Та "Internet explorer"-ийн сүүлийн хувилбар болох "Microsoft edge"-г ашиглана уу

Хэрэв "Microsoft edge"-г татах бол энд дарж татаж авна уу

ᠠᠷᠬᠢᠸ
thumbnail 19.5.27 Parl
19.5.27 Parl
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠯᠠᠨ ᠤᠯᠤᠰ ᠤᠨ ᠫᠠᠷᠯᠠᠮᠧᠨ᠋ᠲ ᠤᠨ ᠬᠣᠯᠪᠣᠭᠠᠨ ᠤ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠪᠠ

ᠣᠯᠠᠨ ᠤᠯᠤᠰ ᠤᠨ ᠫᠠᠷᠯᠠᠮᠧᠨ᠋ᠲ ᠤᠨ ᠬᠣᠯᠪᠣᠭ᠎ᠠ ᠪᠣᠯᠤᠨ ᠮᠣᠩ᠋ᠭᠣᠯ ᠤᠯᠤᠰ ᠤᠨ ᠶᠡᠬᠡ ᠬᠤᠷᠠᠯ ᠠᠴᠠ ᠬᠠᠮᠲᠤᠷᠠᠨ ᠵᠣᠬᠢᠶᠠᠨ ᠪᠠᠢᠢᠭᠤᠯᠵᠤ ᠪᠤᠢ ᠲᠣᠭᠲᠠᠪᠤᠷᠢᠲᠠᠢ ᠬᠥᠭ᠍ᠵᠢᠯ ᠦᠨ ᠵᠣᠷᠢᠯᠭ᠎ᠠ ᠢᠢᠨ ᠬᠡᠷᠡᠭᠵᠢᠯᠲᠡ ᠢᠢᠨ ᠠᠰᠠᠭᠤᠳᠠᠯᠠᠷᠬᠢ ᠣᠯᠠᠨ ᠤᠯᠤᠰ ᠤᠨ ᠫᠠᠷᠯᠠᠮᠧᠨ᠋ᠲ ᠤᠨ ᠬᠣᠯᠪᠣᠭ᠎ᠠ ᠤ ᠠᠽᠢᠶ᠎ᠠ᠂ ᠨᠣᠮᠣᠬᠠᠨ ᠳᠠᠯᠠᠢ ᠢᠢᠨ ᠪᠥᠰᠡ ᠢᠢᠨ ᠬᠣᠶᠠᠳᠤᠭᠠᠷ ᠴᠢᠭᠤᠯᠭᠠᠨ ᠥᠨᠥᠳᠥᠷ ᠲᠥᠷᠥ ᠢᠢᠨ ᠣᠷᠳᠣᠨ ᠳᠤ ᠪᠣᠯᠵᠤ ᠪᠠᠢᠢᠨ᠎ᠠ᠃

ᠬᠣᠶᠠᠳᠤᠭᠠᠷ ᠴᠢᠭᠤᠯᠭᠠᠨ ᠳᠤ ᠣᠷᠣᠯᠴᠠᠬᠤ ᠪᠠᠷ ᠢᠷᠡᠭᠰᠡᠨ ᠲᠥᠯᠥᠭᠡᠯᠡᠭᠴᠢᠳ ᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠯᠠᠨ ᠤᠯᠤᠰ ᠤᠨ ᠫᠠᠷᠯᠠᠮᠧᠨ᠋ᠲ ᠤᠨ ᠬᠣᠯᠪᠣᠭ᠎ᠠ  ᠢᠢᠨ ᠠᠽᠢᠶ᠎ᠠ᠂ ᠨᠣᠮᠣᠬᠠᠨ

thumbnail 19.5.25 Asian children
19.5.25 Asian children
《ᠠᠽᠢᠶ᠎ᠠ ᠢᠢᠨ ᠬᠡᠦᠬᠡᠳ ᠦᠳ-2020》᠂ ᠵᠡᠭᠦᠨ ᠠᠽᠢᠶ᠎ᠠ ᠢᠢᠨ ᠵᠠᠯᠠᠭᠤᠴᠤᠳ ᠤᠨ 2023 ᠣᠨ ᠤ ᠨᠠᠭᠠᠳᠤᠮ ᠤᠨ ᠲᠣᠰᠬᠣᠨ ᠤ ᠪᠦᠲᠦᠭᠡᠨ ᠪᠠᠢᠢᠭᠤᠯᠤᠯᠲᠠ ᠢᠢᠨ ᠵᠠᠷᠢᠮ ᠠᠰᠠᠭᠤᠳᠠᠯ ᠢ ᠰᠢᠢᠳᠪᠦᠷᠢᠯᠡᠬᠦ ᠪᠡᠷ ᠶᠠᠷᠢᠯᠴᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ᠍ ᠤᠨ ᠰᠠᠢᠢᠳ ᠨ ∙ ᠴᠡᠷᠢᠩᠪᠠᠲᠤ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠰᠠᠢᠢᠳ ᠶᠣ᠊ ∙ ᠪᠠᠭᠠᠲᠤᠷᠪᠢᠯᠢᠭ᠌᠂ ᠨᠡᠢᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠢᠢᠨ ᠵᠠᠬᠢᠷᠤᠭᠴᠢ ᠰ ∙ ᠠᠮᠤᠷᠰᠠᠢᠢᠬᠠᠨ ᠨᠠᠷ ᠮᠣᠩ᠋ᠭᠣᠯ-ᠺᠦᠸᠧᠢᠢᠲ ᠤᠨ ᠰᠤᠳᠤᠯᠭᠠᠨ ᠤ ᠲᠥᠪ ᠲᠥ ᠠᠵᠢᠯᠯᠠᠭᠰᠠᠨ ᠤ ᠪᠠᠨ ᠳᠠᠷᠠᠭ᠎ᠠ 《ᠠᠽᠢᠶ᠎ᠠ ᠢᠢᠨ ᠬᠡᠦᠬᠡᠳ ᠦᠳ-2020》᠂ ᠵᠡᠭᠦᠨ ᠠᠽᠢᠶ᠎ᠠ ᠢᠢᠨ ᠵᠠᠯᠠᠭᠤᠴᠤᠳ ᠤᠨ 2023 ᠣᠨ ᠤ ᠨᠠᠭᠠᠳᠤᠮ ᠤᠨ ᠲᠣᠰᠬᠣᠨ ᠤ ᠪᠦᠲᠦᠭᠡᠨ ᠪᠠᠢᠢᠭᠤᠯᠤᠯᠲᠠ ᠢᠢᠨ ᠶᠠᠪᠤᠴᠠ ᠲᠠᠢ ᠲᠠᠨᠢᠯᠴᠠᠵᠤ᠂ ᠵᠠᠷᠢᠮ

thumbnail 19.5.25 Kuweit
19.5.25 Kuweit
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠡᠷᠦᠩᠬᠡᠢ ᠰᠠᠢᠢᠳ᠂ ᠵᠠᠷᠢᠮ ᠰᠠᠢᠢᠳ᠂ ᠬᠣᠲᠠ ᠢᠢᠨ ᠳᠠᠷᠤᠭ᠎ᠠ ᠨᠠᠷ ᠤᠨ ᠬᠠᠮᠲᠤ ᠮᠣᠩ᠋ᠭᠣᠯ-ᠺᠦᠸᠧᠢᠢᠲ ᠤᠨ ᠰᠤᠳᠤᠯᠭᠠᠨ ᠤ ᠲᠥᠪ ᠲᠥ ᠠᠵᠢᠯᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠰᠠᠢᠢᠳ ᠨ ∙ ᠴᠡᠷᠢᠩᠪᠠᠲᠤ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ  ᠤᠨ ᠰᠠᠢᠢᠳ ᠶᠣ᠊ ∙ ᠪᠠᠭᠠᠲᠤᠷᠪᠢᠯᠢᠭ᠌᠂ ᠨᠡᠢᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠢᠢᠨ ᠵᠠᠬᠢᠷᠤᠭᠴᠢ ᠰ ∙ ᠠᠮᠤᠷᠰᠠᠢᠢᠬᠠᠨ ᠨᠠᠷ ᠤᠨ ᠬᠠᠮᠲᠤ ᠮᠣᠩ᠋ᠭᠣᠯ-ᠺᠦᠸᠧᠢᠢᠲ ᠤᠨ ᠰᠤᠳᠤᠯᠭᠠᠨ ᠤ ᠲᠥᠪ ᠲᠥ ᠠᠵᠢᠯᠯᠠᠯ᠎ᠠ᠃

ᠡᠨᠡ ᠲᠥᠪ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠴᠢᠭᠯᠡᠯ ᠢᠶᠡᠷ ᠰᠤᠳᠤᠯᠭ᠎ᠠ ᠰᠢᠨᠵᠢᠯᠡᠭᠡ ᠬᠢᠬᠦ᠂ ᠨᠡᠩ ᠬᠣᠪᠣᠷ ᠠᠮᠢᠲᠠᠨ

thumbnail 19.5.24 Neft
19.5.24 Neft
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠧᠹᠲ ᠪᠣᠯᠪᠠᠰᠤᠷᠠᠭᠤᠯᠬᠤ ᠦᠢᠯᠡᠳᠪᠦᠷᠢ ᠢᠢᠨ ᠳᠡᠳ᠋ ᠪᠦᠲᠦᠴᠡ ᠢᠢᠨ ᠠᠵᠢᠯ ᠤᠨ ᠶᠠᠪᠤᠴᠠ ᠲᠠᠢ ᠲᠠᠨᠢᠯᠴᠠᠯ᠎ᠠ

ᠳᠣᠷᠣᠨᠠᠭᠣᠪᠢ ᠠᠢᠢᠮᠠᠭ ᠲᠤ ᠠᠵᠢᠯᠯᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠦᠳᠡ ᠡᠴᠡ ᠬᠣᠢᠢᠰᠢ ᠲᠤᠰ ᠠᠢᠢᠮᠠᠭ ᠤᠨ ᠠᠯᠲᠠᠨᠰᠢᠷᠡᠭᠡ ᠰᠤᠮᠤ ᠢᠢᠨ ᠨᠤᠲᠤᠭ ᠲᠤ ᠪᠠᠷᠢᠭᠳᠠᠵᠤ ᠪᠠᠢᠢᠭ᠎ᠠ ᠨᠧᠹᠲ ᠪᠣᠯᠪᠠᠰᠤᠷᠠᠭᠤᠯᠬᠤ ᠦᠢᠯᠡᠳᠪᠦᠷᠢ ᠢᠢᠨ ᠳᠡᠳ᠋ ᠪᠦᠲᠦᠴᠡ ᠢᠢᠨ ᠠᠵᠢᠯ ᠤᠨ ᠶᠠᠪᠤᠴᠠ ᠲᠠᠢ ᠲᠠᠨᠢᠯᠴᠠᠯ᠎ᠠ᠃

ᠠᠯᠲᠠᠨᠰᠢᠷᠡᠭᠡ ᠰᠤᠮᠤᠨ ᠳᠤ ᠭᠠᠵᠠᠷ ᠤᠨ ᠲᠣᠰᠤᠨ ᠤ ᠪᠣᠯᠪᠠᠰᠤᠷᠠᠭᠤᠯᠬᠤ ᠦᠢᠯᠡᠳᠪᠦᠷᠢ ᠪᠠᠢᠢᠭᠤᠯᠬᠤ ᠠᠵᠢᠯ ᠢ 2018 ᠣᠨ ᠤ ᠵᠢᠷᠭᠤᠳᠤᠭᠠᠷ ᠰᠠᠷ᠎ᠠ ᠢᠢᠨ 22 ᠍ ᠤ ᠡᠳᠦᠷ ᠡᠬᠢᠯᠡᠭᠦᠯᠵᠦ᠂ ᠳᠡᠳ᠋ ᠪᠦᠲᠦᠴᠡ ᠢᠢᠨ ᠠᠵᠢᠯ ᠤᠨ ᠰᠠᠭᠤᠷᠢ ᠢᠢ ᠲᠠᠯᠪᠢᠵᠤ ᠪᠠᠢᠢᠭᠰᠠᠨ ᠪᠣᠯ ᠡᠨᠡ ᠰᠠᠷ᠎ᠠ ᠢᠢᠨ 24 ᠍ ᠦ ᠡᠳᠦᠷ ᠰᠠᠢᠢᠨᠱᠠᠩᠳᠠ ᠠᠴᠠ ᠨᠧᠹᠲ ᠪᠣᠯᠪᠠᠰᠤᠷᠠᠭᠤᠯᠬᠤ ᠦᠢᠯᠡᠳᠪᠦᠷᠢ ᠬᠦᠷᠲᠡᠯᠡᠬᠢ

thumbnail 19.5.24 Tumur zam
19.5.24 Tumur zam
ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠡᠬᠢᠯᠡᠯ᠎ᠡ

ᠳᠣᠷᠣᠨᠠᠭᠣᠪᠢ ᠠᠢᠢᠮᠠᠭ ᠤᠨ ᠮᠠᠨᠳᠤᠬᠤ ᠰᠤᠮᠤ ᠢᠢᠨ ᠪᠤᠳᠠᠷᠠᠨ ᠪᠠᠭ ᠤᠨ ᠨᠤᠲᠤᠭ ᠲᠤ ᠥᠨᠥᠳᠥᠷ 《ᠲᠥᠷᠥ ᠡᠴᠡ ᠲᠡᠮᠦᠷ ᠵᠠᠮ ᠤᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ》 ᠍ ᠤᠨ ᠳᠠᠭᠠᠭᠤ ᠪᠠᠷᠢᠭᠳᠠᠬᠤ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠨᠡᠭᠡᠭᠡᠯᠲᠡ ᠪᠣᠯᠤᠯ᠎ᠠ᠃

ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠤᠨ ᠨᠡᠢᠢᠲᠡ ᠤᠷᠲᠤ 414.6 ᠺᠢᠯᠣᠮᠧᠲ᠋ᠷ ᠪᠥᠭᠡᠳ ᠥᠨᠥᠳᠥᠷ ᠨᠡᠭᠡᠭᠡᠯᠲᠡ ᠪᠣᠯᠤᠭᠰᠠᠨ ᠭᠠᠵᠠᠷ ᠨᠢ 290 ᠳ᠋ᠡᠬᠢ ᠺᠮ ᠶᠤᠮ᠃ ᠡᠨᠡ ᠴᠡᠭ ᠡᠴᠡ ᠡᠬᠢᠯᠡᠨ ᠡᠮᠦᠨᠡᠭᠣᠪᠢ ᠠᠢᠢᠮᠠᠭ ᠤᠨ ᠴᠣᠭᠲᠤᠴᠡᠴᠡᠢ ᠴᠢᠭᠯᠡᠯ ᠳᠥ ᠡᠬᠢᠨ ᠦ ᠡᠭᠡᠯᠵᠢ ᠢᠢᠨ 50 ᠺᠢᠯᠣᠮᠧᠲ᠋ᠷ ᠲᠡᠮᠦᠷ ᠵᠠᠮ ᠤᠨ ᠵᠢᠷᠤᠭ ᠲᠥᠰᠥᠯ ᠢ ᠭᠠᠷᠭᠠᠭᠰᠠᠨ ᠲᠤᠯᠠ ᠪᠦᠲᠦᠭᠡᠨ

thumbnail 19.5.24 Urtuu
19.5.24 Urtuu
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠡᠭᠦᠨᠪᠠᠶᠠᠨ ᠥᠷᠲᠡᠭᠡᠨ ᠦ ᠥᠷᠭᠡᠳᠬᠡᠯ ᠬᠢᠬᠦ ᠬᠡᠰᠡᠭ ᠲᠦ ᠠᠵᠢᠯᠯᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠣᠷᠣᠨᠠᠭᠣᠪᠢ ᠠᠢᠢᠮᠠᠭ ᠲᠤ ᠠᠵᠢᠯᠯᠠᠵᠤ ᠪᠠᠢᠢᠨ᠎ᠠ᠃

ᠲᠥᠷᠦ ᠢᠢᠨ ᠲᠡᠷᠢᠭᠦᠨ ᠳᠣᠷᠣᠨᠠᠭᠣᠪᠢ ᠠᠢᠢᠮᠠᠭ ᠲᠤ ᠠᠵᠢᠯᠯᠠᠬᠤ ᠦᠶ᠎ᠡ ᠪᠡᠷ ᠢᠶᠡᠨ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ ᠲᠡᠮᠦᠷ ᠵᠠᠮ ᠪᠠᠷᠢᠬᠤ ᠨᠡᠭᠡᠭᠡᠯᠲᠡ ᠢᠢᠨ ᠠᠷᠭ᠎ᠠ ᠬᠡᠮᠵᠢᠶᠡᠨ ᠳᠥ ᠣᠷᠣᠯᠴᠠᠵᠤ᠂ ᠨᠧᠹᠲ ᠪᠣᠯᠪᠠᠰᠤᠷᠠᠭᠤᠯᠬᠤ ᠦᠢᠯᠡᠳᠪᠦᠷᠢ ᠢᠢᠨ ᠲᠡᠮᠦᠷ ᠵᠠᠮ᠂ ᠠᠦ᠋ᠲ᠋ᠣ᠋ ᠵᠠᠮ᠂ ᠠᠭᠠᠷ ᠤᠨ ᠱᠤᠭᠤᠮ ᠵᠡᠷᠭᠡ ᠪᠦᠲᠦᠭᠡᠨ ᠪᠠᠢᠢᠭᠤᠯᠤᠯᠲᠠ ᠢᠢᠨ ᠠᠵᠢᠯ ᠤᠨ ᠶᠠᠪᠤᠴᠠ ᠲᠠᠢ ᠲᠠᠨᠢᠯᠴᠠᠬᠤ ᠪᠠᠷ ᠲᠥᠯᠦᠪᠯᠡᠵᠦ ᠪᠠᠢᠢᠨ᠎ᠠ᠃

ᠬᠠᠷᠢᠨ ᠥᠨᠥᠳᠥᠷ ᠳᠣᠷᠣᠨᠠᠭᠣᠪᠢ ᠠᠢᠢᠮᠠᠭ ᠳ᠋ᠠᠬᠢ ᠤᠯᠠᠭᠠᠨᠪᠠᠭᠠᠲᠤᠷ ᠲᠡᠮᠦᠷ ᠵᠠᠮ ᠤᠨ ᠵᠡᠭᠦᠨᠪᠠᠶᠠᠨ ᠥᠷᠲᠡᠭᠡᠨ ᠦ ᠥᠷᠭᠡᠳᠬᠡᠯ ᠬᠢᠬᠦ ᠬᠡᠰᠡᠭ ᠲᠥ ᠣᠴᠢᠵᠤ᠂ ᠠᠵᠢᠯ ᠤᠨ ᠲᠥᠯᠦᠪᠯᠡᠭᠡ ᠲᠡᠢ ᠲᠠᠨᠢᠯᠴᠠᠯ᠎ᠠ᠃ ᠲᠥᠷᠦ ᠢᠢᠨ ᠲᠡᠷᠢᠭᠦᠨ ᠢ ᠵᠡᠭᠦᠨᠪᠠᠶᠠᠨ

thumbnail 19.5.17 The Hu
19.5.17 The Hu
ᠮᠣᠩ᠋ᠭᠣᠯ ᠤᠨ ᠥᠪ᠂ ᠰᠤᠶᠤᠯ ᠢ ᠣᠯᠠᠨ ᠤᠯᠤᠰ ᠲᠤ ᠲᠦᠭᠡᠭᠡᠵᠦ ᠪᠤᠢ 《THE HU》 ᠬᠠᠮᠲᠤᠯᠢᠭ ᠤᠨ ᠬᠢᠨ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠨ ᠷᠣᠺ᠂ ᠫᠣᠫ ᠤᠷᠠᠯᠢᠭ ᠤᠨ ᠶᠢᠷᠲᠢᠨᠴᠦ ᠳᠥ 《ᠾᠢᠦᠩᠨᠦ ᠷᠣᠺ》 ᠭᠡᠬᠦ ᠰᠢᠨ᠎ᠡ ᠤᠷᠤᠰᠬᠠᠯ ᠢᠶᠠᠷ ᠤᠷᠠᠨ ᠪᠦᠲᠦᠭᠡᠯ ᠲᠤᠭᠤᠷᠪᠢᠵᠤ᠂ ᠳᠡᠯᠡᠬᠡᠢ ᠳᠠᠬᠢᠨ᠎ᠠ ᠣᠯᠠᠨ ᠰᠠᠶ᠋᠎ᠠ ᠰᠣᠨᠣᠰᠤᠭᠴᠢ᠂ ᠹᠧᠨ ᠲᠡᠢ ᠪᠣᠯᠵᠤ ᠪᠤᠢ 《THE HU》 ᠪᠤᠶᠤ ᠬᠦᠮᠦᠨ (ᠬᠦ) ᠬᠠᠮᠲᠤᠯᠢᠭ ᠤᠨ ᠫᠷᠣᠳᠢᠶᠦ᠋ᠰᠧᠷ᠂ ᠳᠠᠭᠤᠴᠢᠨ ᠪ ∙ ᠳᠠᠰᠢᠳᠣᠨᠳᠣᠭ ᠪᠣᠯᠤᠨ ᠬᠠᠮᠲᠤᠯᠢᠭ ᠤᠨ ᠭᠡᠰᠢᠭᠦᠳ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠦᠯᠢᠶᠡᠨ ᠠᠪᠴᠤ ᠠᠭᠤᠯᠵᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠮᠣᠩ᠋ᠭᠣᠯ ᠤᠯᠤᠰ ᠤᠨ ᠭᠠᠪᠢᠶᠠᠲᠤ ᠵᠦᠵᠦᠭᠡᠴᠢᠨ᠂ ᠳᠠᠭᠤᠴᠢᠨ ᠫᠷᠣᠳᠢᠶᠦ᠋ᠰᠧᠷ ᠪ ∙ ᠳᠠᠰᠢᠳᠣᠨᠳᠣᠭ ᠨᠠᠷ

thumbnail 19.5.14 Vietnam
19.5.14 Vietnam
ᠮᠣᠩ᠋ᠭᠣᠯ ᠤᠯᠤᠰ – ᠸᠢᠶᠧᠲ᠋ᠨᠠᠮ ᠤᠯᠤᠰ ᠤᠨ ᠬᠣᠭᠣᠷᠣᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 65 ᠵᠢᠯ ᠦᠨ ᠣᠢ ᠳᠤ ᠵᠣᠷᠢᠭᠤᠯᠤᠭᠰᠠᠨ ᠡᠷᠳᠡᠮ ᠰᠢᠨᠵᠢᠯᠡᠭᠡᠨ ᠦ ᠬᠤᠷᠠᠯ ᠳᠤ ᠮᠡᠨᠳᠦᠴᠢᠯᠡᠭᠡ ᠳᠡᠪᠰᠢᠭᠦᠯᠪᠡ

ᠮᠣᠩ᠋ᠭᠣᠯ-ᠸᠢᠶᠧᠲ᠋ᠨᠠᠮ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 65 ᠵᠢᠯ ᠦᠨ ᠣᠢ ᠳᠤ ᠵᠣᠷᠢᠭᠤᠯᠤᠭᠰᠠᠨ ᠡᠷᠳᠡᠮ ᠰᠢᠨᠵᠢᠯᠡᠭᠡᠨ ᠦ ᠬᠤᠷᠠᠯ ᠥᠨᠥᠳᠥᠷ ᠭᠠᠳᠠᠭᠠᠳᠤ ᠬᠠᠷᠢᠯᠴᠠᠭᠠᠨ ᠤ ᠶᠠᠮᠤᠨ ᠤ 《ᠵᠥᠪᠰᠢᠯᠴᠡᠯ》 ᠲᠠᠩᠬᠢᠮ ᠳᠤ ᠪᠣᠯᠤᠯ᠎ᠠ᠃

ᠡᠷᠳᠡᠮ ᠰᠢᠨᠵᠢᠯᠡᠭᠡᠨ ᠦ ᠬᠤᠷᠠᠯ ᠢ ᠰᠢᠨᠵᠢᠯᠡᠬᠦ ᠤᠬᠠᠭᠠᠨ ᠤ ᠠᠺᠠᠳᠧᠮᠢ ᠢᠢᠨ ᠣᠯᠠᠨ ᠤᠯᠤᠰ ᠤᠨ ᠬᠠᠷᠢᠯᠴᠠᠭᠠᠨ ᠤ ᠬᠦᠷᠢᠶᠡᠯᠡᠩ ᠡᠴᠡ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠭᠠᠳᠠᠭᠠᠳᠤ ᠬᠠᠷᠢᠯᠴᠠᠭᠠᠨ ᠤ ᠶᠠᠮᠤ᠂ ᠮᠣᠩ᠋ᠭᠣᠯ ᠤᠨ ᠠᠵᠢᠯ ᠣᠯᠭᠤᠭᠴᠢ ᠡᠵᠡᠳ ᠦᠨ ᠨᠢᠭᠡᠳᠦᠭᠰᠡᠨ ᠬᠣᠯᠪᠣᠭ᠎ᠠ ᠬᠠᠮᠲᠤᠷᠠᠨ ᠵᠣᠬᠢᠶᠠᠨ ᠪᠠᠢᠢᠭᠤᠯᠪᠠ᠃

《ᠮᠣᠩ᠋ᠭᠣᠯ-ᠸᠢᠶᠧᠲ᠋ᠨᠠᠮ ᠤᠨ ᠬᠠᠷᠢᠯᠴᠠᠭ᠎ᠠ᠄ ᠲᠡᠦᠬᠡ ᠪᠠ ᠣᠷᠴᠢᠨ ᠦᠶ᠎ᠡ》 ᠰᠡᠳᠦᠪᠲᠦ ᠡᠨᠡ ᠬᠦ ᠡᠷᠳᠡᠮ ᠰᠢᠨᠵᠢᠯᠡᠭᠡᠨ ᠦ ᠬᠤᠷᠠᠯ ᠤᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ

thumbnail 19.5.14 Tamga
19.5.14 Tamga
2018 ᠣᠨ ᠳᠤ ᠪᠠᠲᠤᠯᠠᠭᠳᠠᠭᠰᠠᠨ ᠮᠣᠩ᠋ᠭᠣᠯ ᠤᠯᠤᠰ ᠤᠨ ᠬᠠᠤᠯᠢ ᠨᠤᠭᠤᠳ ᠳᠡᠭᠡᠷ᠎ᠡ ᠲᠥᠷᠦ ᠢᠢᠨ ᠲᠠᠮᠠᠭ᠎ᠠ ᠳᠠᠷᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠪᠣᠯᠤᠨ ᠤᠯᠤᠰ ᠤᠨ ᠶᠡᠬᠡ ᠬᠤᠷᠠᠯ ᠤᠨ ᠲᠠᠮᠠᠭ᠎ᠠ ᠢᠢᠨ ᠭᠠᠵᠠᠷ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠯ ∙ ᠥᠯᠵᠡᠢᠢᠰᠠᠢᠢᠬᠠᠨ ᠨᠠᠷ ᠥᠨᠥᠳᠥᠷ 2018 ᠣᠨ ᠳᠤ ᠪᠠᠲᠤᠯᠠᠭᠳᠠᠭᠰᠠᠨ ᠬᠠᠤᠯᠢ ᠨᠤᠭᠤᠳ ᠳᠡᠭᠡᠷ᠎ᠡ ᠲᠥᠷᠥ ᠢᠢᠨ ᠲᠠᠮᠠᠭ᠎ᠠ ᠳᠠᠷᠤᠬᠤ ᠶᠣᠰᠣᠯᠠᠯ ᠦᠢᠯᠡᠳᠪᠡ᠃

ᠲᠥᠷᠦ ᠢᠢᠨ ᠲᠠᠮᠠᠭ᠎ᠠ ᠢᠢ ᠦᠨᠳᠦᠰᠦᠨ ᠦ ᠬᠡ ᠪᠡᠷ ᠴᠢᠮᠡᠭᠯᠡᠭᠰᠡᠨ ᠮᠥᠩᠭᠥᠨ ᠲᠣᠨᠣᠭ ᠪᠦᠬᠦᠢ᠂ ᠵᠥᠭᠡᠯᠡᠨ ᠲᠣᠷᠭᠠᠮᠰᠤᠭ ᠡᠳ᠋ ᠍ ᠢᠶᠡᠷ ᠳᠣᠲᠣᠷᠯᠠᠭᠰᠠᠨ ᠽᠠᠨᠳᠠᠨ ᠮᠣᠳᠣᠨ ᠬᠠᠢᠢᠴᠠᠭ ᠲᠠᠢ ᠨᠢ ᠠᠪᠴᠢᠷᠠᠵᠤ᠂ ᠲᠥᠷᠦ ᠢᠢᠨ ᠪᠡᠯᠭᠡ ᠲᠡᠮᠳᠡᠭ ᠦᠨ ᠲᠤᠬᠠᠢ ᠬᠠᠤᠯᠢ ᠳᠤ ᠵᠢᠭᠠᠭᠰᠠᠨ ᠤ ᠳᠠᠭᠠᠭᠤ ᠮᠣᠩ᠋ᠭᠣᠯ ᠤᠯᠤᠰ ᠤᠨ