Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠢᠶᠠᠷ 《ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ》 ᠢᠢ ᠲᠥᠷᠥ ᠶᠢᠨ ᠥᠮᠴᠢᠲᠤ ᠬᠤᠪᠢᠴᠠᠭᠠᠲᠤ ᠺᠣᠮᠫᠠᠨᠢ ᠶᠢ ᠬᠥᠳᠡᠯᠮᠦᠷᠢ ᠶᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠪᠠ

《ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ》 ᠲᠥᠷᠥ ᠢᠢᠨ ᠥᠮᠴᠢᠲᠤ ᠬᠤᠪᠢᠴᠠᠭᠠᠲᠤ ᠺᠣᠮᠫᠠᠨᠢ ᠢᠢᠨ ᠲᠡᠦᠬᠡᠲᠦ 50 ᠵᠢᠯ ᠦᠨ ᠣᠢ ᠢᠢ ᠲᠣᠬᠢᠶᠠᠯᠳᠤᠭᠤᠯᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ 《ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ》ᠲᠥᠷᠥ ᠢᠢᠨ ᠥᠮᠴᠢ ᠢᠢᠨ ᠬᠤᠪᠢᠴᠠᠭᠠᠲᠤ ᠺᠣᠮᠫᠠᠨᠢ ᠢ ᠲᠥᠷᠥ ᠢᠢᠨ ᠳᠡᠭᠡᠳᠦ ᠱᠠᠩᠨᠠᠯ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠯ᠎ᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠬᠤ ᠵᠠᠷᠯᠢᠭ ᠲᠤ᠂ 《ᠳᠤᠯᠠᠭᠠᠨ ᠤ ᠡᠷᠴᠢᠮ ᠬᠦᠴᠦᠨ ᠦ ᠥᠰᠦᠨ ᠨᠡᠮᠡᠭᠳᠡᠵᠦ ᠪᠤᠢ ᠬᠡᠷᠡᠭᠴᠡᠭᠡ ᠢᠢ ᠨᠠᠢᠢᠳᠠᠪᠤᠷᠢᠲᠠᠢ ᠬᠠᠩᠭ᠋ᠠᠵᠤ᠂ ᠲᠧᠭᠨᠢᠭ ᠲᠧᠭᠨᠣᠯᠣᠭᠢ ᠢᠢᠨ ᠰᠢᠨᠡᠴᠢᠯᠡᠯ᠂ ᠡᠳ᠋ ᠍ ᠦᠨ ᠵᠠᠰᠠᠭ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭ᠍ᠰᠢᠯᠡᠭᠦᠯᠵᠦ᠂ ᠤᠯᠤᠰ ᠡᠬᠡ ᠣᠷᠣᠨ ᠤ ᠪᠠᠨ ᠡᠮᠦᠨ᠎ᠡ ᠬᠦᠯᠢᠶᠡᠭᠰᠡᠨ ᠡᠭᠦᠷᠭᠡ ᠪᠡᠨ ᠠᠮᠵᠢᠯᠲᠠᠲᠠᠢ ᠭᠦᠢᠴᠡᠳᠭᠡᠵᠦ ᠢᠷᠡᠭᠰᠡᠨ ᠲᠤᠰ ᠪᠠᠢᠢᠭᠤᠯᠤᠯᠭ᠎ᠠ ᠢᠢᠨ ᠦᠶ᠎ᠡ᠂ ᠦᠶ᠎ᠡ ᠢᠢᠨ ᠠᠵᠢᠯᠲᠠᠨ᠂ ᠠᠯᠪᠠᠨ ᠬᠠᠭᠠᠭᠴᠢ᠂ ᠢᠨ᠋ᠵᠧᠨᠧᠷ ᠲᠧᠭᠨᠢᠭ ᠦᠨ ᠠᠵᠢᠯᠴᠢᠳ  ᠤᠨ ᠬᠢᠴᠢᠶᠡᠯ ᠵᠢᠳᠬᠦᠯ ᠢ ᠦᠨᠡᠯᠡᠵᠦ ᠮᠣᠩᠭ᠋ᠣᠯ ᠤᠯᠤᠰ ᠤᠨ ᠲᠥᠷᠥ ᠢᠢᠨ ᠳᠡᠭᠡᠳᠦ ᠱᠠᠩᠨᠠᠯ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠰᠤᠭᠠᠢ》 ᠭᠡᠵᠦ ᠪᠢᠴᠢᠵᠡᠢ᠃

 

ᠡᠨᠡᠬᠦ ᠵᠠᠷᠯᠢᠭ ᠢ ᠤᠩᠰᠢᠵᠤ ᠲᠠᠨᠢᠯᠴᠠᠭᠤᠯᠤᠭᠰᠠᠨ ᠤ ᠳᠠᠷᠠᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢ ᠲᠤᠰ ᠪᠠᠢᠢᠭᠤᠯᠤᠯᠭ᠎ᠠ ᠢᠢᠨ ᠲᠤᠭ ᠲᠤ ᠬᠦᠨᠳᠦᠳᠬᠡᠯ ᠲᠡᠢ ᠪᠡᠷ ᠵᠡᠭᠦᠨ ᠥᠭᠴᠦ᠂ ᠪᠠᠲᠤᠯᠠᠮᠵᠢ ᠢᠢ ᠭᠠᠷᠳᠠᠭᠤᠯᠤᠨ 50 ᠵᠢᠯ ᠦᠨ ᠣᠢ ᠢᠢᠨ ᠪᠠᠶᠠᠷ ᠤᠨ ᠬᠤᠷᠠᠯ ᠢᠶᠠᠨ ᠬᠢᠵᠦ ᠪᠤᠢ ᠲᠤᠰ ᠪᠠᠢᠢᠭᠤᠯᠤᠯᠭ᠎ᠠ ᠢᠢᠨ ᠬᠠᠮᠲᠤ ᠣᠯᠠᠨ ᠳᠤ ᠪᠠᠶᠠᠷ ᠬᠦᠷᠭᠡᠵᠦ᠂ ᠦᠭᠡ ᠬᠡᠯᠡᠯ᠎ᠡ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠄

《ᠮᠣᠩᠭ᠋ᠣᠯ ᠤᠯᠤᠰ ᠤᠨ ᠡᠷᠴᠢᠮ ᠬᠦᠴᠦᠨ ᠦ ᠰᠠᠯᠪᠤᠷᠢ ᠢᠢᠨ ᠲᠡᠷᠢᠭᠦᠯᠡᠬᠦ ᠦᠢᠯᠡᠳᠪᠦᠷᠢ᠂ ᠭᠠᠯ ᠭᠣᠯᠣᠮᠲᠠ ᠪᠣᠯᠤᠭᠰᠠᠨ 《ᠳᠤᠯᠠᠭᠠᠨ ᠤ ᠭᠤᠷᠪᠠᠳᠤᠭᠠᠷ ᠴᠠᠬᠢᠯᠭᠠᠨ ᠰᠲ᠋ᠠᠨ᠋ᠼᠢ》 ᠢᠢᠨ ᠦᠶ᠎ᠡ ᠦᠶ᠎ᠡ ᠢᠢᠨ ᠠᠬᠠᠮᠠᠳ ᠤᠳ᠂ ᠠᠵᠢᠯᠲᠠᠨ᠂ ᠠᠯᠪᠠᠨ ᠬᠠᠭᠠᠭᠴᠢ᠂ ᠢᠨ᠋ᠵᠧᠨᠧᠷ ᠦᠳ ᠲᠠ ᠪᠦᠬᠦᠨ ᠳᠥ 50 ᠵᠢᠯ ᠦᠨ ᠲᠡᠦᠬᠡᠨ ᠣᠢ ᠢᠢᠨ ᠪᠠᠶᠠᠷ ᠤᠨ ᠮᠡᠨᠳᠦ ᠢᠢ ᠬᠦᠷᠭᠡᠶ᠎ᠡ᠃

 

ᠣᠳᠣ ᠠᠴᠠ 50 ᠵᠢᠯ ᠦᠨ ᠲᠡᠷᠲᠡᠭᠡ ᠳᠤᠯᠠᠭᠠᠨ ᠤ III ᠴᠠᠬᠢᠯᠭᠠᠨ ᠰᠲ᠋ᠠᠨ᠋ᠼᠢ ᠠᠰᠢᠭᠯᠠᠯᠲᠠ ᠳᠤ ᠣᠷᠣᠭᠰᠠᠨ ᠢᠶᠠᠷ ᠮᠣᠩᠭ᠋ᠣᠯ ᠤᠯᠤᠰ ᠤᠨ ᠬᠡᠮᠵᠢᠶᠡᠨ ᠳᠥ ᠴᠠᠬᠢᠯᠭᠠᠨ ᠡᠷᠴᠢᠮ ᠬᠦᠴᠦᠨ ᠦ ᠬᠠᠩᠭ᠋ᠠᠮᠵᠢ ᠢᠢ ᠨᠡᠮᠡᠭᠳᠡᠭᠦᠯᠵᠦ᠂ ᠨᠡᠢᠢᠰᠯᠡᠯ ᠬᠣᠲᠠ ᠥᠷᠭᠡᠵᠢᠨ ᠬᠥᠭ᠍ᠵᠢᠬᠦ ᠦᠨᠳᠦᠰᠦ ᠰᠠᠭᠤᠷᠢ ᠢᠢ ᠲᠠᠯᠪᠢᠵᠤ᠂ ᠤᠯᠤᠰ ᠣᠷᠣᠨ ᠳᠠᠶᠠᠭᠠᠷ ᠬᠦᠨᠳᠦ᠂ ᠬᠥᠩᠭᠡᠨ ᠦᠢᠯᠡᠳᠪᠦᠷᠢ ᠢᠢ ᠬᠥᠭ᠍ᠵᠢᠭᠦᠯᠬᠦ ᠪᠣᠯᠤᠮᠵᠢ ᠢᠢ ᠪᠤᠢ ᠪᠣᠯᠭᠠᠭᠰᠠᠨ᠃ ᠤᠯᠠᠭᠠᠨᠪᠠᠭᠠᠲᠤᠷ ᠬᠣᠲᠠ ᠳᠤ ᠮᠠᠯ ᠠᠵᠤ ᠠᠬᠤᠢ ᠢᠢᠨ ᠪᠦᠲᠦᠭᠡᠭ᠍ᠳᠡᠬᠦᠨ ᠠᠷᠠᠰᠤ ᠰᠢᠷᠢ᠂ ᠨᠣᠣᠰᠣ ᠨᠣᠯᠣᠤᠷ ᠢ ᠪᠣᠯᠪᠠᠰᠤᠷᠠᠭᠤᠯᠬᠤ ᠦᠢᠯᠡᠳᠪᠦᠷᠢ ᠨᠦᠭᠦᠳ ᠡᠷᠴᠢᠮᠲᠡᠢ ᠬᠥᠭ᠍ᠵᠢᠬᠦ ᠦᠨᠳᠦᠰᠦ ᠰᠠᠭᠤᠷᠢ ᠲᠠᠯᠪᠢᠭᠳᠠᠵᠤ᠂ ᠨᠣᠣᠰᠣᠨ ᠤ ᠦᠢᠯᠡᠳᠪᠦᠷᠢ ᠢᠢᠨ ᠨᠢᠭᠡᠳᠦᠯ᠂ ᠦᠰᠦᠯᠢᠭ ᠡᠳ᠋ᠯᠡᠯ ᠦᠨ᠂ ᠭᠤᠲᠤᠯ ᠤᠨ᠂ ᠡᠭᠡᠷᠡᠮᠡᠯ ᠦᠨ ᠦᠢᠯᠡᠳᠪᠦᠷᠢ᠂ 《ᠤᠯᠠᠭᠠᠨᠪᠠᠭᠠᠲᠤᠷ ᠬᠡᠪᠢᠰ》᠂ 《ᠭᠣᠪᠢ ᠺᠣᠮᠪᠢᠨᠠᠲ》᠂ ᠤᠭᠰᠠᠷᠠᠮᠠᠯ ᠪᠠᠢᠢᠰᠢᠩ ᠦᠢᠯᠡᠳᠪᠦᠷᠢᠯᠡᠯ ᠵᠡᠷᠭᠡ ᠦᠢᠯᠡᠳᠪᠦᠷᠢ ᠨᠦᠭᠦᠳ ᠪᠠᠷᠢᠭᠳᠠᠨ ᠠᠰᠢᠭᠯᠠᠯᠲᠠ ᠳᠤ ᠣᠷᠣᠵᠤ ᠠᠮᠵᠢᠯᠲᠠᠲᠠᠢ ᠠᠵᠢᠯᠯᠠᠨ᠂ ᠤᠯᠤᠰ ᠣᠷᠣᠨ ᠤ ᠬᠥᠭ᠍ᠵᠢᠯ ᠳᠥ ᠣᠨᠴᠠᠭᠠᠢ ᠬᠤᠪᠢ ᠨᠡᠮᠡᠷᠢ ᠣᠷᠣᠭᠤᠯᠤᠭᠰᠠᠨ ᠶᠤᠮ᠃ ᠲᠡᠭᠦᠨᠴᠢᠯᠡᠨ ᠳᠥᠷᠪᠡᠳᠦᠭᠡᠷ ᠴᠠᠬᠢᠯᠭᠠᠨ ᠰᠲ᠋ᠠᠨ᠋ᠼᠢ ᠢᠢ ᠠᠵᠢᠯᠯᠠᠭᠤᠯᠬᠤ ᠬᠦᠮᠦᠨ ᠦ ᠨᠥᠭᠡᠴᠡ ᠢᠢ ᠪᠡᠯᠡᠳᠬᠡᠵᠦ᠂ ᠲᠤᠰ ᠰᠲ᠋ᠠᠨ᠋ᠼᠢ ᠳᠤ ᠠᠵᠢᠯᠯᠠᠵᠤ ᠪᠠᠢᠢᠭᠰᠠᠨ ᠣᠯᠠᠨ ᠮᠡᠷᠭᠡᠵᠢᠯᠲᠡᠨ᠂ ᠢᠨ᠋ᠵᠧᠨᠧᠷ᠂ ᠠᠵᠢᠯᠴᠢᠳ ᠡᠷᠴᠢᠮ ᠬᠦᠴᠦᠨ ᠦ ᠰᠠᠯᠪᠤᠷᠢ ᠢᠢᠨ ᠪᠤᠰᠤᠳ ᠪᠠᠢᠢᠭᠤᠯᠤᠯᠭ᠎ᠠ ᠳᠤ ᠠᠮᠵᠢᠯᠲᠠᠲᠠᠢ ᠠᠵᠢᠯᠯᠠᠨ ᠰᠠᠯᠪᠤᠷᠢ ᠢᠢᠨ ᠢᠶᠠᠨ ᠬᠥᠭ᠍ᠵᠢᠯ ᠳᠥ ᠦᠨᠡᠲᠡᠢ ᠬᠤᠪᠢ ᠨᠡᠮᠡᠷᠢ ᠢᠢ ᠣᠷᠣᠭᠤᠯᠤᠭᠰᠠᠭᠠᠷ ᠪᠠᠢᠢᠨ᠎ᠠ᠃

 

ᠡᠨᠡᠬᠦ ᠪᠠᠢᠢᠭᠤᠯᠤᠭᠰᠠᠨ ᠭᠠᠪᠢᠶ᠎ᠠ ᠢᠢ ᠦᠨᠡᠯᠡᠵᠦ᠂ ᠴᠢᠨᠠᠭᠰᠢᠳᠠ ᠤᠯᠤᠰ ᠣᠷᠣᠨ ᠤ ᠪᠠᠨ ᠬᠥᠭ᠍ᠵᠢᠯ ᠳᠡᠪᠰᠢᠯ ᠳᠥ ᠭᠦᠢᠴᠡᠳᠭᠡᠬᠦ ᠡᠭᠦᠷᠭᠡ ᠪᠡᠨ ᠤᠯᠠᠮ ᠥᠷᠭᠡᠵᠢᠭᠦᠯᠦᠨ ᠲᠡᠯᠡᠵᠦ ᠠᠵᠢᠯᠯᠠᠬᠤ ᠢᠲᠡᠭᠡᠯ ᠬᠦᠯᠢᠶᠡᠯᠭᠡᠨ ᠳᠤᠯᠠᠭᠠᠨ ᠤ III ᠴᠠᠬᠢᠯᠭᠠᠨ ᠰᠲ᠋ᠠᠨ᠋ᠼᠢ ᠢᠢ ᠲᠡᠦᠬᠡᠲᠦ 50 ᠵᠢᠯ ᠦᠨ ᠣᠢ ᠢᠢ ᠲᠣᠬᠢᠶᠠᠯᠳᠤᠭᠤᠯᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠭᠰᠠᠨ ᠢ ᠭᠠᠷᠳᠠᠭᠤᠯᠤᠨ ᠥᠭ᠍ᠭᠦᠯ᠎ᠡ᠃

 

ᠳᠤᠯᠠᠭᠠᠨ᠂ ᠴᠠᠬᠢᠯᠭᠠᠨ ᠬᠡᠮᠡᠬᠦ ᠭᠠᠢᠢᠬᠠᠮᠰᠢᠭᠲᠤ ᠡᠨᠧᠷᠭᠢ ᠢᠢ ᠦᠢᠯᠡᠳᠪᠦᠷᠢᠯᠡᠬᠦ ᠬᠦᠨᠳᠦᠲᠡᠢ᠂ ᠬᠠᠷᠢᠭᠤᠴᠠᠯᠭᠠᠲᠠᠢ ᠡᠭᠦᠷᠭᠡ ᠢᠢ ᠨᠡᠷ᠎ᠡ ᠲᠥᠷᠦᠲᠡᠢ ᠪᠡᠷ ᠪᠡᠶᠡᠯᠡᠭᠦᠯᠵᠦ᠂ ᠬᠥᠳᠡᠯᠮᠦᠷᠢ ᠢᠢᠨ ᠭᠠᠪᠢᠶ᠎ᠠ ᠢᠢ ᠪᠠᠨ ᠦᠨᠡᠯᠡᠭᠦᠯᠵᠦ ᠪᠤᠢ ᠲᠠᠨᠠᠢ ᠬᠠᠮᠲᠤ ᠣᠯᠠᠨ ᠳᠤ ᠪᠠᠶᠠᠷ ᠬᠦᠷᠭᠡᠵᠦ᠂ ᠠᠮᠵᠢᠯᠲᠠ ᠪᠦᠲᠦᠭᠡᠯ᠂ ᠡᠷᠡᠭᠦᠯ ᠡᠩᠬᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ᠎ᠡ᠃

 

ᠮᠣᠩᠭ᠋ᠣᠯ ᠤᠯᠤᠰ ᠤᠨ ᠭᠠᠯ ᠭᠣᠯᠣᠮᠲᠠ ᠤᠯᠠᠮ ᠪᠠᠳᠠᠷᠠᠭ》 ᠭᠡᠪᠡ᠃