠡᠭᠡᠯᠲᠡ ᠳᠥ ᠣᠷᠣᠯᠴᠠᠵᠤ᠂ ᠮᠡᠨᠳᠦᠴᠢᠯᠡᠭᠡ ᠳᠡᠪᠰᠢᠭᠦᠯᠦᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠄
《ᠨᠣᠶᠠᠨ ᠴᠢᠭᠤᠯᠭᠠᠨ ᠤ ᠳᠠᠷᠤᠭ᠎ᠠ ᠠ᠋᠂
ᠬᠠᠲᠤᠭᠲᠠᠢ ᠭᠦᠢᠴᠡᠳᠭᠡᠬᠦ ᠨᠠᠷᠢᠨ ᠪᠢᠴᠢᠭ᠌ ᠦᠨ ᠳᠠᠷᠤᠭ᠎ᠠ ᠠ᠋᠂
ᠬᠦᠨᠳᠦᠳᠦ ᠲᠥᠯᠥᠭᠡᠯᠡᠭᠴᠢᠳ ᠡ᠂
ᠬᠠᠲᠤᠭᠲᠠᠢ᠂ ᠨᠣᠶᠠᠳ ᠠ᠋᠂

ᠴᠠᠬᠢᠮ ᠬᠡᠯᠪᠡᠷᠢ ᠪᠡᠷ ᠵᠣᠬᠢᠶᠠᠨ ᠪᠠᠢᠢᠭᠤᠯᠤᠭᠳᠠᠵᠤ ᠪᠤᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠠᠽᠢᠶ᠎ᠠ᠂ ᠨᠣᠮᠣᠬᠠᠨ ᠳᠠᠯᠠᠢ ᠢᠢᠨ ᠡᠳ᠋ ᠍ ᠦᠨ

thumbnail 21.04.19 MAN
21.04.19 MAN
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠠᠷᠠᠳ ᠤᠨ ᠨᠠᠮ ᠢ ᠲᠠᠷᠠᠭᠠᠬᠤ ᠲᠤᠬᠠᠢ ᠵᠠᠬᠢᠷᠤᠮᠵᠢ ᠭᠠᠷᠭᠠᠭᠰᠠᠨ ᠢᠶᠠᠨ ᠲᠠᠨᠢᠯᠴᠠᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠮᠣᠩ᠋ᠭᠣᠯ ᠠᠷᠠᠳ ᠤᠨ ᠨᠠᠮ ᠢ ᠲᠠᠷᠠᠭᠠᠬᠤ ᠲᠤᠬᠠᠢ ᠵᠠᠬᠢᠷᠤᠮᠵᠢ ᠭᠠᠷᠭᠠᠭᠰᠠᠨ ᠢᠶᠠᠨ ᠥᠨᠥᠳᠥᠷ ᠲᠠᠨᠢᠯᠴᠠᠭᠤᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠵᠠᠬᠢᠷᠤᠮᠵᠢ᠄
《ᠨᠢᠭᠡ᠃ ᠲᠥᠷᠥ ᠢᠢᠨ ᠡᠷᠬᠡ ᠪᠠᠷᠢᠭᠴᠢ ᠮᠣᠩ᠋ᠭᠣᠯ ᠠᠷᠠᠳ ᠤᠨ ᠨᠠᠮ ᠨᠢ ᠤᠯᠤᠰ ᠲᠥᠷᠥ ᠢᠢᠨ ᠨᠠᠮ ᠤᠨ ᠦᠢᠯᠡ ᠠᠵᠢᠯᠯᠠᠭᠠᠨ ᠳᠤ ᠴᠢᠩᠳᠠ ᠮᠥᠷᠳᠡᠭᠳᠡᠬᠦ 《ᠲᠥᠷᠥ ᠢᠢᠨ ᠠᠶᠤᠯ ᠦᠭᠡᠢ ᠪᠠᠢᠢᠳᠠᠯ ᠢ ᠰᠠᠬᠢᠵᠤ᠂ ᠬᠠᠤᠯᠢ ᠢᠢ ᠳᠡᠭᠡᠳᠦᠯᠡᠨ ᠪᠡᠶᠡᠯᠡᠭᠦᠯᠬᠦ》 ᠦᠨᠳᠦᠰᠦᠨ ᠬᠠᠤᠯᠢ ᠢᠢᠨ ᠱᠠᠭᠠᠷᠳᠠᠯᠭ᠎ᠠ ᠢᠢ ᠵᠥᠷᠢᠴᠡᠵᠦ᠂ ᠦᠨᠳᠦᠰᠦᠨ ᠬᠠᠤᠯᠢ ᠪᠠᠷ ᠲᠣᠭᠲᠠᠭᠠᠭᠰᠠᠨ ᠵᠠᠰᠠᠭ ᠲᠥᠷᠥ ᠢᠢᠨ ᠲᠣᠭᠲᠠᠯᠴᠠᠭ᠎ᠠ ᠢᠢ ᠨᠠᠮ ᠲᠥᠷᠥ ᠢᠢᠨ ᠲᠣᠭᠲᠠᠯᠴᠠᠭᠠᠨ ᠳᠤ ᠵᠦᠢ ᠪᠤᠰᠤ ᠪᠠᠷ

thumbnail 21.04.16 USA
21.04.16 USA
《ᠠᠮᠧᠷᠢᠺᠠ ᠢᠢᠨ ᠨᠢᠭᠡᠳᠦᠭᠰᠡᠨ ᠤᠯᠤᠰ᠂ ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠠᠲᠤᠳᠬᠠᠬᠤ᠂ ᠮᠣᠩ᠋ᠭᠣᠯ ᠤᠯᠤᠰ ᠳᠠᠬᠢ ᠠᠷᠠᠳᠴᠢᠯᠠᠭᠰᠠᠨ ᠲᠣᠭᠲᠠᠯᠴᠠᠭᠠᠨ ᠤ 30 ᠵᠢᠯ ᠦᠨ ᠣᠢ ᠢᠢ ᠲᠡᠮᠳᠡᠭᠯᠡᠬᠦ ᠲᠤᠬᠠᠢ》 ᠲᠣᠭᠲᠠᠭᠠᠯ ᠤᠨ ᠲᠥᠰᠦᠯ ᠪᠠᠲᠤᠯᠠᠭᠳᠠᠯ᠎ᠠ

ᠠᠮᠧᠷᠢᠺᠠ ᠢᠢᠨ ᠨᠢᠭᠡᠳᠦᠭᠰᠡᠨ ᠤᠯᠤᠰ ᠤᠨ 117 ᠳ᠋ᠤᠭᠠᠷ ᠺᠣᠩᠷᠧᠰᠰ ᠤᠨ ᠰᠧᠨᠠᠲ ᠤᠨ ᠲᠠᠩᠬᠢᠮ 《ᠠᠮᠧᠷᠢᠺᠠ ᠢᠢᠨ ᠨᠢᠭᠡᠳᠦᠭᠰᠡᠨ ᠤᠯᠤᠰ᠂ ᠮᠣᠩ᠋ᠭᠣᠯ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠠᠲᠤᠳᠬᠠᠬᠤ᠂ ᠮᠣᠩ᠋ᠭᠣᠯ ᠤᠯᠤᠰ ᠳᠠᠬᠢ ᠠᠷᠠᠳᠴᠢᠯᠠᠭᠰᠠᠨ ᠲᠣᠭᠲᠠᠯᠴᠠᠭᠠᠨ ᠤ 30 ᠵᠢᠯ ᠦᠨ ᠣᠢ ᠢᠢ ᠲᠡᠮᠳᠡᠭᠯᠡᠬᠦ ᠲᠤᠬᠠᠢ》 ᠲᠣᠭᠲᠠᠭᠠᠯ ᠤᠨ ᠲᠥᠰᠥᠯ ᠢ ᠪᠠᠲᠤᠯᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠢᠢᠨ 2019 ᠣᠨ ᠤ ᠳᠣᠯᠣᠳᠤᠭᠠᠷ ᠰᠠᠷ᠎ᠠ ᠳᠤ ᠠᠮᠧᠷᠢᠺᠠ ᠢᠢᠨ ᠨᠢᠭᠡᠳᠦᠭᠰᠡᠨ ᠤᠯᠤᠰ ᠲᠤ ᠬᠢᠭ᠍ᠰᠡᠨ ᠠᠢᠢᠯᠴᠢᠯᠠᠯ ᠪᠣᠯᠤᠨ ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠠᠯᠪᠠᠨ ᠶᠣᠰᠣᠨ ᠤ ᠬᠡᠯᠡᠯᠴᠡᠭᠡᠷ ᠦᠨ ᠦᠷ᠎ᠡ ᠳ᠋ᠦᠩ ᠳᠥ ᠬᠣᠶᠠᠷ ᠤᠯᠤᠰ ᠤᠨ ᠬᠠᠷᠢᠯᠴᠠᠭ᠎ᠠ ᠰᠲ᠋ᠷᠠᠲ᠋ᠧᠭᠢ ᠢᠢᠨ

thumbnail 21.04.09 UIH
21.04.09 UIH
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄ ᠣᠭ᠍ᠶᠤ ᠲᠣᠯᠣᠭᠠᠢ ᠢᠢᠨ ᠠᠰᠠᠭᠤᠳᠠᠯ ᠢᠶᠠᠷ ᠯᠣᠨ᠋ᠳᠣᠨ ᠤ ᠣᠯᠠᠨ ᠤᠯᠤᠰ ᠤᠨ ᠠᠷᠪᠢᠲ᠋ᠧᠷ ᠤᠨ ᠮᠠᠷᠭᠤᠭᠠᠨ ᠳᠤ ᠰᠥᠷᠭᠦ ᠨᠡᠬᠡᠮᠵᠢᠯᠡᠯ ᠭᠠᠷᠭᠠᠬᠤ ᠲᠤᠬᠠᠢ ᠵᠠᠷᠯᠢᠭ ᠤᠨ ᠲᠥᠰᠥᠯ ᠢ ᠵᠠᠰᠠᠭ ᠤᠨ ᠭᠠᠵᠠᠷ ᠲᠤ ᠬᠦᠷᠭᠡᠭᠦᠯᠦᠭᠰᠡᠨ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠥᠨᠥᠳᠥᠷ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠵᠤ ᠦᠭᠡ ᠬᠡᠯᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄
《ᠤᠯᠤᠰ ᠤᠨ ᠶᠡᠬᠡ ᠬᠤᠷᠠᠯ ᠤᠨ ᠳᠠᠷᠤᠭ᠎ᠠ᠂ ᠡᠷᠬᠢᠮ ᠭᠡᠰᠢᠭᠦᠳ ᠡ᠂
ᠠᠷᠠᠳ ᠢᠷᠭᠡᠳ ᠡ᠂

ᠮᠢᠨᠦ ᠪᠡᠶ᠎ᠡ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠦᠨᠳᠦᠰᠦᠨ ᠪᠦᠷᠢᠨ ᠡᠷᠬᠡ ᠢᠢᠨ ᠢᠶᠡᠨ ᠬᠦᠷᠢᠶᠡᠨ ᠳᠥ ᠮᠣᠩ᠋ᠭᠣᠯ ᠤᠯᠤᠰ ᠤᠨ ᠵᠠᠰᠠᠭ ᠤᠨ ᠭᠠᠵᠠᠷ ᠲᠤ ᠴᠢᠭᠯᠡᠯ ᠥᠭ᠍ᠬᠦ ᠲᠤᠬᠠᠢ ᠵᠠᠷᠯᠢᠭ ᠤᠨ ᠲᠥᠰᠥᠯ ᠢ ᠬᠦᠷᠭᠡᠭᠦᠯᠦᠯ᠎ᠡ᠃

ᠤᠴᠢᠷ ᠨᠢ ᠮᠠᠷᠭᠠᠰᠢ ᠠᠴᠠ ᠬᠠᠲᠠᠭᠤ ᠬᠥᠯ ᠬᠣᠷᠢᠭ᠎ᠠ ᠲᠣᠭᠲᠠᠭᠠᠬᠤ ᠪᠤᠶᠤ ᠳᠥᠷᠪᠡᠳᠦᠭᠡᠷ ᠰᠠᠷ᠎ᠠ ᠢᠢᠨ