Та "Internet explorer"-ийн сүүлийн хувилбар болох "Microsoft edge"-г ашиглана уу

Хэрэв "Microsoft edge"-г татах бол энд дарж татаж авна уу

ᠠᠷᠬᠢᠸ
thumbnail 18.7.25 suld
18.7.25 suld
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠳᠤ ᠡᠭᠡᠯᠵᠢᠲᠦ ᠪᠤᠰᠤ ᠴᠢᠭᠤᠯᠭᠠᠨ ᠵᠠᠷᠯᠠᠨ ᠬᠤᠷᠠᠯᠳᠤᠭᠤᠯᠬᠤ ᠰᠠᠨᠠᠯ᠎ ᠬᠦᠷᠭᠡᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠳᠤ 《ᠡᠭᠡᠯᠵᠢᠲᠦ ᠪᠤᠰᠤ ᠴᠢᠭᠤᠯᠭᠠᠨ ᠵᠠᠷᠯᠠᠨ ᠬᠤᠷᠠᠯᠳᠤᠭᠤᠯᠬᠤ ᠲᠤᠬᠠᠢ》 ᠠᠯᠪᠠᠨ ᠪᠢᠴᠢᠭ᠌ ᠬᠦᠷᠭᠡᠭᠦᠯᠪᠡ᠃

 

《ᠡᠭᠡᠯᠵᠢᠲᠦ ᠪᠤᠰᠤ ᠴᠢᠭᠤᠯᠭᠠᠨ ᠵᠠᠷᠯᠠᠨ ᠬᠤᠷᠠᠯᠳᠤᠭᠤᠯᠬᠤ ᠲᠤᠬᠠᠢ》 ᠠᠯᠪᠠᠨ ᠪᠢᠴᠢᠭ᠌ ᠲᠦᠷ᠄

ᠤᠯᠤᠰ ᠤᠨ ᠶᠡᠬᠡ ᠬᠤᠷᠠᠯ ᠤᠨ ᠡᠮᠦᠨᠡᠬᠢ ᠳᠠᠷᠤᠭ᠎ᠠ᠂ ᠭᠡᠰᠢᠭᠦᠳ ᠦᠨ ᠬᠣᠭᠣᠷᠣᠨᠳᠣ ᠡᠭᠦᠰᠦᠭᠰᠡᠨ ᠵᠥᠷᠢᠴᠡᠯ᠂ ᠲᠡᠮᠡᠴᠡᠯ ᠡᠴᠡ ᠰᠢᠯᠲᠠᠭᠠᠯᠠᠨ ᠲᠥᠷᠦ ᠢᠢᠨ ᠡᠷᠬᠡ ᠪᠠᠷᠢᠬᠤ ᠳᠡᠭᠡᠳᠦ ᠪᠠᠢᠢᠭᠤᠯᠤᠯᠭ᠎ᠠ ᠢᠢᠨ ᠦᠢᠯᠡ ᠠᠵᠢᠯᠯᠠᠭ᠎ᠠ 40 ᠭᠠᠷᠤᠢ ᠬᠣᠨᠣᠭ ᠢᠶᠠᠷ ᠭᠠᠴᠠᠵᠤ᠂ 2018 ᠣᠨ ᠤ ᠨᠠᠮᠤᠷ ᠤᠨ ᠡᠭᠡᠯᠵᠢᠲᠦ ᠴᠢᠭᠤᠯᠭᠠᠨ ᠢᠶᠠᠷ ᠬᠡᠯᠡᠯᠴᠡᠬᠦ ᠪᠡᠷ ᠲᠥᠯᠦᠪᠯᠡᠭᠰᠡᠨ 23

thumbnail 19.02.15 IJB
19.02.15 IJB
ᠠᠦᠢᠰᠲ᠋ᠷᠠᠯᠢᠶ᠎ᠠ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳ᠋ᠧᠸᠢᠳ᠋ ᠮᠧᠲ᠋ᠢᠶᠤ ᠸᠣᠰᠧᠨ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠠᠦᠢᠰᠲ᠋ᠷᠠᠯᠢᠶ᠎ᠠ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳ᠋ᠧᠸᠢᠳ᠋ ᠮᠧᠲ᠋ᠢᠶᠤ ᠸᠣᠰᠧᠨ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠯ᠎ᠠ᠃

 

ᠨᠣᠶᠠᠨ ᠳ᠋ᠧᠸᠢᠳ᠋ ᠮᠧᠲ᠋ᠢᠶᠤ ᠸᠣᠰᠧᠨ ᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ᠂ ᠬᠣᠶᠠᠷ ᠣᠷᠣᠨ ᠤ ᠬᠠᠷᠢᠯᠴᠠᠭᠠᠨ ᠤ ᠠᠰᠠᠭᠤᠳᠠᠯ ᠢᠶᠠᠷ ᠶᠠᠷᠢᠯᠴᠠᠪᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠳ᠋ᠧᠸᠢᠳ᠋ ᠮᠧᠲ᠋ᠢᠶᠤ

thumbnail 19.02.14 Rally
19.02.14 Rally
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ 2019 ᠣᠨ ᠤ ᠤᠷᠤᠯᠳᠤᠭᠠᠨ ᠤ ᠠᠵᠢᠯ ᠤᠨ ᠬᠡᠰᠡᠭ ᠦᠨ ᠠᠭᠤᠯᠵᠠᠯᠲᠠ ᠳᠤ ᠤᠷᠤᠯᠴᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ 2019 ᠣᠨ ᠤ ᠤᠷᠤᠯᠳᠤᠭᠠᠨ ᠢ ᠵᠣᠬᠢᠶᠠᠨ ᠪᠠᠢᠢᠭᠤᠯᠬᠤ ᠣᠷᠣᠰ ᠤᠨ ᠬᠣᠯᠪᠣᠭᠠᠨ ᠤ ᠤᠯᠤᠰ ᠪᠣᠯᠤᠨ ᠮᠣᠩ᠋ᠭᠣᠯ ᠤᠨ ᠲᠠᠯ᠎ᠠ ᠢᠢᠨ ᠠᠵᠢᠯ ᠤᠨ ᠬᠡᠰᠡᠭ ᠦᠨ ᠠᠭᠤᠯᠵᠠᠯᠲᠠ ᠳᠤ ᠣᠷᠣᠯᠴᠠᠯ᠎ᠠ᠃

 

2009 ᠣᠨ ᠠᠴᠠ ᠬᠣᠢᠢᠰᠢ ᠵᠢᠯ ᠪᠦᠷᠢ ᠵᠣᠬᠢᠶᠠᠨ ᠪᠠᠢᠢᠭᠤᠯᠤᠭᠳᠠᠵᠤ ᠪᠤᠢ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ ᠤᠷᠤᠯᠳᠤᠭᠠᠨ ᠡᠨᠡ ᠵᠢᠯ ᠮᠣᠩ᠋ᠭᠣᠯ ᠤᠯᠤᠰ ᠤᠨ ᠭᠠᠵᠠᠷ ᠨᠤᠲᠤᠭ ᠢᠶᠠᠷ ᠳᠠᠮᠵᠢᠨ ᠣᠷᠣᠰ ᠤᠨ ᠬᠣᠯᠪᠣᠭᠠᠨ ᠤ ᠤᠯᠤᠰ-ᠮᠣᠩ᠋ᠭᠣᠯ ᠤᠯᠤᠰ-ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠭᠡᠰᠡᠨ ᠴᠢᠭᠯᠡᠯ ᠳᠥ ᠵᠣᠬᠢᠶᠠᠭᠳᠠᠬᠤ ᠪᠠᠷ ᠪᠣᠯᠤᠭᠰᠠᠨ ᠶᠤᠮ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ

thumbnail 19.02.07 Tuuli
19.02.07 Tuuli
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠤᠨ ᠳᠠᠭᠠᠭᠤ ᠪᠠᠭᠠᠲᠤᠷᠯᠢᠭ ᠲᠤᠤᠯᠢ ᠬᠠᠢᠢᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠮᠣᠩ᠋ᠭᠣᠯ ᠲᠦᠮᠡᠨ ᠦ ᠪᠠᠬᠠᠷᠬᠠᠯᠳᠤ ᠥᠪ ᠰᠤᠶᠤᠯ᠂ ᠦᠶ᠎ᠡ ᠡᠴᠡ ᠦᠶ᠎ᠡ ᠳᠥ ᠤᠯᠠᠮᠵᠢᠯᠠᠭᠳᠠᠨ ᠢᠷᠡᠭᠰᠡᠨ ᠠᠮᠠᠨ ᠪᠢᠯᠢᠭ᠌ ᠦᠨ ᠡᠬᠡ ᠤᠨᠳᠤᠷᠭ᠎ᠠ ᠪᠣᠯᠤᠭᠰᠠᠨ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ᠂ ᠳᠡᠯᠭᠡᠷᠡᠭᠦᠯᠬᠦ ᠵᠣᠷᠢᠯᠭ᠎ᠠ ᠪᠠᠷ 2019 ᠣᠨ ᠤ 01  ᠳᠦᠭᠡᠷ ᠰᠠᠷ᠎ᠠ ᠢᠢᠨ 29 ᠍ ᠦ ᠡᠳᠦᠷ 《ᠮᠣᠩ᠋ᠭᠣᠯ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ ᠳᠡᠯᠭᠡᠷᠡᠭᠦᠯᠬᠦ ᠲᠤᠬᠠᠢ》 13 ᠳ᠋ᠤᠭᠠᠷ ᠵᠠᠷᠯᠢᠭ ᠭᠠᠷᠭᠠᠭᠰᠠᠨ ᠪᠢᠯᠡ᠃

 

ᠵᠠᠷᠯᠢᠭ ᠢ ᠡᠨᠳᠡ ᠳᠠᠷᠤᠵᠤ ᠳᠡᠯᠭᠡᠷᠡᠩ᠋ᠭᠦᠢ ᠤᠩᠰᠢᠨ᠎ᠠ ᠤᠤ᠃

 

ᠵᠠᠷᠯᠢᠭ ᠲᠤ ᠪᠢᠴᠢᠭᠰᠡᠨᠴᠢᠯᠡᠨ᠂ ᠵᠢᠯ ᠪᠦᠷᠢ ᠢᠢᠨ ᠴᠠᠭᠠᠨ ᠰᠠᠷ᠎ᠠ ᠢᠢᠨ ᠪᠠᠶᠠᠷ ᠢ ᠲᠣᠬᠢᠶᠠᠯᠳᠤᠭᠤᠯᠤᠨ ᠬᠠᠪᠤᠷ ᠤᠨ ᠲᠡᠷᠢᠭᠦᠨ ᠰᠠᠷ᠎ᠠ ᠢᠢᠨ ᠰᠢᠨ᠎ᠡ ᠢᠢᠨ ᠭᠤᠷᠪᠠᠨ ᠤ

thumbnail 19.02.06 DCorpus
19.02.06 DCorpus
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠠᠷ᠎ᠠ ᠰᠢᠨ᠎ᠡ ᠢᠢᠨ ᠪᠠᠶᠠᠷ ᠢ ᠲᠣᠬᠢᠶᠠᠯᠳᠤᠭᠤᠯᠤᠨ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠨᠠᠷ ᠪᠣᠯᠤᠨ ᠪᠠᠢᠢᠩ᠋ᠭᠤ ᠢᠢᠨ ᠲᠥᠯᠥᠭᠡᠯᠡᠭᠴᠢ ᠢᠢᠨ ᠭᠠᠵᠠᠷ ᠤᠳ ᠤᠨ ᠲᠡᠷᠢᠭᠦᠨ ᠨᠠᠷ ᠢ ᠬᠦᠯᠢᠶᠡᠨ ᠠᠪᠴᠤ ᠠᠭᠤᠯᠵᠠᠪᠠ

XVII ᠵᠢᠷᠠᠨ ᠤ 《ᠤᠷᠪᠠᠭᠤᠯᠤᠭᠴᠢ》 ᠬᠡᠮᠡᠬᠦ ᠰᠢᠷᠠᠭᠴᠢᠨ ᠭᠠᠬᠠᠢ ᠵᠢᠯ ᠦᠨ ᠰᠠᠷ᠎ᠠ ᠰᠢᠨ᠎ᠡ ᠢᠢᠨ ᠪᠠᠶᠠᠷ ᠢ ᠲᠣᠬᠢᠶᠠᠯᠳᠤᠭᠤᠯᠤᠨ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠨᠠᠷ ᠪᠣᠯᠤᠨ ᠪᠠᠢᠢᠩ᠋ᠭᠤ ᠢᠢᠨ ᠲᠥᠯᠥᠭᠡᠯᠡᠭᠴᠢ ᠢᠢᠨ ᠭᠠᠵᠠᠷ ᠤᠳ ᠤᠨ ᠲᠡᠷᠢᠭᠦᠨ ᠨᠠᠷ ᠢ ᠬᠦᠯᠢᠶᠡᠨ ᠠᠪᠴᠤ ᠠᠭᠤᠯᠵᠠᠯ᠎ᠠ᠃

ᠬᠦᠨᠳᠦᠳᠦ ᠲᠥᠯᠥᠭᠡᠯᠡᠭᠴᠢᠳ ᠢ ᠲᠥᠷᠥ ᠢᠢᠨ ᠣᠷᠳᠣᠨ ᠤ ᠥᠷᠭᠥᠭᠡ ᠭᠡᠷ ᠲᠥ ᠤᠭᠲᠤᠨ ᠠᠪᠴᠤ᠂ ᠲᠥᠯᠥᠭᠡᠯᠡᠭᠴᠢᠳ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠠᠮᠤᠷ ᠮᠡᠨᠳᠦ ᠢᠢ ᠡᠷᠢᠨ ᠮᠡᠨᠳᠦᠴᠢᠯᠡᠯ᠎ᠡ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ.ᠪᠠᠲᠤᠲᠤᠯᠭ᠎ᠠ ᠮᠣᠩ᠋ᠭᠣᠯ ᠤᠯᠤᠰ ᠲᠤ ᠰᠠᠭᠤᠭ᠎ᠠ ᠡᠯᠴᠢᠨ ᠰᠠᠢᠢᠳ ᠨᠠᠷ ᠪᠣᠯᠤᠨ ᠪᠠᠢᠢᠩ᠋ᠭᠤ ᠢᠢᠨ

thumbnail 19.02.05 Zolgolt
19.02.05 Zolgolt
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠶᠡᠷᠦᠩᠬᠡᠢ ᠰᠠᠢᠢᠳ ᠤ᠊ ∙ ᠬᠦᠷᠦᠯᠰᠦ᠋ᠬᠡ ᠨᠠᠷ ᠠᠬᠠᠮᠠᠳ ᠤᠳ ᠤᠨ ᠠᠮᠤᠷ ᠮᠡᠨᠳᠦ ᠢᠢ ᠠᠢᠢᠯᠠᠳᠬᠠᠨ ᠵᠣᠯᠭᠠᠪᠠ

XVII ᠵᠢᠷᠠᠨ ᠤ 《ᠤᠷᠪᠠᠭᠤᠯᠤᠭᠴᠢ》 ᠬᠡᠮᠡᠬᠦ ᠰᠢᠷᠠᠭᠴᠢᠨ ᠭᠠᠬᠠᠢ ᠵᠢᠯ ᠦᠨ ᠬᠠᠪᠤᠷ ᠤᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ ᠦ ᠥᠷᠯᠥᠭᠡ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠮᠣᠩ᠋ᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ ᠨᠠᠷ ᠲᠥᠷᠥ ᠢᠢᠨ ᠣᠷᠳᠣᠨ᠎ᠠ ᠠᠬᠠᠮᠠᠳ ᠪᠤᠭᠤᠷᠠᠯ ᠤᠳ ᠢᠶᠠᠨ ᠬᠦᠨᠳᠦᠳᠬᠡᠨ ᠠᠮᠤᠷ ᠮᠡᠨᠳᠦ ᠢᠢ ᠨᠢ ᠠᠢᠢᠯᠠᠳᠬᠠᠨ ᠵᠣᠯᠭᠠᠵᠤ᠂ ᠬᠥᠭᠦᠷᠭᠡ ᠵᠥᠷᠢᠭᠦᠯᠪᠡ᠃

 

ᠲᠥᠷᠥ᠂ ᠵᠠᠰᠠᠭ ᠤᠨ ᠤᠳᠤᠷᠢᠳᠤᠯᠭ᠎ᠠ ᠨᠤᠭᠤᠳ ᠤᠨ ᠬᠦᠨᠳᠦᠳᠬᠡᠯ ᠦᠵᠡᠭᠦᠯᠵᠦ ᠵᠣᠯᠭᠠᠭᠰᠠᠨ ᠠᠬᠠᠮᠠᠳ ᠤᠳ 80-98 ᠨᠠᠰᠤᠲᠠᠢ᠂ ᠮᠠᠯᠴᠢᠨ᠂ ᠦᠢᠯᠡᠴᠢᠯᠡᠭᠡᠨ ᠦ ᠠᠵᠢᠯᠲᠠᠨ᠂ ᠰᠠᠩᠬᠦᠦ᠂ ᠨᠢᠭ᠌ᠲᠠᠯᠠᠨ

thumbnail 19.02.05 Zolguut
19.02.05 Zolguut
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠢᠰᠦᠨ ᠬᠥᠯᠲᠦ ᠴᠠᠭᠠᠨ ᠲᠤᠭ ᠳᠤ ᠬᠦᠨᠳᠦᠳᠬᠡᠯ ᠦᠵᠡᠭᠦᠯᠵᠦ᠂ ᠲᠥᠷᠥ ᠢᠢᠨ ᠵᠣᠯᠭᠠᠯᠲᠠ ᠬᠢᠪᠡ

XVII ᠵᠢᠷᠠᠨ ᠤ 《ᠤᠷᠪᠠᠭᠤᠯᠤᠭᠴᠢ》 ᠬᠡᠮᠡᠬᠦ ᠰᠢᠷᠠᠭᠴᠢᠨ ᠭᠠᠬᠠᠢ ᠵᠢᠯ ᠦᠨ ᠬᠠᠪᠤᠷ ᠤᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ ᠦ ᠥᠷᠯᠥᠭᠡ 09᠄00 ᠴᠠᠭ ᠲᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠤᠨ ᠲᠥᠷᠥ ᠥᠨᠢ ᠮᠥᠩᠬᠡᠳᠡ ᠮᠠᠨᠳᠤᠨ ᠪᠠᠳᠠᠷᠠᠵᠤ᠂ ᠲᠥᠷᠥ ᠤᠯᠤᠰ᠂ ᠲᠦᠮᠡᠨ ᠣᠯᠠᠨ ᠠᠮᠤᠷ ᠲᠥᠪᠰᠢᠨ ᠠᠵᠤ ᠲᠥᠷᠥᠬᠦ ᠢᠢᠨ ᠪᠡᠯᠭᠡᠳᠡᠯ ᠪᠣᠯᠤᠭᠰᠠᠨ ᠲᠥᠷᠥ ᠢᠢᠨ ᠶᠢᠰᠦᠨ ᠬᠥᠯᠲᠦ ᠴᠠᠭᠠᠨ ᠲᠤᠭ ᠳᠤ ᠬᠦᠨᠳᠦᠳᠬᠡᠯ ᠦᠵᠡᠭᠦᠯᠦᠯ᠎ᠡ᠃

 

ᠡᠭᠦᠨ ᠦ ᠳᠠᠷᠠᠭ᠎ᠠ ᠲᠥᠷᠥ ᠢᠢᠨ ᠶᠣᠰᠣᠯᠠᠯ ᠬᠦᠨᠳᠦᠳᠬᠡᠯ ᠦᠨ ᠥᠷᠭᠥᠭᠡ ᠭᠡᠷ ᠲᠥ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠮᠣᠩ᠋ᠭᠣᠯ

thumbnail 19.02.05 Mendchilgee
19.02.05 Mendchilgee
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠰᠠᠷ᠎ᠠ ᠰᠢᠨ᠎ᠡ ᠢᠢᠨ ᠮᠡᠨᠳᠦᠴᠢᠯᠡᠭᠡ

XVII ᠵᠢᠷᠠᠨ ᠤ 《ᠤᠷᠪᠠᠭᠤᠯᠤᠭᠴᠢ》 ᠬᠡᠮᠡᠬᠦ ᠰᠢᠷᠠᠭᠴᠢᠨ ᠭᠠᠬᠠᠢ ᠵᠢᠯ ᠦᠨ ᠬᠠᠪᠤᠷ ᠤᠨ ᠲᠡᠷᠢᠭᠦᠨ ᠰᠠᠷ᠎ᠠ ᠢᠢᠨ ᠰᠠᠷ᠎ᠠ ᠰᠢᠨ᠎ᠡ ᠢᠢᠨ ᠪᠠᠶᠠᠷ ᠲᠤ ᠵᠣᠷᠢᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠷᠠᠳ ᠲᠦᠮᠡᠨ ᠳᠥ ᠪᠡᠨ ᠬᠠᠨᠳᠤᠨ ᠮᠡᠨᠳᠦᠴᠢᠯᠡᠭᠡ ᠳᠡᠪᠰᠢᠭᠦᠯᠦᠯ᠎ᠡ᠃

 

ᠮᠡᠨᠳᠦᠴᠢᠯᠡᠭᠡ ᠄

 

ᠳᠠᠭ᠎ᠠ ᠳᠠᠯᠩ ᠲᠠᠢ᠂ ᠪᠢᠷᠠᠭᠤ ᠪᠤᠯᠴᠢᠩ ᠲᠠᠢ᠂ ᠰᠦᠷᠦᠭ ᠮᠠᠯ ᠣᠨ ᠳᠤ ᠮᠡᠨᠳᠦ᠂ ᠲᠠᠷᠭᠠᠨ ᠲᠠᠪᠠᠲᠠᠢ ᠰᠠᠢᠢᠬᠠᠨ ᠤᠷᠤᠪᠠ ᠤᠤ?

 

ᠠᠮᠤᠷ ᠪᠠᠢᠢᠨ᠎ᠠ ᠤᠤ? ᠬᠣᠲᠠᠯᠠ ᠣᠯᠠᠨ ᠢᠶᠠᠷ ᠢᠶᠠᠨ 《ᠲᠡᠢᠢᠨ ᠤᠨᠵᠢᠯᠭᠠᠳᠤ》 ᠬᠡᠮᠡᠬᠦ ᠰᠢᠷᠤᠶ ᠨᠣᠬᠠᠢ ᠵᠢᠯ ᠢᠶᠡᠨ ᠦᠳᠡᠵᠦ᠂ ᠤᠭᠲᠤᠵᠤ ᠪᠤᠢ ᠰᠢᠷᠠᠭᠴᠢᠨ ᠭᠠᠬᠠᠢ ᠵᠢᠯ ᠦᠨ ᠬᠠᠪᠤᠷ ᠤᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ ᠦ ᠪᠡᠯᠭᠡᠲᠦ

thumbnail 19.02.04 Bukh
19.02.04 Bukh
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠦᠴᠦᠲᠦ ᠪᠥᠬᠡ ᠢᠢᠨ ᠪᠠᠷᠢᠯᠳᠤᠭᠠᠨ ᠦᠵᠡᠵᠦ᠂ ᠶᠡᠬᠡ ᠰᠢᠪᠦᠭᠡ ᠢᠢᠨ ᠪᠥᠬᠡᠴᠦᠳ ᠲᠥ ᠪᠡᠳᠤᠯᠠᠮᠵᠢ ᠭᠠᠷᠳᠠᠭᠤᠯᠤᠯ᠎ᠠ

XVII ᠵᠢᠷᠠᠨ ᠤ 《ᠤᠷᠪᠠᠭᠤᠯᠤᠭᠴᠢ》 ᠬᠡᠮᠡᠬᠦ ᠰᠢᠷᠠᠭᠴᠢᠨ ᠭᠠᠬᠠᠢ ᠵᠢᠯ ᠦᠨ ᠰᠠᠷ᠎ᠠ ᠰᠢᠨ᠎ᠡ ᠢᠢᠨ ᠪᠠᠶᠠᠷ ᠲᠤ ᠵᠣᠷᠢᠭᠤᠯᠤᠭᠰᠠᠨ ᠪᠥᠬᠡ ᠢᠢᠨ ᠪᠠᠷᠢᠯᠳᠤᠭᠠᠨ ᠥᠨᠥᠳᠥᠷ 《ᠪᠤᠶᠠᠨᠲᠤ-ᠬᠤᠸᠠ》 ᠰᠫᠣᠷᠲ ᠴᠣᠭᠴᠠᠯᠠᠪᠤᠷᠢ ᠳᠤ ᠪᠣᠯᠤᠯ᠎ᠠ᠃ ᠤᠯᠤᠰ᠂ ᠠᠢᠢᠮᠠᠭ ᠤᠨ ᠠᠯᠳᠠᠷ ᠴᠣᠯᠠ ᠲᠠᠢ 256 ᠪᠥᠬᠡ ᠵᠣᠳᠣᠭᠯᠠᠭᠰᠠᠨ ᠰᠠᠷ᠎ᠠ ᠰᠢᠨ᠎ᠡ ᠢᠢᠨ ᠪᠠᠷᠢᠯᠳᠤᠭᠠᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠢᠭᠡ ᠢᠢᠨ ᠳᠠᠪᠠᠭᠠᠨ ᠠᠴᠠ ᠡᠬᠢᠯᠡᠨ ᠦᠵᠡᠵᠦ ᠰᠣᠨᠢᠷᠬᠠᠪᠠ᠃

 

ᠪᠥᠬᠡ ᠢᠢᠨ ᠪᠠᠷᠢᠯᠳᠤᠭᠠᠨ ᠤ ᠡᠬᠢᠨ ᠳᠥ ᠭᠠᠨᠳᠠᠩᠳᠡᠭᠴᠡᠩᠯᠢᠩ ᠬᠡᠢᠢᠳ ᠦᠨ ᠯᠠᠮᠠ ᠨᠠᠷ ᠪᠥᠬᠡᠴᠦᠳ᠂ ᠦᠵᠡᠭᠴᠢᠳ᠂ ᠨᠡᠢᠢᠲᠡ ᠠᠷᠠᠳ ᠲᠦᠮᠡᠨ ᠳᠥ ᠵᠣᠷᠢᠭᠤᠯᠵᠤ 《ᠥᠯᠵᠡᠢ ᠬᠤᠲᠤᠭ ᠤᠨ ᠬᠤᠷ᠎ᠠ ᠢᠢᠨ ᠪᠠᠭᠤᠯᠭᠠᠭᠴᠢ ᠶᠡᠬᠡ ᠰᠠᠩ》᠂ 《ᠳᠥᠷᠪᠡᠨ ᠠᠭᠤᠯᠠ ᠢᠢᠨ ᠰᠠᠩ》᠂