Та "Internet explorer"-ийн сүүлийн хувилбар болох "Microsoft edge"-г ашиглана уу

Хэрэв "Microsoft edge"-г татах бол энд дарж татаж авна уу

ᠠᠷᠬᠢᠸ
thumbnail 19.9.21 Medegdel
19.9.21 Medegdel
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠬᠣᠭᠣᠷᠣᠨᠳᠣ ᠢᠢᠨ ᠰᠲ᠋ᠷᠠᠲ᠋ᠧᠭᠢ ᠢᠢᠨ ᠲᠦᠩᠰᠢᠯᠡᠯ ᠢ ᠤᠯᠠᠮ ᠪᠡᠬᠢᠵᠢᠭᠦᠯᠬᠦ ᠲᠤᠬᠠᠢ ᠬᠠᠮᠲᠤᠷᠠᠭᠰᠠᠨ ᠮᠡᠳᠡᠭᠳᠡᠯ ᠢ ᠭᠠᠷᠭᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠪᠦᠭᠦᠳᠡ ᠨᠠᠢᠢᠷᠠᠮᠳᠡᠬᠦ ᠡᠨᠡᠳᠬᠡᠭ᠌ ᠤᠯᠤᠰ ᠲᠤ ᠬᠢᠭ᠍ᠰᠡᠨ ᠲᠥᠷᠥ ᠢᠢᠨ ᠠᠢᠢᠯᠴᠢᠯᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ  ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋᠂ ᠲᠤᠰ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠲᠠᠢ ᠠᠭᠤᠯᠵᠠᠭᠰᠠᠨ ᠠᠭᠤᠯᠵᠠᠯᠲᠠ ᠢᠢᠨ ᠳ᠋ᠦᠩ ᠳᠥ《ᠮᠣᠩ᠋ᠭᠣᠯ ᠂ ᠡᠨᠡᠳᠬᠡᠭ᠌ ᠦᠨ ᠰᠲ᠋ᠷᠠᠲ᠋ᠧᠭᠢ ᠢᠢᠨ ᠲᠦᠩᠰᠢᠯᠡᠯ ᠢ ᠤᠯᠠᠮ ᠪᠡᠬᠢᠵᠢᠭᠦᠯᠬᠦ ᠲᠤᠬᠠᠢ ᠬᠠᠮᠲᠤᠷᠠᠭᠰᠠᠨ ᠮᠡᠳᠡᠭᠳᠡᠯ》 ᠍ ᠢᠢ ᠭᠠᠷᠭᠠᠵᠤ ᠪᠠᠢᠢᠨ᠎ᠠ᠃

ᠮᠣᠩ᠋ᠭᠣᠯ  ᠤᠨ ᠲᠠᠯ᠎ᠠ 《ᠡᠨᠡᠳᠬᠡᠭ᠌᠂ ᠨᠣᠮᠣᠬᠠᠨ ᠳᠠᠯᠠᠢ ᠢᠢᠨ ᠦᠵᠡᠯ ᠰᠠᠨᠠᠭ᠎ᠠ》 ᠍ ᠢ ᠬᠠᠮᠲᠤ ᠢᠢᠨ ᠬᠦᠴᠦᠨ ᠴᠢᠷᠮᠠᠢᠢᠯᠲᠠ ᠳᠤ ᠰᠠᠭᠤᠷᠢᠯᠠᠨ

thumbnail 19.9.20-Act
19.9.20-Act
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠵᠠᠷᠢᠮ ᠪᠠᠷᠢᠮᠲᠠ ᠪᠢᠴᠢᠭ ᠲᠦ ᠭᠠᠷ ᠤᠨ ᠦᠰᠦᠭ ᠵᠢᠷᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠨᠠᠮ ᠨᠠᠲ᠋ᠾ ᠺᠣᠸᠢᠨ᠋ᠳ᠋ ᠨᠠᠷ ᠤᠨ ᠠᠭᠤᠯᠵᠠᠯᠲᠠ ᠢᠢᠨ ᠳᠠᠷᠠᠭ᠎ᠠ ᠬᠣᠶᠠᠷ ᠤᠯᠤᠰ ᠤᠨ ᠶᠡᠷᠦᠩᠬᠡᠢᠢᠯᠡᠭᠴᠢ ᠨᠠᠷ ᠢ ᠪᠠᠢᠢᠯᠴᠠᠭᠤᠯᠤᠨ ᠵᠠᠷᠢᠮ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠬᠤ ᠶᠣᠰᠣᠯᠠᠯ ᠡᠨᠡᠳᠬᠡᠭ᠌ ᠦᠨ ᠶᠡᠷᠦᠩᠬᠡᠢᠢᠯᠡᠭᠴᠢ ᠢᠢᠨ ᠣᠷᠳᠣᠨ ᠳᠤ ᠪᠣᠯᠤᠯ᠎ᠠ᠃

thumbnail 19.9.20-Nath
19.9.20-Nath
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠨᠠᠷ ᠠᠭᠤᠯᠵᠠᠯ᠎ᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠳᠦ ᠲᠥᠷᠥ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠲᠠᠢ ᠠᠭᠤᠯᠵᠠᠵᠤ᠂ ᠶᠠᠷᠢᠯᠴᠠᠭᠰᠠᠨ ᠪᠢᠯᠡ᠃

ᠡᠭᠦᠨ ᠦ ᠳᠠᠷᠠᠭ᠎ᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ ᠤᠨ ᠳᠡᠳ᠋ ᠶᠡᠷᠦᠩᠬᠡᠢᠢᠯᠡᠭᠴᠢ ᠸᠧᠩᠺᠠᠶ᠎ᠠ ᠨᠠᠢᠢᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠠᠷᠠᠭᠠᠯᠬᠠᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠨᠠᠷ ᠶᠡᠷᠦᠩᠬᠡᠢᠢᠯᠡᠭᠴᠢ ᠢᠢᠨ ᠣᠷᠳᠣᠨ ᠳᠤ ᠠᠭᠤᠯᠵᠠᠯᠳᠤᠭᠰᠠᠨ ᠶᠤᠮ᠃

ᠷᠠᠮ ᠨᠠᠲ᠋ᠾ ᠺᠣᠸᠢᠨ᠋ᠳ᠋᠄

thumbnail 19.9.22 Muj
19.9.22 Muj
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠺᠠᠷᠨᠠᠲ᠋ᠠᠺᠠ ᠮᠤᠵᠢ ᠢᠢᠨ ᠵᠠᠬᠢᠷᠤᠭᠴᠢ ᠸᠠᠵᠤᠢᠪᠬᠠᠢ ᠷᠦᠪᠠᠳ᠋ᠬᠠᠢ ᠪᠠᠷᠠᠭᠠᠯᠬᠠᠪᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠳᠦ ᠠᠢᠢᠯᠴᠢᠯᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠮᠡᠳᠡᠭᠡᠯᠡᠯ ᠦᠨ ᠲᠧᠭᠨᠣᠯᠣᠭᠢ᠂ ᠡᠷᠴᠢᠮ ᠬᠦᠴᠦ᠂ ᠰᠠᠨᠰᠠᠷ ᠰᠤᠳᠤᠯᠤᠯ ᠵᠡᠷᠭᠡ ᠪᠠᠢᠢᠭᠤᠯᠤᠯᠭ᠎ᠠ ᠢᠢᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠠᠯᠪᠠᠨ ᠤ ᠬᠦᠮᠦᠰ ᠲᠡᠢ ᠠᠭᠤᠯᠵᠠᠬᠤ ᠪᠠᠷ ᠡᠨᠡᠳᠬᠡᠭ᠌ ᠦᠨ ᠪᠧᠩᠠᠯᠤᠢᠷᠤ ᠬᠣᠲᠠ ᠳᠤ ᠬᠦᠷᠦᠯᠴᠡᠨ ᠢᠷᠡᠯ᠎ᠡ᠃

ᠲᠥᠷᠥ ᠢᠢᠨ ᠲᠡᠷᠢᠭᠦᠨ ᠢ ᠬᠦᠷᠦᠯᠴᠡᠨ ᠢᠷᠡᠭᠰᠡᠨ ᠲᠡᠢ ᠬᠣᠯᠪᠣᠭᠳᠠᠭᠤᠯᠤᠨ ᠺᠠᠷᠨᠠᠲ᠋ᠠᠺᠠ ᠮᠤᠵᠢ ᠢᠢᠨ ᠵᠠᠬᠢᠷᠤᠭᠴᠢ ᠸᠠᠵᠤᠢᠪᠬᠠᠢ ᠷᠦᠪᠠᠳ᠋ᠬᠠᠢ ᠪᠠᠷᠠᠭᠠᠯᠬᠠᠵᠤ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ᠳᠦ ᠠᠢᠢᠯᠴᠢᠯᠠᠵᠤ ᠬᠣᠶᠠᠷ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ ᠳᠥ ᠦᠨᠡᠲᠡᠢ ᠬᠤᠪᠢ ᠨᠡᠮᠡᠷᠢ

thumbnail 19.9.20-Business
19.9.20-Business
ᠮᠣᠩ᠌ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠌ᠭᠣᠯ ᠂ ᠡᠨᠡᠳᠬᠡᠭ ᠦᠨ ᠪᠢᠽᠢᠨ᠋᠌ᠧᠰ ᠠᠭᠤᠯᠵᠠᠯᠲᠠ ᠳᠤ ᠣᠷᠣᠯᠴᠠᠵᠤ᠂ ᠦᠭᠡ ᠬᠡᠯᠡᠪᠡ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠲᠥᠷᠥ ᠢᠢᠨ ᠠᠢᠢᠯᠴᠢᠯᠠᠯ ᠬᠢᠵᠦ ᠪᠤᠢ ᠮᠣᠩ᠌ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠌ᠭᠣᠯ ᠂ ᠡᠨᠡᠳᠬᠡᠭ᠌ ᠦᠨ ᠪᠢᠽᠢᠨ᠋᠌ᠧᠰ ᠡᠷᠬᠢᠯᠡᠭᠴᠢᠳ ᠦᠨ ᠠᠭᠤᠯᠵᠠᠯᠲᠠ ᠳᠤ ᠣᠷᠣᠯᠴᠠᠯ᠎ᠠ᠃

ᠠᠭᠤᠯᠵᠠᠯᠲᠠ ᠳᠤ ᠡᠨᠡᠳᠬᠡᠭ᠌ ᠦᠨ ᠵᠠᠰᠠᠭ ᠤᠨ ᠭᠠᠵᠠᠷ ᠪᠣᠯᠤᠭᠠᠳ ᠬᠣᠶᠠᠷ ᠤᠯᠤᠰ ᠤᠨ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ᠂ ᠮᠣᠩ᠌ᠭᠣᠯ ᠤᠯᠤᠰ ᠲᠠᠢ ᠬᠠᠮᠲᠤᠷᠠᠨ ᠠᠵᠢᠯᠯᠠᠬᠤ ᠰᠣᠨᠢᠷᠬᠠᠯ ᠲᠠᠢ ᠬᠥᠷᠥᠩᠭᠡ ᠣᠷᠣᠭᠤᠯᠤᠭᠴᠢᠳ ᠣᠷᠣᠯᠴᠠᠵᠤ᠂ ᠰᠠᠨᠠᠯ ᠪᠣᠳᠣᠯ ᠢᠶᠠᠨ ᠰᠤᠯᠢᠯᠴᠠᠪᠠ᠃

ᠡᠢᠢᠮᠦ ᠡᠴᠡ ᠮᠣᠩ᠌ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠌ᠭᠣᠯ ᠤᠯᠤᠰ ᠤᠨ ᠬᠥᠷᠦᠩᠭᠡ ᠣᠷᠣᠭᠤᠯᠤᠯᠲᠠ ᠢᠢᠨ ᠣᠷᠴᠢᠨ᠂

thumbnail 19.9.20-Modi
19.9.20-Modi
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠨᠠᠷ ᠠᠭᠤᠯᠵᠠᠯ᠎ᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ  ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠲᠠᠢ ᠠᠭᠤᠯᠵᠠᠯ᠎ᠠ᠃

ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠡᠨᠡ ᠰᠠᠷ᠎ᠠ ᠳᠤ ᠠᠭᠤᠯᠵᠠᠭᠰᠠᠨ ᠠᠴᠠ ᠬᠣᠢᠢᠰᠢ ᠡᠨᠡᠳᠬᠡᠭ᠌ ᠤᠯᠤᠰ ᠲᠤ ᠲᠥᠷᠦ ᠢᠢᠨ ᠠᠢᠢᠯᠴᠢᠯᠠᠯ ᠬᠢᠵᠦ᠂ ᠬᠣᠶᠠᠷ ᠤᠯᠤᠰ ᠤᠨ ᠰᠲ᠋ᠷᠠᠲ᠋ᠧᠭᠢ ᠢᠢᠨ ᠬᠠᠷᠢᠯᠴᠠᠭ᠎ᠠ ᠢᠢ ᠪᠥᠷᠢᠨ ᠳᠦᠭᠦᠷᠡᠩ ᠠᠰᠢᠭᠯᠠᠬᠤ ᠡᠷᠡᠮᠡᠯᠵᠡᠯ ᠲᠡᠢ ᠪᠡᠷ ᠳᠠᠬᠢᠨ ᠠᠭᠤᠯᠵᠠᠵᠤ ᠪᠠᠢᠢᠭ᠎ᠠ ᠳᠤ ᠪᠠᠨ ᠲᠠᠯ᠎ᠠ ᠨᠤᠭᠤᠳ ᠪᠠᠶᠠᠷᠲᠠᠢ ᠪᠤᠢ ᠢᠢ ᠪᠠᠨ ᠶᠠᠭᠤᠨ ᠲᠦᠷᠦᠭᠦᠨ ᠳᠥ ᠢᠯᠡᠷᠬᠡᠢᠢᠯᠡᠭᠰᠡᠨ ᠶᠤᠮ᠃

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ ᠤᠨ ᠶᠡᠷᠦᠩᠬᠡᠢ

thumbnail 19.9.20-Flover_respect
19.9.20-Flover_respect
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠷᠠᠵ ᠭᠠᠲ ᠴᠣᠭᠴᠠᠯᠠᠪᠤᠷᠢ ᠳᠤ ᠴᠡᠴᠡᠭ ᠡᠷᠭᠦᠵᠦ᠂ ᠬᠦᠨᠳᠦᠳᠬᠡᠯ ᠦᠵᠡᠭᠦᠯᠦᠯ᠎ᠡ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠷᠠᠵ ᠭᠠᠲ ᠴᠣᠭᠴᠠᠯᠠᠪᠤᠷᠢ ᠳᠤ ᠴᠡᠴᠡᠭ ᠡᠷᠭᠦᠵᠦ᠂ ᠬᠦᠨᠳᠦᠳᠬᠡᠯ ᠦᠵᠡᠭᠦᠯᠦᠯ᠎ᠡ᠃

ᠮᠢᠾᠠᠲ᠋ᠮᠠ ᠭᠠᠨᠳᠢ ᠢᠢᠨ ᠨᠣᠢᠢᠷᠰᠤᠵᠤ ᠪᠤᠢ ᠷᠠᠵ ᠭᠠᠲ ᠴᠣᠭᠴᠠᠯᠠᠪᠤᠷᠢ ᠳᠤ ᠡᠨᠡᠳᠬᠡᠭ᠌ ᠦᠨ ᠠᠯᠳᠠᠷᠲᠠᠢ ᠤᠳᠤᠷᠢᠳᠤᠭᠴᠢᠳ ᠪᠣᠯᠤᠨ ᠤᠯᠤᠰ ᠲᠥᠷᠦᠴᠢᠳ ᠦᠨ ᠴᠢᠨᠳᠠᠷ ᠢ ᠬᠠᠳᠠᠭᠠᠯᠠᠳᠠᠭ ᠪᠠᠢᠢᠨ᠎ᠠ᠃

thumbnail 19.9.20-Ind_president8
19.9.20-Ind_president8
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠠᠯᠪᠠᠨ ᠶᠣᠰᠣᠭᠠᠷ ᠤᠭᠲᠤᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠍ ᠤᠨ ᠤᠷᠢᠯᠭ᠎ᠠ ᠪᠠᠷ ᠲᠤᠰ ᠤᠯᠤᠰ ᠲᠤ ᠲᠥᠷᠥ ᠢᠢᠨ ᠠᠢᠢᠯᠴᠢᠯᠠᠯ ᠬᠢᠬᠦ ᠪᠡᠷ ᠥᠴᠥᠭᠡᠳᠦᠷ ᠰᠢᠨ᠎ᠡ ᠳ᠋ᠧᠯᠢ ᠬᠣᠲᠠᠨ᠎ᠠ ᠬᠦᠷᠦᠯᠴᠡᠨ ᠣᠴᠢᠭᠰᠠᠨ ᠶᠤᠮ᠃

ᠲᠥᠷᠥ ᠢᠢᠨ ᠲᠡᠷᠢᠭᠦᠨ ᠢ ᠥᠨᠥᠳᠥᠷ ᠡᠨᠡᠳᠬᠡᠭ᠌ ᠦᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠶᠡᠷᠦᠩᠬᠡᠢᠢᠯᠡᠭᠴᠢ ᠢᠢᠨ ᠣᠷᠳᠣᠨ ᠤ ᠶᠣᠰᠣᠯᠠᠯ ᠤᠨ ᠲᠠᠯᠠᠪᠠᠢ ᠳᠤ ᠠᠯᠪᠠᠨ ᠶᠣᠰᠣᠭᠠᠷ ᠤᠭᠲᠤᠵᠤ᠂ ᠡᠨᠡᠳᠬᠡᠭ᠌ ᠤᠯᠤᠰ ᠲᠤ ᠲᠠᠪᠠᠲᠠᠢ ᠮᠣᠷᠢᠯᠠᠬᠤ ᠢᠢ ᠬᠦᠰᠡᠯ᠎ᠡ᠃

ᠤᠭᠲᠤᠬᠤ ᠶᠣᠰᠣᠯᠠᠯ ᠤᠨ ᠦᠶ᠎ᠡ ᠪᠡᠷ ᠬᠣᠶᠠᠷ ᠤᠯᠤᠰ ᠤᠨ ᠲᠥᠷᠥ ᠢᠢᠨ ᠳᠠᠭᠤᠯᠠᠯ ᠡᠭᠡᠰᠢᠭᠯᠡᠵᠦ᠂ ᠶᠡᠷᠦᠩᠬᠡᠢᠢᠯᠡᠭᠴᠢ ᠨᠠᠷ ᠠᠯᠪᠠᠨ ᠶᠣᠰᠣᠨ ᠤ ᠲᠥᠯᠥᠭᠡᠯᠡᠭᠴᠢᠳ ᠢ ᠬᠠᠷᠢᠯᠴᠠᠨ

thumbnail 19.9.04-President
19.9.04-President
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠲᠤ ᠠᠢᠢᠯᠴᠢᠯᠠᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ ᠤᠨ ᠶᠡᠷᠦᠩᠬᠡᠢᠢᠯᠡᠭᠴᠢ ᠷᠠᠮ ᠨᠠᠳ᠋ᠾ ᠺᠣᠸᠢᠨ᠋ᠳ᠋ ᠍ ᠤᠨ ᠤᠷᠢᠯᠭ᠎ᠠ ᠪᠠᠷ 2019 ᠣᠨ ᠤ 9  ᠳᠦᠭᠡᠷ ᠰᠠᠷ᠎ᠠ ᠢᠢᠨ 19-23 ᠍ ᠳᠤ ᠲᠤᠰ ᠤᠯᠤᠰ ᠲᠤ ᠲᠥᠷᠥ ᠢᠢᠨ ᠠᠢᠢᠯᠴᠢᠯᠠᠯ ᠬᠢᠨ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠢᠢᠯᠴᠢᠯᠠᠯ ᠤᠨ ᠢᠶᠠᠨ ᠦᠶ᠎ᠡ ᠪᠡᠷ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ ᠤᠨ ᠶᠡᠷᠦᠩᠬᠡᠢᠢᠯᠡᠭᠴᠢ ᠷᠠᠮ ᠨᠠᠳ᠋ᠾ ᠺᠣᠸᠢᠨ᠋ᠳ᠋ ᠂ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠨᠠᠷ ᠲᠠᠢ ᠠᠯᠪᠠᠨ ᠶᠣᠰᠣᠨ ᠤ ᠠᠭᠤᠯᠵᠠᠯᠲᠠ᠂ ᠬᠡᠯᠡᠯᠴᠡᠭᠡ ᠬᠢᠨ᠎ᠡ᠃ ᠮᠥᠨ ᠡᠨᠡᠳᠬᠡᠭ᠌ ᠤᠯᠤᠰ ᠤᠨ